ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠡᠷᠳᠡᠮ ᠰᠢᠨᠵᠢᠯᠡᠭᠡᠨ ᠤ ᠵᠢᠯ ᠤᠨ ᠬᠤᠷᠠᠯ ᠵᠢᠴᠢ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠪᠣᠯᠪᠠᠰᠤᠷᠠᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠢ ᠥᠪᠥᠷ ᠮᠣᠩᠭᠤᠯ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
      7 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ  ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠡᠷᠳᠡᠮ ᠰᠢᠨᠵᠢᠯᠡᠭᠡᠨ ᠤ ᠣᠨ ᠤ ᠬᠤᠷᠠᠯ ᠵᠢᠴᠢ ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠥᠪᠥᠷ ᠮᠣᠩᠭᠤᠯ ᠤᠨ ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠬᠤᠶᠠᠷ ᠡᠳᠦᠷ ᠶᠠᠪᠤᠭᠳᠠᠵᠤ ᠠᠮᠵᠢᠯᠲᠠᠲᠠᠢ ᠥᠨᠳᠥᠷᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠸᠧᠢ ᠫᠷᠤᠹᠧᠰᠰᠤᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠶᠡᠭᠡ ᠪᠠᠷ ᠠᠬᠢᠭᠤᠯᠬᠤ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠠᠬᠢᠭᠤᠯᠬᠤ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠤᠬᠠᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠮᠡᠳᠡᠭᠦᠯᠦᠯᠲᠡ ᠬᠢᠪᠡ᠃

1.webp.png

2.webp.png

      ᠬᠤᠷᠠᠯ ᠨᠢ ᠰᠤᠷᠭᠠᠨ ᠬᠥᠮᠦᠵᠢᠯ ᠤᠨ ᠶᠠᠮᠤᠨ ᠤ ᠬᠡᠷᠡᠭᠵᠢᠭᠦᠯᠵᠦ ᠪᠠᠶᠢᠭ᠎ᠠ ᠰᠤᠷᠭᠠᠭᠤᠯᠢ ᠳᠤ ᠭᠤᠸ᠎ᠠ

ᠰᠠᠶᠢᠬᠠᠨ ᠤ ᠬᠥᠮᠦᠵᠢᠯ ᠢ ᠠᠭᠤᠰᠬᠠᠬᠤ ᠠᠵᠢᠯᠯᠠᠭ᠎ᠠ ᠪᠠᠷ ᠭᠤᠣᠯ ᠵᠣᠷᠢᠯᠲᠠ ᠪᠣᠯᠭᠠᠵᠤ ᠭᠤᠣᠯ ᠰᠡᠳᠦᠪ ︵ᠶᠡᠭᠡ

ᠬᠤᠷᠠᠯ ᠤᠨ ᠭᠤᠣᠯ ᠶᠠᠷᠢᠶᠠᠨ ᠤ ᠲᠠᠪᠴᠠᠩ︶ ᠪᠠ ᠨᠠᠢᠮᠠᠨ ᠶᠡᠭᠡ ᠵᠥᠪᠯᠡᠬᠦ ᠰᠡᠳᠦᠪ ︵ᠵᠡᠷᠭᠡᠴᠡᠭᠡ ᠶᠠᠷᠢᠶᠠᠨ ᠤ          

ᠲᠠᠪᠴᠠᠩ︶ ᠢ ᠪᠠᠶᠢᠭᠤᠯᠵᠤ᠂ ᠡᠨᠡ ᠤᠳᠠᠭᠠᠨ ᠤ ᠵᠢᠯ ᠤᠨ ᠬᠤᠷᠠᠯ ᠤᠨ ᠡᠯ᠎ᠡ ᠲᠥᠷᠥᠯ ᠤᠨ ᠬᠤᠷᠠᠯ ᠳᠡᠭᠡᠷ᠎ᠡ          

ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ 120 ᠶᠢ ᠳᠡᠯᠭᠡᠨ ᠦᠵᠡᠭᠦᠯᠵᠦ᠂

ᠡᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠ ᠭᠠᠷᠤᠢ ᠶᠡᠭᠡ ᠳᠡᠭᠡᠳᠦ ᠰᠤᠷᠭᠠᠭᠤᠯᠢ          

