2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ          ᠳᠤᠭᠤᠶᠢᠯᠠᠩ︶ ᠥᠨᠳᠦᠷᠯᠡᠪᠡ
ᠨᠡᠶᠢᠲᠡᠯᠡᠭᠰᠡᠨ ᠴᠠᠭ᠄
2024/7/5
      7 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠡᠷᠡᠭᠵᠢᠭᠦᠯᠦᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ︵ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ ᠳᠤᠭᠤᠶᠢᠯᠠᠩ︶ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠥᠨᠳᠥᠷᠯᠡᠪᠡ᠃

1.png

2.png

      ᠡᠨᠡ ᠤᠳᠠᠭᠠᠨ ᠤ ᠤᠷᠤᠯᠳᠤᠭᠠᠨ 7 ᠡᠳᠦᠷ ᠶᠠᠪᠤᠭᠳᠠᠵᠤ᠂ 6 ᠰᠠᠷ᠎ᠠ ᠶᠢᠨ 25 - 7 ᠰᠠᠷ᠎ᠠ ᠶᠢᠨ 1 ᠤ

ᠡᠳᠦᠷ ᠪᠣᠯᠲᠠᠯ᠎ᠠ ᠪᠦᠬᠦ ᠤᠷᠤᠯᠳᠤᠭᠠᠨ ᠳᠠᠭᠤᠰᠴᠤ᠂ 7 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠣᠷᠣᠯᠴᠠᠨ᠂

ᠡᠭᠦᠨ ᠳᠤ ᠡᠷᠡᠭᠲᠡᠢ ᠶᠢᠨ ᠳᠤᠭᠤᠶᠢᠯᠠᠩ 7᠂ ᠡᠮᠡᠭᠲᠡᠢ ᠶᠢᠨ ᠳᠤᠭᠤᠶᠢᠯᠠᠩ 5᠂ ᠣᠷᠣᠯᠴᠠᠭᠰᠠᠨ ᠲᠠᠮᠢᠷᠴᠢᠨ 233

ᠪᠤᠢ᠃ ᠤᠷᠤᠯᠳᠤᠭᠠᠨ ᠳᠤ ᠳᠠᠩ ᠡᠭᠡᠯᠵᠢᠲᠦ ᠤᠷᠤᠯᠳᠤᠭᠠᠨ ᠤ ᠳᠦᠷᠢᠮ ᠢ ᠬᠡᠷᠡᠭᠯᠡᠵᠦ᠂ 31 ᠲᠠᠯᠠᠪᠤᠷ

ᠮᠥᠷᠦᠶᠢᠴᠡᠯᠳᠦᠪᠡ᠃ ᠡᠷᠡᠭᠲᠡᠢ ᠶᠢᠨ ᠳᠤᠭᠤᠶᠢᠯᠠᠩ ᠤᠨ ᠤᠷᠤᠯᠳᠤᠭᠠᠨ 7 ᠰᠠᠷ᠎ᠠ ᠶᠢᠨ 1 ᠤ ᠡᠳᠦᠷ ᠳᠠᠭᠤᠰᠴᠤ᠂

ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠮᠠᠩᠯᠠᠶᠢᠯᠠᠪᠠ︔

ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ 6 ᠰᠠᠷ᠎ᠠ ᠶᠢᠨ 29 ᠤ ᠡᠳᠦᠷ ᠳᠠᠭᠤᠰᠴᠤ᠂ ᠥᠪᠥᠷ ᠮᠣᠩᠭᠤᠯ ᠤᠨ

ᠶᠡᠭᠡ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠠᠪᠢᠶᠠᠰ ᠴᠢᠳᠠᠪᠤᠷᠢ ᠪᠠᠨ ᠪᠠᠳᠠᠷᠠᠭᠤᠯᠤᠨ ᠰᠡᠳᠬᠢᠯ

ᠰᠠᠨᠠᠭ᠎ᠠ ᠪᠠᠨ ᠨᠢᠭᠡᠳᠭᠡᠨ ᠴᠢᠷᠮᠠᠶᠢᠵᠤ᠂ ᠪᠤᠰᠤᠳ ᠳᠤᠭᠤᠶᠢᠯᠠᠩ ᠢ ᠢᠯᠠᠵᠤ᠂ ᠮᠠᠩᠯᠠᠢ ᠳᠤ ᠲᠣᠳᠤᠷᠠᠪᠠ᠃

  

