ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 2 ᠤᠨ ᠡᠳᠦᠷ᠂ ᠪᠦᠬᠦ ᠣᠷᠣᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ              ᠶᠢᠨ ᠪᠠᠭᠰᠢ ᠶᠢ ᠠᠵᠢᠯ ᠤᠨ ᠪᠠᠶᠢᠷᠢ ᠲᠠᠭᠠᠵᠦ ᠪᠣᠯᠪᠠᠰᠤᠷᠠᠭᠤᠯᠬᠤ ᠠᠵᠢᠯ ᠢ ᠤᠯᠠᠭᠠᠨᠬᠠᠳᠠ ᠬᠤᠲᠠ ᠳᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃        

1.webp .png

      ᠡᠨᠡ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠳᠥᠷᠪᠡᠨ ᠡᠳᠦᠷ ᠪᠠᠶᠢᠵᠤ᠂ ᠠᠶᠢᠮᠠᠭ ᠬᠤᠲᠠ᠂ ᠬᠤᠰᠢᠭᠤ

ᠰᠢᠶᠠᠨ ︵ᠬᠤᠲᠠ᠂ ᠲᠣᠭᠤᠷᠢᠭ︶᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠥᠯᠥᠭᠡᠯᠡᠭᠴᠢ ᠰᠠᠨᠠᠯ ᠢᠶᠠᠨ

ᠰᠣᠯᠢᠯᠴᠠᠨ᠂ ᠠᠳᠠᠯᠢ ᠪᠤᠰᠤ ᠳᠠᠪᠬᠤᠷᠭ᠎ᠠ ᠠᠴᠠ ᠲᠤᠰ ᠭᠠᠵᠠᠷ ᠲᠤᠰ ᠰᠤᠷᠭᠠᠭᠤᠯᠢ ᠶᠢᠨ ᠣᠨᠴᠠᠭᠠᠢ ᠰᠤᠷᠭᠠᠨ

ᠬᠥᠮᠦᠵᠢᠯ ᠤᠨ ᠠᠵᠢᠯ ᠤᠨ ᠭᠢᠯᠠᠰ ᠴᠡᠭ᠂ ᠲᠣᠪᠤᠶᠢᠮ᠎ᠠ ᠦᠷ᠎ᠡ ᠪᠦᠲᠦᠮᠵᠢ ᠵᠢᠴᠢ ᠨᠡᠶᠢᠲᠡᠯᠢᠭ ᠲᠤᠷᠰᠢᠯᠭ᠎ᠠ ᠶᠢ

ᠲᠠᠨᠢᠯᠴᠠᠭᠤᠯᠪᠠ᠃ ᠪᠣᠯᠪᠠᠰᠤᠷᠠᠯ ᠤᠨ ᠰᠡᠭᠦᠯᠴᠢ ᠶᠢᠨ ᠬᠤᠭᠤᠴᠠᠭᠠᠨ ᠳᠤ ᠪᠠᠰᠠ ᠪᠦᠬᠦ ᠤᠯᠤᠰ ᠤᠨ ᠣᠨᠴᠠᠭᠠᠢ

ᠰᠤᠷᠭᠠᠨ ᠬᠥᠮᠦᠵᠢᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠢ ᠤᠷᠢᠨ ᠲᠤᠰᠬᠠᠢ ᠰᠡᠳᠦᠪᠲᠦ ᠲᠠᠶᠢᠯᠤᠮᠵᠢ ᠬᠢᠯᠭᠡᠨ᠂

ᠪᠠᠭᠰᠢ ᠨᠠᠷ ᠢ ᠵᠣᠬᠢᠶᠠᠨ ᠪᠠᠶᠢᠭᠤᠯᠤᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ ᠣᠴᠢᠭᠤᠯᠤᠨ