 ᠶᠢᠨ ᠭᠤᠸ᠎ᠠ ᠰᠠᠶᠢᠬᠠᠨ ᠤ ᠬᠥᠮᠦᠵᠢᠯ ᠤᠨ ᠰᠢᠯᠢᠳᠡᠭ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠶᠢ          

ᠪᠠᠭᠲᠠᠭᠠᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ

ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠤᠷᠠᠯᠢᠭ ᠤᠨ ᠳᠡᠭᠡᠳᠦ ᠰᠤᠷᠭᠠᠭᠤᠯᠢ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ᠂ ᠪᠣᠷᠣᠲᠣᠬᠤᠢ ᠳᠡᠭᠡᠳᠦ

ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢ ᠠᠳᠠᠯᠢ ᠪᠤᠰᠤ

ᠬᠠᠷᠠᠭᠠᠰᠤᠨ ᠠᠴᠠ ᠳᠡᠭᠡᠳᠦ ᠰᠤᠷᠭᠠᠭᠤᠯᠢ ᠶᠢᠨ ᠢᠶᠠᠨ ᠭᠤᠸ᠎ᠠ ᠰᠠᠶᠢᠬᠠᠨ ᠤ ᠬᠥᠮᠦᠵᠢᠯ ᠢ ᠬᠡᠷᠡᠭᠵᠢᠭᠦᠯᠵᠦ ᠪᠠᠶᠢᠭ᠎ᠠ

ᠪᠣᠳᠠᠲᠠᠢ ᠠᠷᠭ᠎ᠠ ᠪᠠᠷᠢᠯ ᠢ ᠨᠠᠷᠢᠨ ᠲᠠᠨᠢᠯᠴᠠᠭᠤᠯᠤᠭᠰᠠᠨ ᠪᠥᠭᠡᠳ ᠴᠢᠩᠬᠤᠸᠠ ᠶᠡᠭᠡ ᠰᠤᠷᠭᠠᠭᠤᠯᠢ᠂ ᠱᠠᠩᠬᠠᠢ ᠶᠢᠨ ᠵᠠᠮ

ᠬᠠᠷᠢᠯᠴᠠᠭᠠᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠨᠡᠶᠢᠰᠯᠡᠯ ᠤᠨ

ᠪᠠᠭᠰᠢ ᠶᠢᠨ ᠶᠡᠭᠡ ᠰᠤᠷᠭᠠᠭᠤᠯᠢ ᠵᠡᠷᠭᠡ ᠪᠦᠬᠦ ᠤᠯᠤᠰ ᠤᠨ ᠡᠯ᠎ᠡ ᠳᠡᠭᠡᠳᠦ ᠰᠤᠷᠭᠠᠭᠤᠯᠢ ᠶᠢᠨ 400 ᠭᠠᠷᠤᠢ ᠭᠤᠸ᠎ᠠ

ᠰᠠᠶᠢᠬᠠᠨ ᠤ ᠬᠥᠮᠦᠵᠢᠯ ᠤᠨ ᠠᠵᠢᠯᠲᠠᠨ ᠵᠢᠴᠢ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠰᠤᠳᠤᠯᠤᠨ ᠶᠠᠷᠢᠯᠴᠠᠵᠤ

ᠰᠠᠨᠠᠯ ᠢᠶᠠᠨ ᠰᠣᠯᠢᠯᠴᠠᠪᠠ᠃ ᠮᠠᠨ ᠤ ᠣᠷᠣᠨ ᠤ 34 ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠵᠢᠴᠢ ᠭᠤᠸ᠎ᠠ

