ᠬᠥᠳᠡᠯᠮᠦᠷᠢ ᠶᠢᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠶ᠎ᠠ — ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠥᠳᠡᠯᠮᠦᠷᠢ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠡᠷᠳᠡᠮ ᠰᠢᠨᠵᠢᠯᠡᠭᠡᠨ ᠤ ᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
      7 ᠰᠠᠷ᠎ᠠ ᠶᠢᠨ 29 - 30 ᠤ ᠡᠳᠦᠷ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠥᠳᠡᠯᠮᠦᠷᠢ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠡᠷᠳᠡᠮ ᠰᠢᠨᠵᠢᠯᠡᠭᠡᠨ ᠤ ᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠬᠤᠤ ᠴᠢᠩ ᠵᠢᠶᠧ᠂ ᠰᠤᠷᠭᠠᠨ ᠬᠥᠮᠦᠵᠢᠯ ᠤᠨ ᠶᠠᠮᠤᠨ ᠤ ᠰᠤᠷᠤᠭᠴᠢᠳ  ᠤᠨ ᠦᠢᠯᠡᠴᠢᠯᠡᠭᠡ ᠪᠠ ᠬᠡᠪ ᠴᠢᠨᠠᠷ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠠᠵᠢᠯ ᠣᠯᠭᠤᠵᠤ ᠦᠢᠯᠡᠰ ᠪᠣᠰᠬᠠᠬᠤ ᠶᠢ ᠵᠢᠯᠣᠭᠤᠳᠬᠤ ᠵᠥᠪᠯᠡᠯ ᠤᠨ ᠠᠵᠢᠯ ᠮᠡᠷᠭᠡᠵᠢᠯ ᠤᠨ ᠠᠮᠢᠳᠤᠷᠠᠬᠤᠢ ᠶᠢᠨ ᠰᠤᠷᠭᠠᠨ ᠬᠥᠮᠦᠵᠢᠯ ᠪᠣᠯᠤᠨ ᠠᠵᠢᠯ ᠣᠯᠭᠤᠯᠲᠠ ᠶᠢ ᠵᠢᠯᠣᠭᠤᠳᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠹᠠᠩ ᠸᠧᠢ ᠬᠤᠷᠠᠯ ᠳᠤ ᠣᠷᠣᠯᠴᠠᠪᠠ᠃

1.webp.png

      ᠬᠤᠷᠠᠯ ᠨᠢ ︽ᠬᠥᠳᠡᠯᠮᠦᠷᠢ ᠶᠢᠨ ᠬᠥᠮᠦᠵᠢᠯ ᠢ ᠴᠢᠨᠠᠷᠯᠢᠭ ᠠᠬᠢᠭᠤᠯᠵᠤ᠂ ᠰᠢᠨ᠎ᠡ ᠴᠢᠨᠠᠷ ᠤᠨ

ᠦᠢᠯᠡᠳᠪᠦᠷᠢᠯᠡᠯ ᠤᠨ ᠬᠦᠴᠦᠨ ᠢ ᠬᠦᠴᠦᠯᠡᠨ ᠬᠥᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ

ᠤᠯᠤᠰ ᠤᠨ ᠬᠥᠳᠡᠯᠮᠦᠷᠢ ᠶᠢᠨ ᠬᠠᠷᠢᠴᠠᠭᠠᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂

ᠬᠥᠳᠡᠯᠮᠦᠷᠢ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ

ᠰᠢᠶᠠᠩ ᠪᠢᠩ ᠭᠤᠣᠯ ᠵᠣᠷᠢᠯᠲᠠᠲᠤ ᠮᠡᠳᠡᠭᠦᠯᠦᠯᠲᠡ ᠬᠢᠵᠦ᠂ ᠠᠨᠾᠦ᠋ᠢ ᠤᠷᠠᠯᠢᠭ ᠤᠨ ᠳᠡᠭᠡᠳᠦ ᠰᠤᠷᠭᠠᠭᠤᠯᠢ ᠶᠢᠨ

ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ᠂ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ

ᠬᠥᠮᠦᠵᠢᠯ ᠤᠨ ᠨᠡᠶᠢᠭᠡᠮᠯᠢᠭ ᠤᠨ ᠬᠥᠳᠡᠯᠮᠦᠷᠢ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ ᠳᠡᠳ᠋ ᠬᠡᠷᠡᠭ

ᠡᠷᠬᠢᠯᠡᠭᠴᠢᠳ ᠤᠨ ᠳᠠᠷᠤᠭ᠎ᠠ ᠯᠢᠦ ᠶᠢᠦ ᠿᠥᠩ᠂ ᠱᠠᠩᠬᠠᠢ ᠡᠳ᠋ ᠤᠨ ᠵᠠᠰᠠᠭ ᠠᠵᠤ ᠠᠬᠤᠢ ᠶᠢᠨ ᠶᠡᠭᠡ

ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠵᠠᠬᠢᠷᠤᠯ᠂ ᠳᠤᠮᠳᠠᠳᠤ

ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠥᠳᠡᠯᠮᠦᠷᠢ ᠶᠢᠨ ᠬᠥᠮᠦᠵᠢᠯ ᠤᠨ

ᠲᠤᠰᠬᠠᠢ ᠮᠡᠷᠭᠡᠵᠢᠯ ᠤᠨ ᠵᠥᠪᠯᠡᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠰᠢᠦᠢ ᠹᠧᠢ ᠵᠡᠷᠭᠡ ᠲᠤᠰᠬᠠᠢ

