2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠳᠤᠮᠳᠠ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/8/1
      ᠣᠶᠢᠷ᠎ᠠ ᠳᠤ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠢᠴᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ  ᠶᠢᠨ ᠳᠤᠭᠤᠶᠢᠯᠠᠩ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠥᠨᠳᠥᠷᠯᠡᠪᠡ᠃

1.jpg

2.jpg

     7 ᠡᠳᠦᠷ ᠤᠨ ᠤᠷᠤᠯᠳᠤᠭᠠᠨ ᠳᠤ᠂ ᠪᠦᠬᠦ ᠣᠷᠣᠨ ᠤ 15 ᠡᠷᠡᠭᠲᠡᠢ᠂ ᠡᠮᠡᠭᠲᠡᠢ ᠶᠢᠨ ᠲᠥᠯᠥᠭᠡᠯᠡᠭᠴᠢᠳ ᠤᠨ

ᠠᠩᠭᠢ ᠶᠢᠨ 300 ᠭᠠᠷᠤᠢ ᠰᠤᠷᠤᠭᠴᠢ ᠲᠠᠮᠢᠷᠴᠢᠨ ᠪᠠ ᠰᠤᠷᠭᠠᠭᠴᠢ ᠤᠷᠤᠯᠳᠤᠭᠠᠨ ᠳᠤ ᠣᠷᠣᠯᠴᠠᠵᠠᠢ᠃

3.jpg

            ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

            ᠲᠥᠯᠥᠭᠡᠯᠡᠭᠴᠢᠳ ᠤᠨ ᠠᠩᠭᠢ ᠡᠷᠡᠭᠲᠡᠢ ᠶᠢᠨ ᠳᠤᠭᠤᠶᠢᠯᠠᠩ ᠳᠤ ᠮᠠᠩᠯᠠᠶᠢᠯᠠᠪᠠ

4.jpg

            ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠳᠡᠭᠡᠳᠦ

            ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠬᠢ

            ᠡᠷᠡᠭᠲᠡᠢ ᠶᠢᠨ ᠳᠤᠭᠤᠶᠢᠯᠠᠩ ᠳᠤ ᠳᠡᠳ᠋ᠯᠡᠪᠡ

5.jpg

            ᠬᠥᠯᠥᠨ ᠪᠤᠶᠢᠷ ᠬᠤᠲᠠ ᠶᠢᠨ ᠮᠠᠨᠵᠤᠤᠷ ᠬᠤᠲᠠ ᠶᠢᠨ ᠳᠤᠮᠳᠠ ᠵᠡᠷᠭᠡ ᠶᠢᠨ ᠠᠵᠢᠯ

            ᠮᠡᠷᠭᠡᠵᠢᠯ ᠤᠨ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠡᠷᠡᠭᠲᠡᠢ ᠶᠢᠨ

            ᠳᠤᠭᠤᠶᠢᠯᠠᠩ ᠤᠨ ᠭᠤᠲᠠᠭᠠᠷ ᠲᠤ ᠲᠣᠳᠣᠷᠠᠪᠠ

6.jpg

            ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ

            ᠲᠥᠯᠥᠭᠡᠯᠡᠭᠴᠢᠳ ᠤᠨ ᠠᠩᠭᠢ ᠡᠮᠡᠭᠲᠡᠢ ᠶᠢᠨ ᠳᠤᠭᠤᠶᠢᠯᠠᠩ ᠳᠤ ᠮᠠᠩᠯᠠᠶᠢᠯᠠᠪᠠ

7.jpg

            ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ

            ᠲᠥᠯᠥᠭᠡᠯᠡᠭᠴᠢᠳ ᠤᠨ ᠠᠩᠭᠢ ᠡᠮᠡᠭᠲᠡᠢ ᠶᠢᠨ ᠳᠤᠭᠤᠶᠢᠯᠠᠩ ᠳᠤ ᠳᠡᠳ᠋ᠯᠡᠪᠡ

8.jpg

            ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ

            ᠮᠡᠷᠭᠡᠵᠢᠯ ᠤᠨ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠡᠮᠡᠭᠲᠡᠢ ᠶᠢᠨ

            ᠳᠤᠭᠤᠶᠢᠯᠠᠩ ᠤᠨ ᠭᠤᠲᠠᠭᠠᠷ ᠲᠤ ᠲᠣᠳᠤᠷᠠᠪᠠ

   