3.png 

4.png

      ᠲᠤᠰ ᠬᠤᠭᠤᠴᠠᠭᠠᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠢ ᠵᠢᠩᠬᠢᠨᠢ

ᠠᠩᠭᠢ ᠶᠢᠨ ᠳᠡᠰ ᠠᠴᠠ ᠳᠠᠪᠠᠭᠰᠠᠨ ᠡᠷᠡᠭᠲᠡᠢ ᠶᠢᠨ ᠳᠤᠭᠤᠶᠢᠯᠠᠩ᠂ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ

ᠡᠮᠡᠭᠲᠡᠢ ᠶᠢᠨ ᠳᠤᠭᠤᠶᠢᠯᠠᠩ᠂ ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ᠂

ᠵᠢᠩᠬᠢᠨᠢ ᠠᠩᠭᠢ ᠶᠢᠨ ᠰᠤᠷᠭᠠᠭᠤᠯᠢ ᠶᠢᠨ ᠬᠦᠷᠢᠶᠡᠨ ᠤ ᠡᠮᠡᠭᠲᠡᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ

ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠡᠰ ᠠᠴᠠ

ᠳᠠᠪᠠᠭᠰᠠᠨ ᠡᠷᠡᠭᠲᠡᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ

ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠡᠰ ᠠᠴᠠ ᠳᠠᠪᠠᠭᠰᠠᠨ ᠡᠮᠡᠭᠲᠡᠢ ᠶᠢᠨ ᠳᠤᠭᠤᠶᠢᠯᠠᠩ᠂

ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ

ᠰᠤᠷᠭᠠᠭᠤᠯᠢ ᠶᠢᠨ ᠬᠦᠷᠢᠶᠡᠨ ᠤ ᠡᠷᠡᠭᠲᠡᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠤ ᠡᠮᠡᠭᠲᠡᠢ  ᠶᠢᠨ

ᠳᠤᠭᠤᠶᠢᠯᠠᠩ  ᠭᠡᠵᠦ 8 ᠳᠤᠭᠤᠶᠢᠯᠠᠩ ᠬᠤᠪᠢᠶᠠᠵᠤ᠂ 5 ᠳ᠋ᠤᠭᠠᠷ ᠰᠠᠷ᠎ᠠ ᠶᠢᠨ 23  ᠤ ᠡᠳᠦᠷ ᠤᠷᠤᠯᠳᠤᠭᠠᠨ

ᠡᠬᠢᠯᠡᠭᠰᠡᠨ ᠠᠴᠠ ᠨᠠᠭᠠᠰᠢ᠂ 65 ᠳᠤᠭᠤᠶᠢᠯᠠᠩ᠂ 1329 ᠲᠠᠮᠢᠷᠴᠢᠨ ᠣᠷᠣᠯᠴᠠᠵᠤ᠂ 20 ᠤᠷᠤᠯᠳᠤᠭᠠᠨ ᠤ

ᠡᠳᠦᠷ ᠲᠤ 148 ᠲᠠᠯᠠᠪᠤᠷ ᠤᠷᠤᠯᠳᠤᠭᠠᠨ ᠢ ᠥᠷᠨᠢᠭᠦᠯᠪᠡ᠃ ᠵᠢᠩᠬᠢᠨᠢ ᠠᠩᠭᠢ ᠶᠢᠨ ᠳᠡᠰ ᠠᠴᠠ ᠳᠠᠪᠠᠭᠰᠠᠨ

ᠳᠤᠭᠤᠶᠢᠯᠠᠩ ᠤᠨ ᠤᠷᠤᠯᠳᠤᠭᠠᠨ ᠪᠣᠯ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠤ ᠬᠠᠮᠤᠭ ᠤᠨ ᠳᠡᠭᠡᠳᠦ ᠳᠡᠰ ᠤᠨ ᠤᠷᠤᠯᠳᠤᠭᠠᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ

ᠤᠶᠤᠲᠠᠳ ᠤᠨ ᠬᠥᠯ ᠪᠥᠮᠪᠦᠭᠡᠨ ᠤ ᠬᠥᠳᠡᠯᠭᠡᠭᠡᠨ ᠢ ᠡᠷᠬᠢᠮᠯᠡᠨ ᠬᠦᠨᠳᠦᠳᠭᠡᠬᠦ ᠪᠠ ᠡᠷᠡᠮᠡᠬᠡᠶᠢᠯᠡᠨ ᠲᠡᠮᠡᠴᠡᠬᠦ ᠵᠠᠯᠠᠭᠤ

ᠨᠠᠰᠤᠨ ᠤ ᠴᠤᠭ ᠵᠢᠪᠬᠤᠭ᠎ᠠ ᠶᠢ ᠢᠯᠡᠷᠡᠭᠦᠯᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map