ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠪᠠᠭᠤᠴᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/7/5

1.png

      7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103            

ᠵᠢᠯ ᠤᠨ ᠣᠢ ᠶᠢᠨ ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠥᠷ

ᠮᠣᠩᠭᠤᠯ ᠤᠨ ᠴᠡᠷᠢᠭ ᠤᠨ ᠲᠣᠭᠤᠷᠢᠭ ᠤᠨ ᠳᠠᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ

ᠳᠣᠪᠴᠢᠶ᠎ᠠ ᠲᠠᠢ ᠬᠠᠮᠲᠤᠷᠠᠨ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ

ᠬᠤᠭᠤᠴᠠᠭᠠᠨ ᠤ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠪᠠᠭᠤᠴᠠ ᠶᠢᠨ ᠠᠵᠢᠯᠯᠠᠭ᠎ᠠ ᠥᠪᠥᠷ ᠮᠣᠩᠭᠤᠯ ᠤᠨ

ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠡᠬᠢᠯᠡᠪᠡ᠃

      ᠲᠤᠰ ᠬᠤᠭᠤᠴᠠᠭᠠᠨ ᠤ ᠴᠡᠷᠢᠭ ᠤᠨ ᠪᠣᠯᠪᠠᠰᠤᠷᠠᠯ ᠤᠨ ᠪᠠᠭᠤᠴᠠ ︽ᠤᠯᠤᠰ ᠤᠨ ᠪᠠᠲᠤᠯᠠᠨ ᠬᠠᠮᠠᠭᠠᠯᠠᠯᠲᠠ ᠶᠢ

ᠬᠠᠶᠢᠷᠠᠯᠠᠵᠤ᠂ ᠤᠮᠠᠷᠠᠲᠤ ᠬᠢᠯᠢ ᠳᠤ ᠬᠦᠰᠡᠯ ᠢᠶᠠᠨ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠵᠤ᠂ ᠪᠦᠬᠦ ᠣᠷᠣᠨ ᠤ

20 ᠶᠡᠭᠡ ᠳᠡᠭᠡᠳᠦ ᠰᠤᠷᠭᠠᠭᠤᠯᠢ᠂ 12 ᠠᠶᠢᠮᠠᠭ ᠬᠤᠲᠠ ᠶᠢᠨ 20 ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ 346 ᠰᠤᠷᠤᠭᠴᠢ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠤᠨ ᠪᠠᠭᠤᠴᠠ ᠨᠢ ᠶᠣᠰᠣ

ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠪᠣᠯᠤᠨ ᠴᠡᠷᠢᠭ ᠢ ᠬᠦᠴᠦᠷᠬᠡᠭᠵᠢᠭᠦᠯᠬᠦ

ᠬᠠᠷᠠᠯᠲᠠ ᠶᠢᠨ ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠬᠥᠩᠭᠡᠨ ᠵᠡᠪᠰᠡᠭ ᠤᠨ ᠫᠤᠤᠳᠠᠯᠭ᠎ᠠ᠂ ᠪᠠᠶᠢᠯᠳᠤᠬᠤ

ᠠᠷᠭ᠎ᠠ ᠶᠢᠨ ᠦᠨᠳᠦᠰᠦᠨ ᠬᠥᠳᠡᠯᠦᠯ᠂ ᠳᠠᠶᠢᠨ ᠤ ᠲᠠᠯᠠᠪᠤᠷ ᠤᠨ ᠡᠮᠴᠢᠯᠡᠭᠡᠨ  ᠤ ᠠᠪᠤᠷᠠᠯᠲᠠ᠂ ᠴᠠᠬᠢᠯᠭᠠᠨ ᠰᠣᠷᠢᠨᠵᠢᠨ

ᠳᠠᠪᠲᠠᠮᠵᠢ ᠶᠢᠨ ᠵᠢᠭᠰᠠᠯ ᠤᠨ ᠬᠢᠨᠠᠨ ᠰᠢᠯᠭᠠᠯᠲᠠ᠂ ᠵᠢᠷᠤᠭ ᠲᠠᠨᠢᠵᠤ ᠵᠢᠷᠤᠭ ᠬᠡᠷᠡᠭᠯᠡᠬᠦ ᠵᠡᠷᠭᠡ ᠴᠡᠷᠢᠭ ᠤᠨ ᠶᠠᠪᠤᠳᠠᠯ ᠤᠨ

ᠤᠷ᠎ᠠ ᠴᠢᠳᠠᠪᠤᠷᠢ ᠶᠢᠨ ᠦᠢᠯᠡᠳᠦᠯᠭᠡ ᠵᠢᠴᠢ ᠵᠣᠬᠢᠶᠠᠨ ᠪᠠᠶᠢᠭᠤᠯᠵᠤ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂

ᠴᠡᠷᠢᠭ ᠤᠨ ᠪᠠᠭᠤᠴᠠᠨ ᠳᠤ ᠰᠣᠶᠣᠯ ᠤᠨ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂

ᠰᠤᠷᠤᠭᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂

ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠥᠲᠥᠯᠥᠨ ᠳᠠᠭᠠᠭᠤᠯᠵᠤ᠂

ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠠᠭᠤᠤ ᠦᠢᠯᠡᠰ ᠲᠤ ᠪᠠᠲᠤ ᠪᠠᠬᠢ ᠬᠦᠴᠦᠨ

ᠴᠢᠳᠠᠯ ᠢ ᠪᠣᠶᠢᠵᠢᠭᠤᠯᠵᠤ ᠥᠭᠪᠡ᠃

      ᠪᠣᠯᠪᠠᠰᠤᠷᠠᠯ ᠤᠨ ᠪᠠᠭᠤᠴᠠ ᠶᠢᠨ ᠠᠵᠢᠯᠯᠠᠭ᠎ᠠ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂

ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠰᠤᠷᠭᠠᠭᠴᠢ ᠶᠢᠨ ᠳᠠᠭᠠᠭᠤᠯᠭ᠎ᠠ ᠪᠠᠷ ᠨᠢᠭᠡ ᠭᠠᠷᠠᠭ

ᠪᠣᠯᠪᠠᠰᠤᠷᠠᠭᠤᠯᠤᠨ᠎ᠠ᠃ 

   

2.jpg

      ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠪᠦᠬᠦ            

ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠬᠢ ᠰᠤᠷᠪᠤᠯᠵᠢ ᠪᠣᠯᠤᠨ ᠰᠠᠭᠤᠷᠢ          

ᠪᠣᠯᠤᠨ᠎ᠠ᠃ ᠣᠶᠢᠷ᠎ᠠ ᠶᠢᠨ ᠵᠢᠯ᠂ ᠮᠠᠨ ᠤ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ  ᠤᠨ ᠠᠵᠢᠯ ᠢ ᠢᠳᠡᠪᠬᠢᠲᠡᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ

ᠣᠨᠴᠠᠯᠢᠭᠲᠤ ᠰᠤᠷᠭᠠᠭᠤᠯᠢ ᠶᠢ ᠴᠢᠷᠮᠠᠶᠢᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ

ᠤᠬᠠᠭᠤᠯᠤᠨ ᠲᠠᠶᠢᠯᠪᠤᠷᠢᠯᠠᠬᠤ ᠪᠠ ︽ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ︾ ᠭᠤᠣᠯ ᠰᠡᠳᠦᠪᠲᠦ

ᠶᠠᠷᠢᠶ᠎ᠠ ᠵᠡᠷᠭᠡ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠲᠠᠰᠤᠷᠠᠯᠲᠠ

ᠥᠬᠡᠶ ᠴᠢᠩᠭᠠᠳᠬᠠᠪᠠ᠃ ᠴᠡᠷᠢᠭ ᠤᠨ ᠪᠣᠯᠪᠠᠰᠤᠷᠠᠯ ᠤᠨ ᠪᠠᠭᠤᠴᠠ ᠶᠢᠨ ᠠᠵᠢᠯᠯᠠᠭ᠎ᠠ ᠶᠢ ᠥᠷᠨᠢᠭᠦᠯᠬᠦ ᠪᠣᠯ ᠮᠠᠨ ᠤ

ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠬᠤ ᠪᠠᠰᠠ ᠨᠢᠭᠡᠨ ᠴᠢᠬᠤᠯᠠ ᠠᠷᠭ᠎ᠠ

ᠬᠡᠮᠵᠢᠶ᠎ᠡ ᠪᠣᠯᠤᠨ᠎ᠠ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map