2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠥᠷᠪᠡᠳᠦᠭᠡᠷ ᠳᠡᠰ ᠤᠨ ᠬᠤᠯᠪᠣᠭᠠᠲᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/7/31
      7 ᠰᠠᠷ᠎ᠠ ᠶᠢᠨ 29 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠳᠥᠷᠪᠡᠳᠦᠭᠡᠷ ᠳᠡᠰ ᠤᠨ ᠬᠤᠯᠪᠣᠭᠠᠲᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠲᠤ ᠥᠨᠳᠦᠷᠯᠡᠪᠡ᠃

1.webp.png

2.webp.png

      7 ᠰᠠᠷ᠎ᠠ ᠶᠢᠨ 22 ᠤᠨ ᠡᠳᠦᠷ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠤᠷᠤᠯᠳᠤᠭᠠᠨ ᠳᠤ

ᠣᠷᠣᠯᠴᠠᠭᠰᠠᠨ ᠡᠯ᠎ᠡ ᠠᠩᠭᠢ ᠡᠷᠡᠮᠡᠬᠡᠶᠢᠯᠡᠨ ᠮᠥᠷᠦᠶᠢᠴᠡᠵᠦ᠂ ᠲᠠᠪᠤᠨ ᠡᠭᠡᠯᠵᠢ  ᠶᠢᠨ ᠳᠤᠭᠤᠶᠢᠯᠠᠩ ᠤᠨ

ᠤᠷᠤᠯᠳᠤᠭᠠᠨ ᠤ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠰᠣᠯᠪᠢᠴᠠᠯ ᠤᠷᠤᠯᠳᠤᠭᠠᠨ ᠤ ᠡᠩᠨᠡᠭᠡᠨ ᠳᠤ ᠠᠮᠵᠢᠯᠲᠠ

 ᠲᠠᠢ ᠳᠠᠪᠰᠢᠨ ᠣᠷᠣᠪᠠ᠃ 7 ᠰᠠᠷ᠎ᠠ ᠶᠢᠨ 27 - 28 ᠤ ᠡᠳᠦᠷ᠂ ᠰᠣᠯᠪᠢᠴᠠᠯ ᠤᠷᠤᠯᠳᠤᠭᠠᠨ ᠤ ᠱᠠᠲᠤᠨ ᠤ

ᠤᠷᠤᠯᠳᠤᠭᠠᠨ ᠰᠦᠷ ᠳᠠᠯᠠᠶᠢᠴᠠᠲᠠᠢ ᠶᠠᠪᠤᠭᠳᠠᠵᠤ᠂ ᠪᠢᠴᠢᠬᠠᠨ ᠬᠥᠯ ᠪᠥᠮᠪᠦᠭᠡᠴᠢᠳ ᠪᠣᠯᠪᠠᠰᠤᠷᠠᠩᠭᠤᠢ ᠪᠥᠭᠡᠳ

ᠯᠠᠪᠳᠠᠭᠤᠨ ᠪᠥᠮᠪᠥᠭᠡᠨ ᠮᠡᠷᠭᠡᠵᠢᠯ ᠢᠶᠠᠷ ᠥᠨᠳᠦᠷ ᠬᠢᠷᠢ ᠲᠦᠪᠰᠢᠨᠲᠦ ᠤᠷᠤᠯᠳᠤᠭᠠᠨ ᠪᠠ ᠨᠤᠭᠤᠷᠠᠰᠢ ᠦᠭᠡᠢ ᠲᠡᠮᠡᠴᠡᠬᠦ

ᠵᠣᠷᠢᠭ ᠰᠠᠨᠠᠭ᠎ᠠ ᠶᠢ ᠢᠯᠡᠷᠡᠭᠦᠯᠵᠦ᠂ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠤᠷᠤᠯᠳᠤᠭᠠᠨ ᠢ

