ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/8/1
      ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ ᠰᠤᠳᠤᠯᠤᠨ ᠲᠣᠭᠲᠠᠭᠠᠬᠤ ᠪᠠᠷ ᠳᠠᠮᠵᠢᠨ᠂ ᠮᠠᠨ ᠤ ᠣᠷᠣᠨ ᠤ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠢᠯᠭᠠᠷᠠᠭᠤᠯᠬᠤ‌ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃      ᠨᠢᠭᠡ᠂ ᠰᠢᠯᠭᠠᠷᠠᠭᠤᠯᠬᠤ ᠵᠠᠷᠴᠢᠮ      ︵ᠨᠢᠭᠡ︶ ᠲᠥᠪ ᠭᠤᠣᠯᠴᠢ ᠵᠠᠷᠴᠢᠮ᠃ ᠲᠥᠪ ᠭᠤᠣᠯᠴᠢ᠂ ᠡᠷᠬᠡ ᠲᠡᠭᠰᠢ᠂ ᠢᠯᠡ ᠨᠡᠶᠢᠲᠡᠯᠡᠬᠦ ᠵᠠᠷᠴᠢᠮ ᠤᠨ ᠶᠣᠰᠣᠭᠠᠷ ᠰᠣᠩᠭᠤᠨ ᠬᠡᠷᠡᠭᠯᠡᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠰᠣᠩᠭᠤᠨ ᠬᠡᠷᠡᠭᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠢᠯᠭᠠᠷᠠᠭᠤᠯᠤᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠨ᠎ᠡ᠃      ︵ᠬᠤᠶᠠᠷ︶ ᠰᠢᠨᠵᠢᠯᠡᠬᠦ ᠤᠬᠠᠭᠠᠨᠴᠢ ᠵᠠᠷᠴᠢᠮ᠃ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠶᠠᠪᠤᠴᠠ᠂ ᠰᠣᠩᠭᠤᠨ ᠬᠡᠷᠡᠭᠯᠡᠬᠦ ᠠᠷᠭ᠎ᠠ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠨᠢᠭᠲᠠ ᠴᠢᠩᠭ᠎ᠠ ᠪᠠᠶᠢᠵᠤ᠂ ᠡᠯ᠎ᠡ ᠰᠤᠷᠤᠯᠭ᠎ᠠ ᠶᠢᠨ ᠱᠠᠲᠤ ᠡᠯ᠎ᠡ ᠬᠢᠴᠢᠶᠡᠯ ᠲᠥᠷᠥᠯ ᠤᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠳᠤ ᠲᠣᠬᠢᠷᠠᠭᠤᠯᠤᠨ᠎ᠠ᠃      ︵ᠭᠤᠷᠪᠠ︶ ᠵᠣᠬᠢᠴᠠᠬᠤ ᠴᠢᠨᠠᠷᠲᠠᠢ ᠵᠠᠷᠴᠢᠮ᠃ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠳᠤ ᠪᠠᠨ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠦᠯᠵᠦ᠂ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠤᠨ᠎ᠠ᠃      