ᠮᠡᠷᠭᠡᠵᠢᠯᠲᠡᠨ ᠬᠥᠳᠡᠯᠮᠦᠷᠢ ᠶᠢᠨ ᠬᠥᠮᠦᠵᠢᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠡᠨᠧᠷᠭᠢ

ᠣᠯᠭᠤᠬᠤ ᠥᠷᠲᠡᠭ ᠤᠨ ᠪᠠᠶᠢᠷᠢ ᠲᠣᠭᠲᠠᠭᠠᠯᠲᠠ ᠪᠣᠯᠤᠨ ᠠᠷᠭ᠎ᠠ ᠵᠠᠮ ᠤᠨ ᠰᠢᠨ᠎ᠡ ᠶᠢ ᠡᠭᠦᠳᠬᠦ ᠲᠣᠭᠤᠷᠢᠨ ᠳᠤ

ᠰᠣᠯᠢᠯᠴᠠᠵᠤ ᠰᠤᠳᠤᠯᠤᠨ ᠶᠠᠷᠢᠯᠴᠠᠪᠠ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ

ᠵᠢᠭᠠᠨ ᠰᠤᠷᠭᠠᠯᠲᠠ ᠪᠣᠯᠤᠨ ᠦᠢᠯᠡᠳᠦᠯᠭᠡ ᠶᠢ ᠵᠢᠯᠣᠭᠤᠳᠬᠤ ᠵᠥᠪᠯᠡᠯ ᠠᠴᠠ ᠮᠠᠨ  ᠤ ᠣᠷᠣᠨ ᠤ ᠶᠡᠭᠡ ᠳᠡᠭᠡᠳᠦ

ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ  ᠶᠢᠨ ᠬᠥᠮᠦᠵᠢᠯ ᠤᠨ ᠦᠢᠯᠡᠳᠦᠯᠭᠡ ᠪᠠ

ᠲᠤᠷᠰᠢᠯᠭ᠎ᠠ ᠶᠢ ᠬᠤᠪᠢᠶᠠᠯᠴᠠᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠠᠨᠠᠭᠠᠬᠤ

ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠪᠤᠭᠤᠲᠤ ᠬᠥᠩᠭᠡᠨ ᠠᠵᠤ

ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠥᠳᠡᠯᠮᠦᠷᠢ ᠶᠢᠨ ᠬᠥᠮᠦᠵᠢᠯ ᠤᠨ ᠳᠣᠭᠲᠠᠯᠴᠠᠭᠠᠨ ᠤ

ᠰᠥᠪᠡᠭᠴᠢᠯᠡᠯᠲᠡ ᠪᠠ ᠦᠢᠯᠡᠳᠦᠯᠭᠡ ᠶᠢᠨ ᠲᠤᠬᠠᠢ ᠬᠤᠪᠢᠶᠠᠯᠴᠠᠵᠤ ᠰᠣᠯᠢᠯᠴᠠᠪᠠ᠃ ᠬᠤᠷᠠᠯ ᠤᠨ ᠬᠤᠭᠤᠴᠠᠭᠠᠨ ᠳᠤ᠂

ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ

ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ

ᠦᠢᠯᠡᠳᠦᠯᠭᠡ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠢ ᠲᠣᠭᠤᠷᠢᠨ ᠦᠵᠡᠵᠦ ᠰᠣᠯᠢᠯᠴᠠᠪᠠ᠃

 

2.webp.png

3.webp.png

      ᠣᠶᠢᠷ᠎ᠠ ᠶᠢᠨ ᠵᠢᠯ᠂ ᠮᠠᠨ ᠤ ᠣᠷᠣᠨ ᠤ ᠬᠥᠳᠡᠯᠮᠦᠷᠢ ᠶᠢᠨ ᠬᠥᠮᠦᠵᠢᠯ ᠤᠨ ᠠᠵᠢᠯ ᠶᠣᠰᠣ ᠮᠣᠷᠠᠯ ᠢ ᠪᠣᠢ

ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠤᠷᠢᠳ ᠬᠤᠵᠢᠳ ᠬᠠᠮᠢᠶ᠎ᠠ

ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠨ᠂ ᠬᠥᠳᠡᠯᠮᠦᠷᠢ ᠶᠢᠨ ᠬᠥᠮᠦᠵᠢᠯ ᠤᠨ