ᠰᠠᠶᠢᠬᠠᠨ ᠤ ᠬᠥᠮᠦᠵᠢᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   

3.webp.png

4.webp.png

      ᠡᠨᠡ ᠤᠳᠠᠭᠠᠨ ᠤ ᠬᠤᠷᠠᠯ ᠢ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠨᠡᠶᠢᠭᠡᠮᠯᠢᠭ ᠤᠨ ᠭᠤᠸ᠎ᠠ ᠰᠠᠶᠢᠬᠠᠨ ᠤ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ᠂ ᠥᠪᠥᠷ ᠮᠣᠩᠭᠤᠯ ᠤᠨ

ᠦᠨᠳᠦᠰᠦᠲᠡᠨ ᠤ ᠬᠡᠦᠬᠡᠳ ᠤᠨ ᠪᠠᠭᠰᠢ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ

ᠭᠤᠣᠯᠯᠠᠨ ᠡᠷᠬᠢᠯᠡᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ᠂ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ  ᠤ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠪᠣᠯᠤᠨ

ᠦᠢᠯᠡᠳᠦᠯᠭᠡ ᠶᠢ ᠵᠢᠯᠣᠭᠤᠳᠬᠤ ᠵᠥᠪᠯᠡᠯ ᠠᠴᠠ ᠬᠠᠮᠵᠢᠯᠴᠠᠨ ᠡᠷᠬᠢᠯᠡᠪᠡ᠃ ᠳᠠᠷᠠᠭ᠎ᠠ ᠠᠯᠬᠤᠮ ᠳᠤ᠂ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠶᠠᠮᠤᠨ ᠤ ᠭᠤᠸ᠎ᠠ

ᠰᠠᠶᠢᠬᠠᠨ ᠤ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠪᠠ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ

ᠶᠣᠰᠣᠭᠠᠷ᠂ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂

ᠪᠠᠭᠰᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠤᠷᠠᠯᠢᠭ ᠤᠨ

ᠦᠢᠯᠡᠳᠦᠯᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠬᠦ᠂ ᠭᠡᠷ ᠪᠦᠯᠢ ᠪᠠ ᠰᠤᠷᠭᠠᠭᠤᠯᠢ ᠨᠡᠶᠢᠭᠡᠮ ᠤᠨ ᠬᠠᠮᠵᠢᠯᠴᠠᠭ᠎ᠠ ᠶᠢ

ᠴᠢᠩᠭᠠᠳᠬᠠᠬᠤ᠂ ᠦᠨᠡᠯᠡᠬᠦ ᠲᠣᠭᠲᠠᠴᠠ ᠶᠢ ᠰᠢᠯᠢᠳᠡᠭᠵᠢᠭᠦᠯᠬᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠣᠢ

ᠪᠣᠯᠭᠠᠬᠤ ᠵᠡᠷᠭᠡ ᠲᠠᠯ᠎ᠠ ᠪᠠᠷ ᠶᠡᠭᠡ ᠪᠠᠷ ᠬᠦᠴᠦᠯᠡᠵᠦ᠂ ᠭᠤᠸ᠎ᠠ ᠰᠠᠶᠢᠬᠠᠨ ᠤ ᠬᠥᠮᠦᠵᠢᠯ ᠢ ᠪᠦᠬᠦ ᠰᠤᠷᠤᠭᠴᠢᠳ ᠲᠤ

ᠬᠠᠨᠳᠤᠭᠤᠯᠤᠭᠰᠠᠨ ᠪᠦᠬᠦ ᠠᠵᠢᠯᠲᠠᠨ ᠤ ᠰᠤᠷᠭᠠᠨ ᠬᠥᠮᠦᠵᠢᠯ ᠪᠣᠯᠭᠠᠨ ᠡᠷᠬᠢᠯᠡᠵᠦ᠂ ᠭᠤᠸ᠎ᠠ ᠰᠠᠶᠢᠬᠠᠨ ᠤ ᠬᠥᠮᠦᠵᠢᠯ ᠢ

ᠰᠤᠷᠤᠭᠴᠢ᠂ ᠪᠠᠭᠰᠢ ᠪᠠ ᠰᠤᠷᠭᠠᠭᠤᠯᠢ ᠳᠤ ᠦᠨᠡᠨ ᠬᠦ ᠠᠭᠤᠰᠬᠠᠨ᠎ᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map