ᠠᠪᠴᠢᠷᠠᠭᠰᠠᠨ ᠪᠠᠶᠢᠨ᠎ᠠ᠃

3.webp.png

4.webp.png

5.webp.png

      7 ᠰᠠᠷ᠎ᠠ ᠶᠢᠨ 29 ᠤ ᠡᠳᠦᠷ ᠤᠨ ᠰᠢᠯᠭᠠᠷᠠᠭᠤᠯᠤᠯᠲᠠ ᠳᠤ ᠡᠯ᠎ᠡ ᠠᠩᠭᠢ ᠶᠢᠨ ᠪᠢᠴᠢᠬᠠᠨ ᠪᠥᠮᠪᠦᠭᠡᠴᠢᠳ

ᠬᠦᠴᠦᠯᠡᠨ ᠴᠢᠷᠮᠠᠶᠢᠵᠤ᠂ ᠭᠦᠶᠦᠬᠦ ᠪᠦᠷᠢ᠂ ᠪᠥᠮᠪᠦᠭᠡ ᠳᠠᠮᠵᠢᠭᠤᠯᠬᠤ ᠪᠦᠷᠢ᠂ ᠡᠭᠦᠳᠡ ᠤᠷᠤᠭᠤ ᠪᠥᠮᠪᠦᠭᠡ ᠢᠰᠭᠦᠯᠬᠦ

ᠪᠦᠷᠢ ᠴᠥᠮ ᠲᠡᠳᠡᠨ ᠤ ᠬᠥᠯ ᠪᠥᠮᠪᠦᠭᠡᠨ ᠳᠤ ᠰᠢᠩᠭᠡᠭᠡᠭᠰᠡᠨ ᠬᠠᠶᠢᠷ᠎ᠠ ᠪᠠ ᠪᠠᠷᠢᠮᠲᠠᠯᠠᠯ᠂ ᠢᠯᠠᠬᠤ ᠬᠦᠰᠡᠯ ᠪᠠ

ᠬᠥᠭᠡᠭᠡᠴᠡᠯᠳᠦᠯ ᠲᠣᠳᠤᠷᠠᠵᠤ ᠪᠠᠶᠢᠯ᠎ᠠ᠃ ᠡᠴᠦᠰ ᠲᠤ᠂ ᠣᠷᠳᠣᠰ ᠬᠤᠲᠠ ᠶᠢᠨ ᠳᠠᠯᠠᠳ ᠬᠤᠰᠢᠭᠤᠨ ᠤ ᠳᠣᠯᠣᠳᠤᠭᠠᠷ

ᠪᠠᠭ᠎ᠠ ᠰᠤᠷᠭᠠᠭᠤᠯᠢ ᠪᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ

ᠲᠤᠰ ᠲᠤᠰ ᠡᠮᠡᠭᠲᠡᠢ ᠶᠢᠨ ᠳᠤᠭᠤᠶᠢᠯᠠᠩ ᠪᠠ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠵᠤ᠂ ᠭᠠᠷᠮᠠᠭᠠᠢ ᠢᠯᠡᠷᠡᠯ ᠪᠠ

ᠪᠦᠯᠬᠦᠮ ᠨᠡᠶᠢᠲᠡ ᠶᠢᠨ ᠬᠠᠮᠵᠢᠯᠴᠠᠭ᠎ᠠ ᠨᠢ ᠬᠠᠮᠤᠭ ᠤᠨ ᠳᠡᠭᠡᠳᠦ ᠢᠷᠠᠭᠤ ᠠᠯᠳᠠᠷ ᠢ ᠭᠦᠷᠲᠡᠭᠡᠪᠡ᠃ ᠡᠭᠦᠨ ᠤ ᠬᠠᠮᠲᠤ᠂

ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠢᠶᠧ ᠰᠢ ᠨᠢᠭᠡᠳᠦᠭᠡᠷ ᠪᠠᠭ᠎ᠠ ᠰᠤᠷᠭᠠᠭᠤᠯᠢ᠂ ᠬᠢᠩᠭᠠᠨ ᠠᠶᠢᠮᠠᠭ ᠤᠨ

ᠲᠦᠴᠢᠦᠸᠠᠨ ᠰᠢᠶᠠᠨ ᠤ ᠲᠦᠴᠢᠦᠸᠠᠨ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ᠂ ᠰᠢᠯᠢ ᠶᠢᠨ ᠭᠤᠣᠯ