      ᠴᠡᠯ ᠨᠣᠭᠤᠭᠠᠨ ᠵᠦᠯᠭᠡᠨ ᠳᠡᠭᠡᠷ᠎ᠡ᠂ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ

ᠰᠡᠳᠬᠢᠯᠭᠡ ᠪᠠᠷ ᠰᠡᠳᠬᠢᠯ ᠨᠢᠭᠡᠳᠦᠨ ᠡᠷᠡᠮᠡᠬᠡᠶᠢᠯᠡᠨ ᠮᠥᠷᠦᠶᠢᠴᠡᠵᠦ᠂ 39 ᠲᠠᠯᠠᠪᠤᠷ ᠤᠳᠠᠭ᠎ᠠ ᠶᠢᠨ ᠬᠤᠷᠴᠠ ᠰᠢᠷᠦᠭᠦᠨ

ᠮᠥᠷᠦᠶᠢᠴᠡᠯᠳᠦᠭᠡᠨ ᠢᠶᠠᠷ ᠳᠠᠮᠵᠢᠨ᠂ ᠡᠴᠦᠰ ᠲᠤ  ᠪᠠᠨ ᠲᠦᠩᠯᠢᠶᠣᠤ ᠬᠤᠲᠠ ᠶᠢᠨ ᠠᠵᠤ ᠦᠢᠯᠡᠳᠪᠦᠷᠢ ᠶᠢᠨ ᠠᠵᠢᠯ

ᠮᠡᠷᠭᠡᠵᠢᠯ ᠤᠨ ᠰᠤᠷᠭᠠᠭᠤᠯᠢ ᠶᠢᠨ ᠡᠷᠡᠭᠲᠡᠢ᠂ ᠡᠮᠡᠭᠲᠡᠢ ᠶᠢᠨ ᠲᠥᠯᠥᠭᠡᠯᠡᠭᠴᠢᠳ ᠤᠨ ᠠᠩᠭᠢ ᠶᠢᠨ ᠬᠢᠨ ᠬᠤᠶᠠᠷ

ᠳᠤᠭᠤᠶᠢᠯᠠᠩ ᠳᠤ ᠮᠠᠩᠯᠠᠶᠢᠯᠠᠵᠤ᠂ ᠲᠡᠷᠢᠭᠦᠨ ᠱᠠᠩᠨᠠᠯ ᠤᠨ ᠬᠤᠨᠳᠠᠭ᠎ᠠ ᠶᠢ ᠲᠣᠰᠤᠭᠰᠠᠨ ᠪᠠᠶᠢᠨ᠎ᠠ᠃ ᠣᠷᠳᠣᠰ

ᠬᠤᠲᠠ ᠶᠢᠨ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠬᠥᠯᠥᠨ

ᠪᠤᠶᠢᠷ ᠬᠤᠲᠠ ᠶᠢᠨ ᠮᠠᠨᠵᠤᠤᠷ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠤᠰ ᠲᠤᠰ

ᠡᠷᠡᠭᠲᠡᠢ ᠶᠢᠨ ᠳᠤᠭᠤᠶᠢᠯᠠᠩ ᠤᠨ ᠳᠡᠳ᠋ ᠪᠠ ᠭᠤᠲᠠᠭᠠᠷ ᠲᠤ ᠣᠷᠣᠵᠤ᠂ ᠰᠢᠯᠢ ᠶᠢᠨ ᠭᠤᠣᠯ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ

ᠰᠤᠷᠭᠠᠭᠤᠯᠢ ᠲᠤᠰ ᠲᠤᠰ ᠡᠮᠡᠭᠲᠡᠢ ᠶᠢᠨ ᠳᠤᠭᠤᠶᠢᠯᠠᠩ ᠤᠨ ᠳᠡᠳ᠋ ᠪᠠ ᠭᠤᠳᠠᠭᠠᠷ ᠲᠤ ᠣᠷᠣᠪᠠ᠃

      ᠡᠨᠡ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ

ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠬᠡᠷᠡᠭᠵᠢᠭᠦᠯᠵᠦ᠂ ᠬᠢᠩᠭᠠᠨ ᠠᠶᠢᠮᠠᠭ ᠤᠨ ᠰᠤᠷᠭᠠᠨ

ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠬᠠᠮᠵᠢᠨ ᠡᠷᠬᠢᠯᠡᠪᠡ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map