ᠠᠵᠢᠯ ᠤᠨ ᠪᠠᠶᠢᠷᠢ ᠳᠠᠭᠠᠭᠤᠯᠤᠨ ᠪᠣᠯᠪᠠᠰᠤᠷᠠᠭᠤᠯᠪᠠ᠃

      ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠤᠯᠠᠭᠠᠨᠬᠠᠳᠠ ᠬᠤᠲᠠ ᠶᠢᠨ ᠣᠨᠴᠠᠭᠠᠢ ᠰᠤᠷᠭᠠᠨ

ᠬᠥᠮᠦᠵᠢᠯ ᠤᠨ ᠰᠤᠷᠭᠠᠭᠤᠯᠢ ᠳᠤ ᠬᠦᠷᠴᠦ ᠬᠢᠴᠢᠶᠡᠯ ᠲᠥᠷᠦᠯ ᠪᠠ ᠬᠢᠴᠢᠶᠡᠯ ᠤᠨ ᠲᠠᠩᠬᠢᠮ ᠤᠨ ᠠᠭᠤᠰᠤᠯᠴᠠᠭ᠎ᠠ

ᠵᠢᠴᠢ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠠᠬᠤᠢ ᠲᠠᠯᠠᠪᠠᠢ ᠳᠤ ᠰᠣᠨᠢᠷᠬᠠᠵᠤ᠂ ᠡᠯ᠎ᠡ ᠠᠶᠢᠮᠠᠭ ᠬᠤᠲᠠ

ᠲᠤᠰ ᠲᠤᠰ ᠣᠨᠴᠠᠭᠠᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠢᠯᠢᠳᠡᠭ ᠦᠷ᠎ᠡ ᠪᠦᠲᠦᠭᠡᠯ ᠢᠶᠠᠨ

ᠳᠡᠯᠭᠡᠨ ᠦᠵᠡᠭᠦᠯᠪᠡ᠃

   

2.webp.png

  

3.webp.png

      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠣᠨᠴᠠᠭᠠᠢ ᠰᠤᠷᠭᠠᠨ ᠬᠥᠮᠦᠵᠢᠯ ᠢ

ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠪᠠᠲᠤᠯᠠᠭᠠᠨ ᠤ

ᠳᠣᠭᠲᠠᠯᠴᠠᠭ᠎ᠠ ᠶᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠬᠦ᠂ ᠡᠯ᠎ᠡ ᠱᠠᠲᠤᠨ ᠤ ᠪᠡᠯᠡ ᠮᠥᠩᠭᠦᠨ ᠤ

ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠬᠦ᠂ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠢ ᠠᠬᠢᠭᠤᠯᠬᠤ᠂ ᠪᠠᠭᠰᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠵᠢᠴᠢ ᠰᠤᠷᠤᠭᠴᠢᠳ ᠤᠨ

ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠵᠡᠷᠭᠡ ᠲᠠᠯ᠎ᠠ ᠪᠠᠷ ᠴᠥᠮ ᠢᠯᠡᠳᠲᠡ ᠦᠷ᠎ᠡ

ᠪᠦᠲᠦᠮᠵᠢ ᠣᠯᠪᠠ᠃ ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠮᠠᠨ ᠤ ᠣᠷᠣᠨ ᠤ ᠣᠨᠴᠠᠭᠠᠢ ᠰᠤᠷᠭᠠᠨ

ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠢᠷᠢ ᠲᠦᠪᠰᠢᠨ ᠪᠠ ᠬᠢᠴᠢᠶᠡᠯ  ᠤᠨ ᠵᠢᠭᠠᠨ ᠰᠤᠷᠭᠠᠯᠲᠠ ᠶᠢᠨ

ᠰᠤᠳᠤᠯᠭᠠᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠮᠠᠨ ᠤ ᠣᠷᠣᠨ ᠤ ᠣᠨᠴᠠᠭᠠᠢ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠬᠦ ᠣᠷᠣᠨ ᠤ ᠡᠯ᠎ᠡ

ᠭᠠᠵᠠᠷ ᠤᠨ ᠡᠯ᠎ᠡ ᠰᠤᠷᠭᠠᠭᠤᠯᠢ ᠶᠢᠨ ᠬᠢᠨ ᠣᠨᠴᠠᠭᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠴᠢᠬᠤᠯᠠ

ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ

ᠣᠨᠴᠠᠭᠠᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠠᠴᠠ

ᠭᠠᠷᠳᠠᠵᠤ᠂ ᠠᠯᠪᠠᠨ ᠵᠢᠷᠤᠮ  ᠤᠨ ᠰᠤᠷᠭᠠᠨ ᠬᠥᠮᠦᠵᠢᠯ ᠢ ᠦᠷᠭᠦᠯᠵᠢᠯᠡᠨ ᠪᠠᠬᠢᠵᠢᠭᠦᠯᠬᠦ᠂ ᠰᠤᠷᠤᠯᠭ᠎ᠠ ᠶᠢᠨ

ᠬᠤᠭᠤᠴᠠᠭᠠᠨ ᠤ ᠦᠢᠯᠡᠴᠢᠯᠡᠭᠡ ᠶᠢ ᠢᠳᠡᠪᠬᠢᠲᠡᠢ ᠥᠷᠭᠡᠳᠬᠡᠬᠦ᠂ ᠠᠭᠤᠰᠤᠯᠴᠠᠨ ᠬᠥᠭᠵᠢᠬᠦ ᠶᠢ ᠪᠦᠬᠦ ᠲᠠᠯ᠎ᠠ ᠪᠠᠷ

ᠭᠦᠨᠵᠡᠭᠡᠶᠢᠷᠡᠭᠦᠯᠬᠦ᠂ ᠴᠢᠨᠠᠷ ᠴᠢᠨᠰᠠᠭ᠎ᠠ ᠶᠢ ᠦᠨᠡᠯᠡᠬᠦ ᠥᠭᠡᠷᠡᠴᠢᠯᠡᠯᠲᠡ ᠶᠢ ᠠᠬᠢᠭᠤᠯᠬᠤ᠂ ᠪᠠᠲᠤᠯᠠᠭᠠᠨ  ᠤ

ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ

ᠵᠡᠷᠭᠡ ᠵᠢᠷᠭᠤᠭᠠᠨ ᠲᠠᠯ᠎ᠠ ᠪᠠᠷ ᠬᠦᠴᠦᠯᠡᠵᠦ᠂ ᠣᠨᠴᠠᠭᠠᠢ ᠬᠡᠦᠬᠡᠳ ᠢ ᠬᠠᠮᠤᠭ ᠤᠨ ᠶᠡᠭᠡ ᠬᠡᠮᠵᠢᠶ᠎ᠡ ᠪᠠᠷ

ᠬᠥᠭᠵᠢᠭᠦᠯᠬᠦ ᠶᠢ ᠬᠠᠮᠲᠤ ᠳᠤ ᠪᠠᠨ ᠠᠬᠢᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ

ᠰᠠᠶᠢᠲᠤᠷ ᠡᠷᠬᠢᠯᠡᠬᠦ ᠬᠡᠷᠡᠭᠲᠡᠢ ᠭᠡᠵᠦ ᠱᠠᠭᠠᠷᠳᠠᠪᠠ᠃

      ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠪᠢᠳᠠᠨ

ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠣᠨᠴᠠᠭᠠᠢ

ᠰᠤᠷᠭᠠᠨ ᠬᠥᠮᠦᠵᠢᠯ ᠢ ᠬᠠᠮᠢᠶᠠᠷᠬᠤ ᠺᠠᠳ᠋ᠷ᠂ ᠵᠢᠭᠠᠬᠤ  ᠶᠢ ᠰᠤᠳᠤᠯᠤᠭᠴᠢ᠂ ᠣᠨᠴᠠᠭᠠᠢ ᠰᠤᠷᠭᠠᠨ ᠬᠥᠮᠦᠵᠢᠯ ᠤᠨ

ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ  ᠶᠢᠨ ᠲᠥᠯᠥᠭᠡᠯᠡᠭᠴᠢ 200 ᠭᠠᠷᠤᠢ ᠬᠥᠮᠦᠨ ᠪᠣᠯᠪᠠᠰᠤᠷᠠᠯ ᠳᠤ

ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map