ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠠᠮ ᠤᠨ ᠬᠢᠴᠢᠶᠡᠯ ᠵᠢᠴᠢ ︽ᠳᠣᠯᠣᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/9
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠨ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠠᠮ ᠤᠨ ᠬᠢᠴᠢᠶᠡᠯ ᠵᠢᠴᠢ ︽ᠳᠣᠯᠣᠭᠠᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃   

1.jpg

      ᠠᠵᠢᠯᠯᠠᠭ᠎ᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ

ᠳᠦᠷᠢᠮ︾ ᠤᠨ ᠲᠣᠭᠤᠷᠢᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ

ᠨᠠᠮ ᠤᠨ ᠬᠢᠴᠢᠶᠡᠯ ᠢ ᠣᠷᠣᠵᠤ᠂ ᠨᠠᠮ ᠤᠨ ᠵᠢᠷᠭᠤᠭᠠᠨ ᠶᠡᠭᠡ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠡᠷᠭᠡ

ᠲᠠᠯ᠎ᠠ ᠶᠢᠨ ᠠᠭᠤᠯᠭ᠎ᠠ ᠶᠢ ᠶᠠᠷᠢᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ

ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ ᠵᠣᠷᠢᠯᠭ᠎ᠠ ᠳᠤ ᠪᠠᠨ ᠬᠦᠷᠴᠡᠢ᠃

      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠨᠠᠮ ᠳᠤ ᠣᠷᠣᠬᠤ ᠤᠭ ᠰᠠᠨᠠᠭ᠎ᠠ ᠪᠠᠨ ᠦᠯᠦ

ᠮᠠᠷᠲᠠᠨ᠂ ᠨᠠᠮ ᠤᠨ ᠭᠡᠰᠢᠭᠦᠨ ᠤ ᠡᠭᠦᠷᠭᠡ ᠶᠢ ᠪᠠᠲᠤ ᠴᠡᠭᠡᠵᠢᠯᠡᠵᠦ᠂ ᠨᠠᠮ  ᠤᠨ ᠳᠦᠷᠢᠮ ᠨᠠᠮ ᠤᠨ ᠰᠠᠬᠢᠯᠭ᠎ᠠ ᠪᠠᠲᠤ ᠶᠢ

ᠵᠢᠷᠤᠮᠯᠠᠨ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠨᠡᠩ

ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠷᠭᠠᠨ ᠬᠥᠮᠦᠵᠢᠯ ᠤᠨ ᠦᠢᠯᠡᠰ ᠤᠨ ᠴᠢᠨᠠᠷᠯᠢᠭ ᠬᠥᠭᠵᠢᠯᠲᠡ ᠳᠤ

ᠬᠦᠴᠦᠨ ᠴᠢᠳᠠᠯ ᠢᠶᠠᠨ ᠡᠷᠭᠦᠨ᠎ᠡ ᠭᠡᠵᠡᠭᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map