ᠦᠢᠯᠡᠳᠦᠯᠭᠡ ᠶᠢᠨ ᠰᠢᠨ᠎ᠡ ᠶᠢ ᠡᠭᠦᠳᠬᠦ ᠵᠠᠭᠪᠤᠷ  ᠢ ᠰᠦᠪᠡᠭᠴᠢᠯᠡᠨ ᠪᠠᠶᠢᠭᠤᠯᠵᠤ᠂ ᠰᠤᠷᠭᠠᠨ ᠬᠥᠮᠦᠵᠢᠯ ᠪᠣᠯᠤᠨ

ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠭᠰᠠᠨ ᠬᠥᠳᠡᠯᠮᠦᠷᠢ ᠶᠢᠨ ᠠᠮᠤᠷ ᠲᠦᠪᠰᠢᠨ ᠤ ᠪᠠᠲᠤᠯᠠᠭᠠᠨ ᠤ

ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠴᠢᠨᠠᠷᠲᠠᠢ᠂ ᠦᠢᠯᠡᠳᠦᠯᠭᠡ ᠶᠢᠨ ᠴᠢᠨᠠᠷᠲᠠᠢ᠂

ᠨᠡᠭᠡᠭᠡᠯᠲᠡᠲᠦ ᠴᠢᠨᠠᠷᠲᠠᠢ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠲᠥᠯᠥᠪᠵᠢᠭᠦᠯᠦᠨ

ᠪᠠᠶᠢᠭᠤᠯᠵᠤ᠂ ᠬᠥᠳᠡᠯᠮᠦᠷᠢ ᠶᠢᠨ ᠬᠥᠮᠦᠵᠢᠯ ᠤᠨ ᠦᠨᠡᠯᠡᠬᠦ ᠲᠣᠭᠲᠠᠴᠠ ᠪᠠ ᠭᠡᠷ ᠪᠦᠯᠢ ᠰᠤᠷᠭᠠᠭᠤᠯᠢ ᠨᠡᠶᠢᠭᠡᠮ ᠤᠨ

ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ ᠬᠥᠳᠡᠯᠮᠦᠷᠢ ᠶᠢᠨ ᠬᠥᠮᠦᠵᠢᠯ

ᠢᠳᠡᠪᠬᠢᠲᠡᠢ ᠦᠷ᠎ᠡ ᠪᠦᠲᠦᠮᠵᠢ ᠣᠯᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠥᠳᠡᠯᠮᠦᠷᠢ ᠶᠢᠨ

ᠰᠤᠷᠭᠠᠨ ᠬᠥᠮᠦᠵᠢᠯ ᠤᠨ ᠥᠭᠡᠷᠡᠴᠢᠯᠡᠯᠲᠡ ᠪᠣᠯᠤᠨ ᠬᠥᠭᠵᠢᠭᠦᠯᠦᠯᠲᠡ ᠶᠢ ᠢᠳᠡᠪᠬᠢᠲᠡᠢ ᠠᠬᠢᠭᠤᠯᠵᠤ᠂

ᠰᠤᠷᠤᠭᠴᠢᠳ ᠤᠨ ᠡᠷᠡᠭᠦᠯ ᠢᠶᠠᠷ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃

      ᠡᠨᠡ ᠤᠳᠠᠭᠠᠨ ᠤ ᠬᠤᠷᠠᠯ ᠢ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ

ᠨᠡᠶᠢᠭᠡᠮᠯᠢᠭ ᠤᠨ ᠬᠥᠳᠡᠯᠮᠦᠷᠢ ᠶᠢᠨ ᠬᠥᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠠᠴᠠ ᠭᠤᠣᠯᠯᠠᠨ ᠡᠷᠬᠢᠯᠡᠵᠦ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠵᠢᠭᠠᠨ

ᠰᠤᠷᠭᠠᠯᠲᠠ ᠪᠣᠯᠤᠨ ᠦᠢᠯᠡᠳᠦᠯᠭᠡ ᠶᠢ ᠵᠢᠯᠣᠭᠤᠳᠬᠤ ᠵᠥᠪᠯᠡᠯ ᠠᠴᠠ ᠳᠠᠭᠠᠭᠠᠴᠢᠯᠠᠨ ᠡᠷᠬᠢᠯᠡᠪᠡ᠃ ᠪᠡᠭᠡᠵᠢᠩ

ᠪᠠᠭᠰᠢ ᠶᠢᠨ ᠶᠡᠭᠡ ᠰᠤᠷᠭᠠᠭᠤᠯᠢ᠂ ᠰᠢ ᠠᠨ ᠡᠯᠧᠺᠲᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ

ᠰᠤᠷᠭᠠᠭᠤᠯᠢ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠪᠣᠯᠤᠨ ᠸᠧᠨᠵᠸᠦ ᠬᠤᠲᠠ ᠶᠢᠨ ᠰᠤᠷᠭᠠᠨ ᠬᠥᠮᠦᠵᠢᠯ  ᠤᠨ

ᠲᠣᠪᠴᠢᠶ᠎ᠠ ᠵᠡᠷᠭᠡ 32 ᠨᠢᠭᠡᠴᠢ ᠶᠢᠨ 120 ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map