ᠠᠶᠢᠮᠠᠭ ᠤᠨ ᠰᠢᠯᠢ ᠶᠢᠨ ᠬᠤᠲᠠ ᠶᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ ᠪᠣᠯᠤᠨ ᠬᠥᠬᠡᠬᠤᠲᠠ ᠶᠢᠨ ᠰᠠᠶᠢᠬᠠᠨ

ᠲᠣᠭᠤᠷᠢᠭ ᠤᠨ ᠲᠧᠩ ᠹᠧᠢ ᠵᠠᠮ ᠤᠨ ᠪᠠᠭ᠎ᠠ ᠰᠤᠷᠭᠠᠭᠤᠯᠢ ᠲᠤᠰ ᠲᠤᠰ ᠡᠮᠡᠭᠲᠡᠢ ᠶᠢᠨ ᠳᠤᠭᠤᠶᠢᠯᠠᠩ ᠪᠣᠯᠤᠨ

ᠡᠷᠡᠭᠲᠡᠢ ᠶᠢᠨ ᠳᠤᠭᠤᠶᠢᠯᠠᠩ ᠤᠨ ᠬᠤᠶᠠᠳᠤᠭᠠᠷ᠂ ᠭᠤᠳᠠᠭᠠᠷ ᠲᠤ ᠲᠣᠳᠤᠷᠠᠪᠠ᠃

6.webp.png

             ᠡᠮᠡᠭᠲᠡᠢ ᠶᠢᠨ ᠳᠤᠭᠤᠶᠢᠯᠠᠩ ᠤᠨ ᠮᠠᠩᠯᠠᠢ ᠣᠷᠳᠣᠰ ᠬᠤᠲᠠ ᠶᠢᠨ

             ᠳᠠᠯᠠᠳ ᠬᠤᠰᠢᠭᠤᠨ ᠤ ᠳᠣᠯᠣᠳᠤᠭᠠᠷ ᠪᠠᠭ᠎ᠠ ᠰᠤᠷᠭᠠᠭᠤᠯᠢ

7.webp.png

              ᠡᠮᠡᠭᠲᠡᠢ ᠶᠢᠨ ᠳᠤᠭᠤᠶᠢᠯᠠᠩ ᠤᠨ ᠳᠡᠳ᠋ ᠬᠢᠩᠭᠠᠨ ᠠᠶᠢᠮᠠᠭ ᠤᠨ

              ᠤᠯᠠᠭᠠᠨᠬᠤᠲᠠ ᠶᠢᠨ ᠲᠢᠶᠧ ᠰᠢ ᠨᠢᠭᠡᠳᠦᠭᠡᠷ ᠪᠠᠭ᠎ᠠ ᠰᠤᠷᠭᠠᠭᠤᠯᠢ

8.webp.png

              ᠡᠮᠡᠭᠲᠡᠢ ᠶᠢᠨ ᠳᠤᠭᠤᠶᠢᠯᠠᠩ ᠤᠨ ᠭᠤᠲᠠᠭᠠᠷ ᠬᠢᠩᠭᠠᠨ ᠠᠶᠢᠮᠠᠭ ᠤᠨ ᠲᠦᠴᠢᠦᠸᠠᠨ

              ᠰᠢᠶᠠᠨ ᠤ ᠲᠦᠴᠢᠦᠸᠠᠨ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ

9.webp.png

              ᠡᠷᠡᠭᠲᠡᠢ ᠶᠢᠨ ᠳᠤᠭᠤᠶᠢᠯᠠᠩ ᠤᠨ ᠮᠠᠩᠯᠠᠢ ᠣᠷᠳᠣᠰ ᠬᠤᠲᠠ ᠶᠢᠨ

              ᠳ᠋ᠦᠩᠱᠧᠩ ᠲᠣᠭᠤᠷᠢᠭ ᠤᠨ ᠳᠤᠷᠰᠢᠯᠲᠠ ᠶᠢᠨ ᠪᠠᠭ᠎ᠠ ᠰᠤᠷᠭᠠᠭᠤᠯᠢ

10.webp.png