ᠬᠤᠶᠠᠷ᠂ ᠰᠢᠯᠭᠠᠷᠠᠭᠤᠯᠬᠤ ᠵᠢᠭᠠᠬᠤ ᠮᠠᠲ᠋ᠧᠷᠢᠶᠠᠯ ᠤᠨ ᠲᠥᠷᠥᠯ ᠵᠦᠢᠯ      1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢᠨ ᠬᠥᠮᠦᠵᠢᠯ︾ ᠭᠡᠬᠦ ᠵᠢᠭᠠᠬᠤ ᠮᠠᠲ᠋ᠧᠷᠢᠶᠠᠯ︔      2. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ︾ ᠭᠡᠬᠦ ᠵᠢᠭᠠᠬᠤ ᠮᠠᠲ᠋ᠧᠷᠢᠶᠠᠯ︔      3. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ︾ ᠭᠡᠬᠦ ᠵᠢᠭᠠᠬᠤ ᠮᠠᠲ᠋ᠧᠷᠢᠶᠠᠯ︔      4. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ︾ ᠭᠡᠬᠦ ᠵᠢᠭᠠᠬᠤ ᠮᠠᠲ᠋ᠧᠷᠢᠶᠠᠯ︔      5. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠤᠷᠠᠨ ᠪᠢᠴᠢᠯᠭᠡ︾ ᠭᠡᠬᠦ ᠵᠢᠭᠠᠬᠤ ᠮᠠᠲ᠋ᠧᠷᠢᠶᠠᠯ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ 2025 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠰᠢᠨ᠎ᠡ ᠬᠡᠪᠯᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠨ᠎ᠡ᠃      ᠭᠤᠷᠪᠠ᠂ ᠦᠨᠡᠯᠡᠭᠦᠯᠬᠦ ᠨᠢᠭᠡᠴᠢ ᠶᠢᠨ ᠬᠢᠷᠢ ᠬᠡᠮ ᠵᠢᠴᠢ ᠱᠠᠭᠠᠷᠳᠠᠯᠭ᠎ᠠ      ︵ᠨᠢᠭᠡ︶ ᠬᠡᠪᠯᠡᠭᠦᠯᠬᠦ ᠨᠢᠭᠡᠴᠢ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠣᠮ ᠬᠡᠪᠯᠡᠭᠦᠯᠬᠦ ᠵᠥᠪᠰᠢᠶᠡᠷᠡᠯ ᠤᠨ ᠦᠨᠡᠮᠯᠡᠯ︾ ᠢ ᠣᠯᠵᠤ᠂ ᠬᠡᠪᠯᠡᠭᠦᠯᠦᠭᠰᠡᠨ ᠵᠢᠭᠠᠬᠤ ᠮᠠᠲ᠋ᠧᠷᠢᠶᠠᠯ ᠢ ᠡᠷᠬᠡᠪᠰᠢ ᠲᠤᠰ ᠨᠢᠭᠡᠴᠢ ᠶᠢᠨ ᠬᠠᠤᠯᠢ ᠶᠣᠰᠣᠭᠠᠷ ᠵᠦᠪᠰᠢᠶᠡᠷᠡᠭᠦᠯᠦᠭᠰᠡᠨ ᠬᠡᠪᠯᠡᠯ ᠤᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠬᠡᠷᠡᠭᠯᠡᠨ᠎ᠡ᠃      ︵ᠬᠤᠶᠠᠷ︶ ᠦᠨᠡᠯᠡᠭᠦᠯᠬᠦ ᠵᠢᠭᠠᠬᠤ ᠮᠠᠲ᠋ᠧᠷᠢᠶᠠᠯ ᠨᠢ ᠰᠤᠷᠭᠠᠨ ᠬᠥᠮᠦᠵᠢᠯ ᠤᠨ ᠶᠠᠮᠤᠨ ᠤ ︽ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢᠨ ᠬᠥᠮᠦᠵᠢᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠲᠤ ᠣᠷᠣᠭᠤᠯᠬᠤ ᠵᠦᠭᠯᠡᠭᠦᠷ︾᠂ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠲᠤ ᠣᠷᠣᠭᠤᠯᠬᠤ ᠵᠦᠭᠯᠡᠭᠦᠷ︾᠂ ︽ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭᠠᠨ ᠤ ᠬᠢᠴᠢᠶᠡᠯ ᠤᠨ ᠵᠢᠯᠣᠭᠤᠳᠬᠤ         ᠬᠥᠲᠥᠯᠪᠦᠷᠢ︾᠂ ︽ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠢ ᠵᠢᠯᠣᠭᠤᠳᠬᠤ ᠬᠥᠲᠥᠯᠪᠦᠷᠢ ︵ᠲᠤᠷᠰᠢᠨ ᠬᠡᠷᠡᠭᠵᠢᠭᠦᠯᠬᠦ︶︾ ᠂ ︽ᠳᠤᠮᠳᠠᠳᠤ ᠪᠠᠭ᠎ᠠ ᠰᠤᠷᠭᠠᠭᠤᠯᠢ ᠶᠢᠨ ᠤᠷᠠᠨ ᠪᠢᠴᠢᠯᠭᠡ ᠶᠢᠨ ᠰᠤᠷᠭᠠᠨ ᠬᠥᠮᠦᠵᠢᠯ ᠢ ᠵᠢᠯᠣᠭᠤᠳᠬᠤ ᠬᠥᠲᠥᠯᠪᠦᠷᠢ︾ ᠵᠡᠷᠭᠡ ᠵᠦᠭᠯᠡᠭᠦᠷ ᠪᠠ ᠬᠥᠲᠥᠯᠪᠦᠷᠢ ᠵᠢᠴᠢ ᠬᠤᠯᠪᠣᠭᠳᠠᠯ ᠪᠦᠬᠦᠢ ᠬᠢᠴᠢᠶᠡᠯ ᠤᠨ ᠪᠠᠷᠢᠮᠵᠢᠶᠠᠨ ᠤ ᠲᠣᠭᠲᠠᠭᠠᠯ ᠪᠠ ᠱᠠᠭᠠᠷᠳᠠᠯᠭ᠎ᠠ ᠪᠠᠷ ᠨᠠᠶᠢᠷᠠᠭᠤᠯᠤᠨ ᠪᠢᠴᠢᠨ᠎ᠡ᠃      ︵ᠭᠤᠷᠪᠠ︶ ᠦᠨᠡᠯᠡᠭᠦᠯᠬᠦ ᠵᠢᠭᠠᠬᠤ ᠮᠠᠲ᠋ᠧᠷᠢᠶᠠᠯ ᠤᠨ ᠠᠭᠤᠯᠭ᠎ᠠ ᠳᠤ ᠪᠤᠰᠤᠳ ᠤᠨ ᠵᠣᠬᠢᠶᠠᠯ ᠪᠦᠲᠦᠭᠡᠯ ᠤᠨ ᠡᠷᠬᠡ ᠶᠢ ᠬᠡᠷᠡᠭᠯᠡᠭᠰᠡᠨ ᠪᠣᠯ᠂ ᠬᠠᠤᠯᠢ ᠶᠣᠰᠣᠭᠠᠷ ᠵᠣᠬᠢᠶᠠᠯ ᠪᠦᠲᠦᠭᠡᠯ ᠤᠨ ᠡᠷᠬᠡᠲᠦ ᠬᠥᠮᠦᠨ ᠤ ᠡᠷᠬᠡ ᠶᠢ ᠣᠯᠤᠨ᠎ᠠ᠃      ︵ᠳᠥᠷᠪᠡ︶ ᠡᠷᠬᠢᠯᠡᠨ ᠨᠠᠶᠢᠷᠠᠭᠤᠯᠤᠭᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠨᠢᠭᠡᠴᠢ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠪᠢᠴᠢᠬᠦ ᠳᠤ ᠡᠷᠬᠡᠪᠰᠢ ᠡᠷᠬᠢᠯᠡᠨ ᠨᠠᠶᠢᠷᠠᠭᠤᠯᠤᠭᠴᠢ ᠶᠢ ᠲᠣᠳᠤᠷᠬᠠᠶᠢᠯᠠᠵᠤ᠂ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠬᠡᠯᠪᠡᠷᠢᠯ ᠭᠠᠷᠭᠠᠵᠤ ᠪᠣᠯᠬᠤ ᠦᠭᠡᠢ᠃      ︵ᠲᠠᠪᠤ︶ ᠨᠠᠶᠢᠷᠠᠭᠤᠯᠤᠨ ᠪᠢᠴᠢᠬᠦ ᠬᠥᠮᠦᠰ ᠡᠷᠬᠡᠪᠰᠢ ᠰᠤᠷᠭᠠᠨ ᠬᠥᠮᠦᠵᠢᠯ ᠤᠨ ᠶᠠᠮᠤᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠨᠥᠬᠦᠴᠡᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠭᠠᠬᠤ ᠮᠠᠲ᠋ᠧᠷᠢᠶᠠᠯ ᠤᠨ ᠣᠷᠣᠯᠠᠭᠴᠢ ᠬᠤᠳᠠᠯᠳᠤᠭᠠᠴᠢᠨ ︵ᠪᠠᠶᠢᠭᠤᠯᠤᠮᠵᠢ︶  ᠡᠨᠡ ᠤᠳᠠᠭᠠᠨ ᠤ ᠰᠣᠩᠭᠤᠨ ᠬᠦᠷᠭᠡᠬᠦ ᠠᠵᠢᠯ ᠳᠤ ᠣᠷᠣᠯᠴᠠᠵᠤ ᠪᠣᠯᠬᠤ ᠦᠭᠡᠢ᠂ ᠡᠷᠬᠡᠪᠰᠢ ᠬᠡᠪᠯᠡᠯ ᠤᠨ ᠬᠤᠷᠢᠶ᠎ᠠ ᠳᠤ ᠰᠢᠭᠤᠳ ᠰᠣᠩᠭᠤᠨ ᠬᠦᠷᠭᠡᠨ᠎ᠡ᠃      ᠳᠥᠷᠪᠡ᠂ ᠦᠨᠡᠯᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ      ︵ᠨᠢᠭᠡ︶ ᠦᠨᠡᠯᠡᠭᠦᠯᠬᠦ ᠭᠤᠶᠤᠴᠢᠯᠠᠯ ᠤᠨ ᠬᠦᠰᠦᠨᠦᠭᠲᠦ᠂ ᠦᠨᠡᠯᠡᠭᠦᠯᠬᠦ ᠶᠠᠩᠵᠤ ᠨᠣᠮ ᠤᠨ ᠭᠠᠷᠴᠠᠭ᠂ ᠦᠨᠡᠯᠡᠭᠦᠯᠬᠦ ᠠᠮᠠᠯᠠᠯᠲᠠ ᠶᠢᠨ ᠪᠢᠴᠢᠭ ᠨᠢᠭᠡ ᠬᠡᠯᠪᠡᠷᠢ ᠶᠢ 3 ᠬᠤᠪᠢ᠃      ︵ᠬᠤᠶᠠᠷ︶ ᠬᠢᠷᠢ ᠭᠡᠮ ᠤᠨ ᠮᠠᠲ᠋ᠧᠷᠢᠶᠠᠯ᠃ ᠦᠨᠡᠯᠡᠭᠦᠯᠬᠦ ᠨᠢᠭᠡᠴᠢ ᠲᠤᠰ  ᠨᠢᠭᠡᠴᠢ ᠶᠢᠨ ᠢᠶᠠᠨ ᠬᠢᠷᠢ ᠭᠡᠮ ᠤᠨ ᠮᠠᠲ᠋ᠧᠷᠢᠶᠠᠯ ᠢ 1 ᠢᠵᠢ ᠬᠠᠩᠭᠠᠨ᠎ᠠ᠃      1. ᠡᠷᠬᠢᠯᠡᠨ ᠨᠠᠶᠢᠷᠠᠭᠤᠯᠤᠭᠴᠢ ᠶᠢᠨ ᠪᠡᠶ᠎ᠡ ᠶᠢᠨ ᠦᠨᠡᠮᠯᠡᠯ ᠪᠣᠯᠤᠨ ᠨᠠᠶᠢᠷᠠᠭᠤᠯᠤᠨ ᠪᠢᠴᠢᠬᠦ ᠨᠢᠭᠡᠴᠢ᠂ ᠬᠡᠪᠯᠡᠬᠦ ᠨᠢᠭᠡᠴᠢ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ︶ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ᠂ ᠬᠡᠪᠯᠡᠬᠦ ᠵᠥᠪᠰᠢᠶᠡᠷᠡᠯ ᠤᠨ ᠦᠨᠡᠮᠯᠡᠯ ᠵᠡᠷᠭᠡ ᠶᠢᠨ ᠪᠠᠭᠤᠯᠭᠠᠪᠤᠷᠢ ︵ᠵᠥᠪᠬᠡᠨ ᠦᠨᠡᠯᠡᠭᠦᠯᠬᠦ ᠳᠤ ᠬᠡᠷᠡᠭᠯᠡᠨ᠎ᠡ ᠭᠡᠵᠦ ᠲᠣᠳᠤᠷᠬᠠᠶᠢᠯᠠᠨ᠎ᠠ︶᠃      2. ᠪᠤᠰᠤᠳ ᠬᠡᠪᠯᠡᠭᠳᠡᠬᠦᠨ ᠤ ᠠᠭᠤᠯᠭ᠎ᠠ ᠶᠢ ᠡᠰᠢ ᠲᠠᠲᠠᠨ ᠬᠡᠷᠡᠭᠯᠡᠭᠰᠡᠨ ᠡᠷᠬᠡ ᠣᠯᠭᠤᠬᠤ ᠪᠢᠴᠢᠭ ᠤᠨ ᠪᠠᠭᠤᠯᠭᠠᠪᠤᠷᠢ᠃      ᠳᠡᠭᠡᠷᠡᠬᠢ ᠪᠠᠭᠤᠯᠭᠠᠪᠤᠷᠢ ᠳᠤ ᠴᠥᠮ ᠬᠡᠪᠯᠡᠯ ᠤᠨ ᠬᠤᠷᠢᠶᠠᠨ ᠤ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃      ︵ᠭᠤᠷᠪᠠ︶ ᠶᠠᠩᠵᠤ ᠨᠣᠮ᠃ ᠦᠨᠡᠯᠡᠭᠦᠯᠬᠦ ᠶᠠᠩᠵᠤ ᠨᠣᠮ ᠢ ᠨᠢᠭᠡ ᠬᠡᠯᠪᠡᠷᠢ ᠶᠢ 7 ᠢᠵᠢ ︵ᠳᠡᠪᠲᠡᠷ︶᠃      1. ᠦᠨᠡᠯᠡᠭᠦᠯᠬᠦ ᠶᠠᠩᠵᠤ ᠨᠣᠮ ᠨᠢ ᠡᠷᠬᠡᠪᠰᠢ ᠬᠡᠪᠯᠡᠭᠦᠯᠦᠭᠰᠡᠨ ᠴᠠᠭᠠᠨ ᠭᠠᠳᠠᠷᠲᠤ ᠶᠠᠩᠵᠤ ᠨᠣᠮ ᠪᠠ ᠡᠯᠧᠺᠲᠷᠣᠨ ᠡᠬᠡ ᠪᠢᠴᠢᠭ ︵ᠡᠭᠦᠨ ᠤ ᠬᠠᠮᠲᠤ U ᠳ᠋ᠢᠰᠺ ᠲᠤ ᠶᠠᠩᠵᠤ ᠨᠣᠮ ᠤᠨ ᠡᠯᠧᠺᠲᠷᠣᠨ ᠡᠬᠡ ᠪᠢᠴᠢᠭ ᠪᠠ ᠳᠠᠭᠠᠯᠳᠤᠭᠤᠯᠤᠯ 1᠂ 2᠂ 3᠂ 5 ᠶᠢᠨ ᠡᠯᠧᠺᠲᠷᠣᠨ ᠬᠡᠪᠯᠡᠯ ᠢ ᠬᠠᠳᠠᠭᠠᠯᠠᠵᠤ᠂ ᠶᠠᠩᠵᠤ ᠨᠣᠮ ᠤᠨ ᠡᠯᠧᠺᠲᠷᠣᠨ ᠡᠬᠡ ᠪᠢᠴᠢᠭ ᠤᠨ ᠠᠭᠤᠯᠭ᠎ᠠ ᠨᠢ ᠴᠠᠭᠠᠨ ᠭᠠᠳᠠᠷᠲᠤ ᠶᠠᠩᠵᠤ ᠨᠣᠮ ᠲᠠᠢ ᠨᠢᠭᠡᠳᠦᠯᠲᠡᠢ ᠪᠠᠶᠢᠵᠤ᠂ U ᠳ᠋ᠢᠰᠺ ᠤᠨ ᠭᠠᠳᠠᠷ ᠳᠡᠭᠡᠷ᠎ᠡ ᠬᠡᠪᠯᠡᠯ ᠤᠨ ᠬᠤᠷᠢᠶᠠᠨ ᠤ ᠨᠡᠷᠡᠶᠢᠳᠦᠯ ᠢ ᠬᠠᠳᠠᠨ᠎ᠠ︶ ᠢ ᠬᠠᠩᠭᠠᠵᠤ᠂ ᠬᠠᠪᠢᠰᠤ᠂ ᠳᠣᠲᠤᠷ᠎ᠠ ᠨᠢᠭᠤᠷ᠂ ᠭᠤᠣᠯ ᠵᠣᠬᠢᠶᠠᠯ ᠳᠤ ᠨᠠᠶᠢᠷᠠᠭᠤᠯᠤᠭᠴᠢ ᠪᠤᠶᠤ ᠬᠡᠪᠯᠡᠬᠦ ᠨᠢᠭᠡᠴᠢ᠂ ᠠᠵᠢᠯᠲᠠᠨ᠂ ᠨᠣᠮ ᠤᠨ ᠨᠡᠷ᠎ᠡ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠢᠴᠢᠵᠦ ᠪᠣᠯᠬᠤ ᠦᠭᠡᠢ᠃      2. ᠶᠠᠩᠵᠤ ᠨᠣᠮ ᠤᠨ ᠬᠠᠪᠢᠰᠤᠨ ᠳᠤ ᠲᠥᠷᠥᠯ ᠵᠦᠢᠯ᠂ ᠬᠡᠷᠡᠭᠯᠡᠬᠦ ᠣᠨ ᠢ ᠲᠣᠳᠣᠷᠬᠠᠶᠢᠯᠠᠨ᠎ᠠ᠃      3. ᠬᠢᠷᠢ ᠭᠡᠮ ᠤᠨ ᠮᠠᠲ᠋ᠧᠷᠢᠶᠠᠯ ᠢ ᠨᠢᠭᠡ ᠳᠠᠩᠰᠠ ᠡᠪᠬᠡᠮᠡᠯ ᠤᠨ ᠬᠠᠶᠢᠷᠴᠠᠭ ᠲᠤ ᠪᠢᠲᠡᠭᠦᠮᠵᠢᠯᠡᠨ ᠪᠣᠭᠤᠳᠠᠯᠯᠠᠵᠤ᠂ ᠬᠠᠪᠢᠰᠤ ᠶᠢ ᠨᠠᠭᠠᠨ᠎ᠠ᠃      4. ᠦᠨᠡᠯᠡᠭᠦᠯᠬᠦ ᠶᠠᠩᠵᠤ ᠨᠣᠮ ᠢ ᠬᠦᠷᠭᠡᠵᠦ ᠬᠢᠨᠠᠭᠤᠯᠬᠤ ᠵᠢᠭᠠᠬᠤ ᠮᠠᠲ᠋ᠧᠷᠢᠶᠠᠯ ᠤᠨ ᠲᠥᠷᠥᠯ ᠵᠦᠢᠯ ᠢᠶᠠᠷ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠶᠢᠨ ᠰᠤᠷᠭᠠᠭᠤᠯᠢ ᠶᠢᠨ ᠱᠠᠲᠤ ᠭᠡᠵᠦ ᠬᠤᠪᠢᠶᠠᠨ᠂ ᠨᠢᠭᠡᠳᠦᠯᠲᠡᠢ ᠨᠢᠭᠡ ᠪᠣᠭᠤᠳᠠᠯ ᠲᠤ ᠪᠣᠭᠤᠳᠠᠯᠯᠠᠵᠤ᠂ ᠬᠠᠪᠢᠰᠤ ᠶᠢ ᠨᠠᠭᠠᠨ᠂ ᠪᠣᠭᠤᠳᠠᠯ ᠳᠣᠲᠣᠷ᠎ᠠ ᠦᠨᠡᠯᠡᠭᠦᠯᠬᠦ ᠶᠠᠩᠵᠤ ᠨᠣᠮ ᠤᠨ ᠭᠠᠷᠴᠠᠭ ᠢ ᠳᠠᠭᠠᠯᠳᠤᠭᠤᠯᠤᠨ ᠬᠦᠷᠭᠡᠨ᠎ᠡ᠃      5. ᠳᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠤᠶᠤ ᠡᠯᠧᠺᠲᠷᠣᠨ ᠬᠡᠪᠯᠡᠭᠳᠡᠬᠦᠨ ᠢ ᠡᠷᠬᠡᠪᠰᠢ ᠰᠢᠯᠵᠢᠮᠡᠯ ᠬᠠᠲᠠᠭᠤ ᠳ᠋ᠢᠰᠺ ︵U ᠳ᠋ᠢᠰᠺ︶ ᠲᠤ ᠬᠠᠳᠠᠭᠠᠯᠠᠵᠤ᠂ ᠠᠭᠤᠯᠭ᠎ᠠ ᠳᠤ ᠨᠢᠭᠡᠴᠢ ᠶᠢᠨ ᠨᠡᠷᠡᠶᠢᠳᠦᠯ ᠵᠡᠷᠭᠡ ᠪᠡᠯᠭᠡᠳᠡᠯ ᠤᠨ ᠴᠢᠨᠠᠷᠲᠠᠢ ᠮᠡᠳᠡᠭᠡ ᠵᠠᠩᠭᠢ ᠶᠢ ᠣᠷᠣᠭᠤᠯᠵᠤ ᠪᠣᠯᠬᠤ ᠦᠭᠡᠢ᠂ ᠭᠠᠳᠠᠷ ᠪᠣᠭᠤᠳᠠᠯ ᠲᠤ ᠨᠢᠭᠡᠴᠢ ᠶᠢᠨ ᠨᠡᠷᠡᠶᠢᠳᠦᠯ ᠢ ᠲᠣᠳᠤᠷᠬᠠᠶᠢᠯᠠᠨ᠎ᠠ᠃      ᠲᠠᠪᠤ᠂ ᠮᠠᠲ᠋ᠧᠷᠢᠶᠠᠯ ᠢ ᠮᠡᠳᠡᠭᠦᠯᠬᠦᠤ᠋ ᠴᠠᠭ      ᠮᠡᠳᠡᠭᠦᠯᠬᠦ ᠴᠠᠭ᠄ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠃      ᠵᠢᠷᠭᠤᠭ᠎ᠠ᠂ ᠪᠤᠰᠤᠳ ᠵᠦᠢᠯ      ︵ᠨᠢᠭᠡ︶ ᠡᠨᠡ ᠤᠳᠠᠭᠠᠨ ᠤ ᠰᠢᠯᠭᠠᠷᠠᠭᠤᠯᠬᠤ ᠠᠵᠢᠯ ᠦᠨᠡᠯᠡᠭᠦᠯᠬᠦ ᠨᠢᠭᠡᠴᠢ ᠠᠴᠠ ᠶᠠᠮᠠᠷᠪᠠ ᠰᠦᠢᠳᠬᠡᠯ ᠬᠤᠷᠢᠶᠠᠬᠤ ᠦᠭᠡᠢ᠃ ᠰᠢᠯᠭᠠᠷᠠᠭᠤᠯᠬᠤ ᠠᠵᠢᠯ ᠢ ᠨᠡᠷ᠎ᠡ ᠪᠢᠴᠢᠬᠦ ᠦᠭᠡᠢ ᠪᠠᠷ ᠦᠨᠡᠯᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠦᠨᠡᠯᠡᠭᠦᠯᠬᠦ ᠮᠠᠲ᠋ᠧᠷᠢᠶᠠᠯ ᠢ ᠡᠷᠬᠡᠪᠰᠢ ᠨᠡᠷ᠎ᠡ ᠪᠢᠴᠢᠬᠦ ᠦᠭᠡᠢ ᠪᠠᠷ ᠦᠨᠡᠯᠡᠬᠦ ᠱᠠᠭᠠᠷᠳᠠᠯᠭ᠎ᠠ ᠶᠣᠰᠣᠭᠠᠷ ᠬᠠᠩᠭᠠᠬᠤ ᠬᠡᠷᠡᠭᠲᠡᠢ᠃      ︵ᠬᠤᠶᠠᠷ︶ ᠰᠢᠯᠭᠠᠷᠠᠭᠤᠯᠬᠤ ᠳᠤ ᠣᠷᠣᠯᠴᠠᠭᠰᠠᠨ ᠡᠯ᠎ᠡ  ᠨᠢᠭᠡᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠴᠢᠩᠭ᠎ᠠ ᠵᠢᠷᠤᠮᠯᠠᠨ᠂ ᠲᠤᠰ ᠠᠯᠪᠠᠨ ᠵᠠᠷᠯᠠᠯ ᠤᠨ ᠱᠠᠭᠠᠷᠳᠠᠯᠭ᠎ᠠ  ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠦᠷᠢᠮ ᠠᠴᠠ ᠵᠥᠷᠢᠴᠡᠨ ᠮᠠᠲ᠋ᠧᠷᠢᠶᠠᠯ ᠬᠠᠩᠭᠠᠭᠰᠠᠨ ᠨᠢᠭᠡᠴᠢ ᠶᠢᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠭᠡᠮ ᠢ ᠬᠠᠰᠤᠨ᠎ᠠ᠃      ︵ᠭᠤᠷᠪᠠ︶ ᠰᠢᠯᠭᠠᠷᠠᠭᠤᠯᠬᠤ ᠢᠶᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠭᠠᠷᠴᠠᠭ ᠲᠤ  ᠵᠢᠭᠰᠠᠭᠠᠭᠳᠠᠨ ᠣᠷᠣᠭᠰᠠᠨ ᠵᠢᠭᠠᠬᠤ ᠮᠠᠲ᠋ᠧᠷᠢᠶᠠᠯ ᠤᠳ ᠬᠡᠷᠪᠡ ᠳᠣᠭᠲᠠᠭᠰᠠᠨ ᠴᠠᠭ ᠲᠤ ᠪᠠᠨ ᠬᠡᠪᠯᠡᠵᠦ ᠳᠡᠶᠢᠯᠬᠦ ᠦᠭᠡᠢ ᠪᠤᠶᠤ ᠬᠢᠴᠢᠶᠡᠯ ᠡᠬᠢᠯᠡᠬᠦ ᠠᠴᠠ ᠡᠮᠦᠨ᠎ᠡ ᠨᠣᠮ ᠢ ᠰᠤᠷᠤᠭᠴᠢᠳ ᠤᠨ ᠭᠠᠷ ᠲᠤ ᠬᠦᠷᠭᠡᠬᠦ ᠶᠢ ᠦᠨᠡᠨ ᠬᠦ ᠪᠠᠲᠤᠯᠠᠵᠤ ᠳᠡᠶᠢᠯᠬᠦ ᠦᠭᠡᠢ ᠪᠣᠯ᠂ 3 ᠵᠢᠯ ᠤᠨ ᠳᠣᠲᠣᠷ᠎ᠠ ᠲᠤᠰ ᠨᠢᠭᠡᠴᠢ ᠮᠠᠨ ᠤ ᠣᠷᠣᠨ ᠤ ᠵᠢᠭᠠᠬᠤ ᠮᠠᠲ᠋ᠧᠷᠢᠶᠠᠯ ᠪᠤᠶᠤ ᠵᠢᠭᠠᠨ ᠰᠤᠷᠭᠠᠯᠲᠠ ᠶᠢᠨ ᠳᠤᠰᠠᠯᠠᠮᠵᠢ ᠮᠠᠲ᠋ᠧᠷᠢᠶᠠᠯ ᠤᠨ ᠰᠢᠯᠭᠠᠷᠠᠭᠤᠯᠤᠯᠲᠠ ᠳᠤ ᠣᠷᠣᠯᠴᠠᠬᠤ ᠶᠢ ᠵᠥᠪᠰᠢᠶᠡᠷᠡᠬᠦ ᠦᠭᠡᠢ᠂ ᠨᠢᠭᠡᠨᠲᠡ ᠰᠣᠩᠭᠤᠭᠳᠠᠭᠰᠠᠨ ᠵᠢᠭᠠᠬᠤ ᠮᠠᠲ᠋ᠧᠷᠢᠶᠠᠯ᠂ ᠵᠢᠭᠠᠨ ᠰᠤᠷᠭᠠᠯᠲᠠ ᠶᠢᠨ ᠳᠤᠰᠠᠯᠠᠮᠵᠢ ᠮᠠᠲ᠋ᠧᠷᠢᠶᠠᠯ ᠢ ᠬᠦᠴᠦᠨ ᠦᠭᠡᠢ ᠪᠣᠯᠭᠠᠨ᠎ᠠ᠃      ︵ᠳᠥᠷᠪᠡ︶ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠡᠯ᠎ᠡ ᠦᠨᠡᠯᠡᠭᠦᠯᠬᠦ ᠮᠠᠲ᠋ᠧᠷᠢᠶᠠᠯ ᠢ ᠰᠢᠯᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢ ᠬᠢᠨᠠᠨ ᠪᠠᠶᠢᠴᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶᠡᠨ ᠳᠤ ᠦᠷ᠎ᠡ ᠳ᠋ᠦᠩ ᠶᠢ 7 ᠡᠳᠦᠷ ᠢᠯᠡ ᠨᠡᠶᠢᠲᠡᠯᠡᠨ᠎ᠡ᠃ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠮᠠᠨ ᠤ ᠲᠢᠩᠬᠢᠮ ᠳᠤ ᠲᠤᠰᠬᠠᠵᠤ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠠᠰᠠᠭᠤᠳᠠᠯ ᠲᠠᠢ ᠵᠢᠭᠠᠬᠤ ᠮᠠᠲ᠋ᠧᠷᠢᠶᠠᠯ  ᠤᠨ ᠰᠣᠩᠭᠤᠭᠳᠠᠭᠰᠠᠨ ᠬᠢᠷᠢ ᠭᠡᠮ ᠢ ᠬᠦᠴᠦᠨ ᠦᠭᠡᠢ ᠪᠣᠯᠭᠠᠨ᠎ᠠ᠃      ︵ᠲᠠᠪᠤ︶ ᠶᠠᠩᠵᠤ ᠨᠣᠮ ︵U ᠳ᠋ᠢᠰᠺ︶᠂ ᠳᠠᠷᠤᠮᠠᠯᠯᠠᠯ ᠢ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠢᠭᠠᠬᠤ ᠮᠠᠲ᠋ᠧᠷᠢᠶᠠᠯ ᠤᠨ ᠭᠠᠵᠠᠷ ︵ᠬᠥᠬᠡᠬᠤᠲᠠ ᠶᠢᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ︶      ᠬᠠᠷᠢᠯᠴᠠᠬᠤ ᠬᠥᠮᠦᠨ᠄ ᠯᠢ ᠨᠠ  ᠤᠲᠠᠰᠤ᠄ 0471 - 2856612         ᠳᠠᠭᠠᠯᠳᠤᠭᠤᠯᠤᠯ᠄       1. ᠦᠨᠡᠯᠡᠭᠦᠯᠬᠦ ᠭᠤᠶᠤᠴᠢᠯᠠᠯ ‍ᠤᠨ‌‍ᠬᠦ᠋ᠰᠦᠨᠦᠭ      2. ᠦᠨᠡᠯᠡᠭᠦᠯᠬᠦ ᠶᠠᠩᠵᠤ ᠨᠣᠮ ᠤᠨ ᠭᠠᠷᠴᠠᠭ      3. ᠦᠨᠡᠯᠡᠭᠦᠯᠬᠦ ᠠᠮᠠᠯᠠᠯᠲᠠ ᠶᠢᠨ ᠪᠢᠴᠢᠭ ︵ᠦᠯᠢᠭᠡᠷ ᠶᠠᠩᠵᠤ︶      4. ᠦᠨᠡᠯᠡᠭᠦᠯᠬᠦ ᠶᠠᠩᠵᠤ ᠨᠣᠮ ᠤᠨ ᠬᠠᠪᠢᠰᠤᠨ ᠤ ᠠᠭᠤᠯᠭ᠎ᠠ ᠪᠠ ᠬᠡᠯᠪᠡᠷᠢ      5. ᠳᠠᠩᠰᠠ ᠡᠪᠬᠡᠮᠡᠯ ᠤᠨ ᠬᠠᠶᠢᠷᠴᠠᠭ ᠤᠨ ᠬᠠᠪᠢᠰᠤᠨ ᠤ ᠬᠡᠯᠪᠡᠷᠢ ᠪᠠ ᠱᠠᠭᠠᠷᠳᠠᠯᠭ᠎ᠠ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 7 ᠰᠠᠷ᠎ᠠ ᠶᠢᠨ 30 ᠤ ᠡᠳᠦᠷᠳᠠᠭᠠᠯᠳᠤᠭᠤᠯᠤᠯ 1᠄ 1. ᠦᠨᠡᠯᠡᠭᠦᠯᠬᠦ ᠭᠤᠶᠤᠴᠢᠯᠠᠯ ᠤᠨ ᠬᠦᠰᠦᠨᠦᠭ .docᠳᠠᠭᠠᠯᠳᠤᠭᠤᠯᠤᠯ 2᠄ 2. ᠦᠨᠡᠯᠡᠭᠦᠯᠬᠦ ᠶᠠᠩᠵᠤ ᠨᠣᠮ ᠤᠨ ᠭᠠᠷᠴᠠᠭ .docᠳᠠᠭᠠᠯᠳᠤᠭᠤᠯᠤᠯ 3᠄ 3. ᠦᠨᠡᠯᠡᠭᠦᠯᠬᠦ ᠠᠮᠠᠯᠠᠯᠲᠠ ᠶᠢᠨ ᠪᠢᠴᠢᠭ ︵ᠦᠯᠢᠭᠡᠷ ᠶᠠᠩᠵᠤ︶ .docᠳᠠᠭᠠᠯᠳᠤᠭᠤᠯᠤᠯ 4᠄ 4. ᠦᠨᠡᠯᠡᠭᠦᠯᠬᠦ ᠶᠠᠩᠵᠤ ᠨᠣᠮ ᠤᠨ ᠬᠠᠪᠢᠰᠤᠨ ᠤ ᠠᠭᠤᠯᠭ᠎ᠠ ᠪᠠ ᠬᠡᠯᠪᠡᠷᠢ .docᠳᠠᠭᠠᠯᠳᠤᠭᠤᠯᠤᠯ 5᠄ 5. ᠳᠠᠩᠰᠠ ᠡᠪᠬᠡᠮᠡᠯ ᠤᠨ ᠬᠠᠶᠢᠷᠴᠠᠭ ᠤᠨ ᠬᠠᠪᠢᠰᠤᠨ ᠤ ᠬᠡᠯᠪᠡᠷᠢ ᠪᠠ ᠱᠠᠭᠠᠷᠳᠠᠯᠭ᠎ᠠ .doc 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map