              ᠡᠷᠡᠭᠲᠡᠢ ᠶᠢᠨ ᠳᠤᠭᠤᠶᠢᠯᠠᠩ ᠤᠨ ᠳᠡᠳ᠋ ᠰᠢᠯᠢ ᠶᠢᠨ ᠭᠤᠣᠯ ᠠᠶᠢᠮᠠᠭ ᠤᠨ            

              ᠰᠢᠯᠢ ᠶᠢᠨ ᠬᠤᠲᠠ ᠶᠢᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ

11.webp.png

              ᠡᠷᠡᠭᠲᠡᠢ ᠶᠢᠨ ᠳᠤᠭᠤᠶᠢᠯᠠᠩ ᠤᠨ ᠭᠤᠲᠠᠭᠠᠷ ᠬᠥᠬᠡᠬᠤᠲᠠ ᠶᠢᠨ ᠰᠠᠶᠢᠬᠠᠨ

              ᠲᠣᠭᠤᠷᠢᠭ ᠤᠨ ᠲᠧᠩ ᠹᠧᠢ ᠵᠠᠮ ᠤᠨ ᠪᠠᠭ᠎ᠠ ᠰᠤᠷᠭᠠᠭᠤᠯᠢ

   

      ᠡᠨᠡ ᠤᠳᠠᠭᠠᠨ ᠤ ᠤᠷᠤᠯᠳᠤᠭᠠᠨ ᠪᠣᠯ ᠮᠠᠨ ᠤ ᠣᠷᠣᠨ ᠤ ᠵᠠᠯᠠᠭᠤᠴᠤᠳ ᠪᠠᠭᠠᠴᠤᠳ  ᠤᠨ ᠬᠥᠯ ᠪᠥᠮᠪᠦᠭᠡᠨ ᠤ

ᠬᠢᠷᠢ ᠲᠦᠪᠰᠢᠨ ᠤ ᠪᠦᠬᠦ ᠲᠠᠯ᠎ᠠ ᠶᠢᠨ ᠰᠢᠯᠭᠠᠯᠲᠠ ᠪᠣᠯᠤᠭᠰᠠᠨ ᠢᠶᠠᠷ ᠪᠠᠷᠠᠬᠤ ᠦᠭᠡᠢ᠂ ᠨᠡᠩ ᠴᠤ ᠵᠠᠯᠠᠭᠤᠴᠤᠳ

ᠪᠠᠭᠠᠴᠤᠳ ᠤᠨ ᠵᠣᠷᠢᠯᠲᠠ ᠬᠡᠪ ᠴᠢᠨᠠᠷ᠂ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭᠠᠨ ᠤ ᠴᠢᠬᠤᠯᠠ

ᠪᠣᠯᠪᠠᠰᠤᠷᠠᠯ ᠪᠣᠯᠤᠨ᠎ᠠ᠃ ᠪᠢᠳᠡ ᠳᠠᠷᠠᠭ᠎ᠠ ᠤᠳᠠᠭᠠᠨ ᠤ ᠤᠷᠤᠯᠳᠤᠭᠠᠨ ᠤ ᠠᠮᠵᠢᠯᠲᠠ ᠬᠦᠰᠡᠵᠦ᠂ ᠪᠢᠴᠢᠬᠠᠨ ᠬᠥᠯ

ᠪᠥᠮᠪᠦᠭᠡᠴᠢᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠮᠥᠷᠦᠶᠢᠴᠡᠭᠡᠨ ᠢ ᠤᠭᠲᠤᠵᠤ᠂ ᠳᠠᠬᠢᠨᠲᠠ

ᠰᠢᠯᠢᠳᠡᠭ ᠠᠮᠵᠢᠯᠲᠠ ᠣᠯᠬᠤ ᠶᠢ ᠪᠠᠲᠤ ᠢᠲᠡᠭᠡᠵᠦ ᠪᠠᠶᠢᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map