2024 ᠲᠣᠷᠭᠠᠨ ᠵᠠᠮ ᠣᠯᠠᠨ ᠤᠯᠤᠰ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ ᠮᠣᠩᠭᠤᠯ︶ ᠤᠨ ᠲᠡᠵᠢᠭᠡᠪᠦᠷᠢ ᠶᠢᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠪᠠ ᠬᠦᠪᠦᠷᠡᠯ ᠤᠨ ᠢᠨᠵᠧᠨᠧᠷᠢᠩ ᠤᠨ ᠮᠡᠷᠭᠡᠵᠢᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/12
      8 ᠳ᠋ᠤᠭᠠᠷ ᠰᠠᠷ᠎ᠠ ᠶᠢᠨ 9 - 10 ᠤ ᠡᠳᠦᠷ᠂ 2024 ᠲᠣᠷᠭᠠᠨ ᠵᠠᠮ ᠣᠯᠠᠨ ᠤᠯᠤᠰ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ ᠮᠣᠩᠭᠤᠯ︶ ᠤᠨ ᠲᠡᠵᠢᠭᠡᠪᠦᠷᠢ ᠶᠢᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠪᠠ ᠬᠦᠪᠦᠷᠡᠯ  ᠤᠨ ᠢᠨᠵᠧᠨᠧᠷᠢᠩ ᠤᠨ ᠮᠡᠷᠭᠡᠵᠢᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃

1.jpg

      ᠬᠤᠷᠠᠯ ᠤᠨ ᠬᠤᠭᠤᠴᠠᠭᠠᠨ ᠳᠤ᠂ 30 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠳ ︽ᠬᠦᠪᠦᠷᠡᠯ ᠤᠨ

ᠢᠨᠵᠧᠨᠧᠷᠢᠩ ᠪᠣᠯᠤᠨ ᠦᠷ᠎ᠡ ᠡᠳ᠋ ᠢ ᠦᠢᠯᠡᠳᠬᠦ᠂ ᠰᠢᠨ᠎ᠡ ᠮᠡᠷᠭᠡᠵᠢᠯ / ᠰᠢᠨ᠎ᠡ ᠦᠢᠯᠡᠳᠬᠦᠨ᠂ ᠭᠤᠣᠯ ᠡᠰ ᠢ

ᠲᠡᠵᠢᠭᠡᠨ ᠦᠷᠡᠵᠢᠭᠦᠯᠬᠦ ᠪᠤᠶᠤ ᠪᠤᠶᠢᠵᠢᠯᠲᠠ ᠶᠢ ᠲᠣᠬᠢᠷᠠᠭᠤᠯᠤᠨ ᠡᠵᠡᠮᠳᠡᠬᠦ︾ ᠬᠦᠷᠢᠶᠡᠨ ᠤ ᠲᠣᠭᠤᠷᠢᠨ ᠳᠤ ᠭᠤᠣᠯ

ᠰᠡᠳᠦᠪᠲᠦ ᠮᠡᠳᠡᠭᠦᠯᠦᠯᠲᠡ ᠬᠢᠵᠦ ᠲᠤᠰᠬᠠᠢ ᠰᠡᠳᠦᠪ ᠢᠶᠠᠷ ᠬᠤᠪᠢᠶᠠᠯᠴᠠᠪᠠ᠃ ᠤᠯᠤᠰ ᠤᠨ ᠦᠷ᠎ᠡ ᠶᠢᠨ ᠦᠢᠯᠡᠰ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠴᠢᠭᠯᠡᠭᠦᠯᠦᠨ᠂ ᠬᠤᠷᠠᠯ ᠳᠤ ᠣᠷᠣᠯᠴᠠᠭᠰᠠᠨ ᠬᠦᠨᠳᠦᠲᠦ

ᠵᠣᠴᠢᠳ ᠮᠠᠨ ᠤ ᠤᠯᠤᠰ ᠤᠨ ᠲᠡᠵᠢᠭᠡᠪᠦᠷᠢ ᠶᠢᠨ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ

ᠪᠣᠭᠤᠮᠲᠠ ᠰᠢᠪᠲᠤᠯᠬᠤ ᠰᠢᠨ᠎ᠡ ᠬᠠᠮᠲᠤᠷᠠᠯᠴᠠᠭᠠᠨ ᠤ ᠵᠠᠭᠪᠤᠷ ᠪᠣᠯᠤᠨ ᠰᠢᠨ᠎ᠡ ᠶᠢ ᠡᠭᠦᠳᠬᠦ ᠲᠣᠭᠲᠠᠴᠠ ᠶᠢ

ᠰᠦᠪᠡᠭᠴᠢᠯᠡᠬᠦ᠂ ᠥᠨᠳᠥᠷ ᠡᠨᠧᠷᠭᠢ ᠶᠢᠨ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠲᠠᠪᠴᠠᠩ ᠢ ᠪᠠᠬᠢᠵᠢᠭᠦᠯᠬᠦ᠂ ᠮᠠᠨ ᠤ ᠣᠷᠣᠨ ᠤ ᠲᠡᠵᠢᠭᠡᠪᠦᠷᠢ ᠶᠢᠨ ᠦᠷ᠎ᠡ ᠶᠢᠨ ᠦᠢᠯᠡᠰ ᠲᠤ ᠠᠵᠤ

ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠵᠢᠴᠢ ᠴᠢᠨᠠᠷᠯᠢᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ

 ᠤᠨ ᠦᠷ᠎ᠡ ᠪᠦᠲᠦᠭᠡᠯ ᠢ ᠤᠯᠠᠷᠢᠭᠤᠯᠬᠤ ᠲᠠᠯ᠎ᠠ ᠪᠠᠷ ᠭᠦᠨᠵᠡᠭᠡᠢ ᠰᠣᠯᠢᠯᠴᠠᠪᠠ᠃ ᠡᠭᠦᠨ ᠠᠴᠠ ᠭᠠᠳᠠᠨ᠎ᠠ᠂

ᠬᠤᠷᠠᠯ ᠠᠴᠠ ᠪᠠᠰᠠ ᠲᠡᠵᠢᠭᠡᠪᠦᠷᠢ ᠶᠢᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠪᠠ ᠬᠦᠪᠦᠷᠡᠯ ᠤᠨ

ᠢᠨᠵᠧᠨᠧᠷᠢᠩ ᠤᠨ ᠮᠡᠷᠭᠡᠵᠢᠯ ᠤᠨ ᠬᠦᠷᠢᠶᠡᠨ ᠳᠠᠬᠢ ᠰᠢᠯᠢᠳᠡᠭ ᠰᠤᠷᠤᠭᠴᠢ ᠶᠢᠨ ᠬᠠᠨ᠎ᠠ ᠶᠢᠨ ᠰᠣᠨᠢᠨ ᠢ

ᠲᠥᠪᠯᠡᠷᠡᠭᠦᠯᠦᠨ  ᠦᠵᠡᠭᠦᠯᠪᠡ᠃

   

2.jpg

3.jpg

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠣᠷᠭᠠᠨ ᠵᠠᠮ

ᠣᠯᠠᠨ ᠤᠯᠤᠰ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ          

ᠮᠣᠩᠭᠤᠯ︶ ᠢᠶᠠᠷ ᠲᠠᠪᠴᠠᠩ ᠪᠣᠯᠭᠠᠵᠤ᠂ ᠮᠠᠨ ᠤ ᠣᠷᠣᠨ ᠤ ᠣᠯᠠᠨ ᠤᠯᠤᠰ ᠤᠨ ᠦᠢᠯᠡᠳᠪᠦᠷᠢᠯᠡᠬᠦ ᠵᠢᠭᠠᠬᠤ

ᠰᠤᠳᠤᠯᠬᠤ ᠬᠡᠷᠡᠭᠯᠡᠬᠦ ᠲᠥᠷᠥᠯ ᠵᠦᠢᠯ ᠤᠨ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠳᠤᠮᠳᠠᠳᠤ ᠭᠠᠳᠠᠭᠠᠳᠤ ᠶᠢᠨ

ᠬᠤᠣᠰ ᠵᠢᠯᠣᠭᠤᠳᠣᠭᠴᠢ ᠪᠠᠭᠰᠢ ᠬᠠᠮᠲᠤᠷᠠᠨ ᠰᠣᠳᠤᠯᠬᠤ ᠰᠤᠷᠤᠭᠴᠢ ᠬᠥᠮᠦᠵᠢᠭᠦᠯᠬᠦ᠂ ᠣᠯᠠᠨ ᠤᠯᠤᠰ ᠤᠨ

ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ᠢ ᠡᠷᠬᠢᠯᠡᠬᠦ ᠵᠡᠷᠭᠡ ᠠᠵᠢᠯ ᠢ

ᠢᠳᠡᠪᠬᠢᠲᠡᠢ ᠥᠷᠨᠢᠭᠦᠯᠪᠡ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠣᠯᠠᠨ ᠤᠯᠤᠰ ᠤᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ᠤᠨ

ᠨᠡᠷᠡᠲᠦ ᠲᠡᠮᠳᠡᠭᠲᠦ ᠶᠢᠨ ᠳᠠᠪᠠᠭᠤᠯᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠰᠤᠷᠭᠠᠨ ᠬᠥᠮᠦᠵᠢᠯ ᠤᠨ

ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠮᠠᠨ ᠤ ᠣᠷᠣᠨ ᠤ ᠭᠤᠣᠯᠳᠠᠯᠭ᠎ᠠ ᠲᠠᠢ

ᠰᠢᠨᠵᠢᠯᠡᠭᠡᠨ ᠤ ᠰᠠᠯᠠᠭᠠᠨ ᠤ ᠣᠯᠠᠨ ᠤᠯᠤᠰ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠵᠦ᠂ ᠮᠠᠨ 

 ᠤ ᠣᠷᠣᠨ ᠤ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠦᠨ᠎ᠡ᠃

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠵᠢᠯᠣᠭᠤᠳᠴᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ

ᠰᠢᠨ᠎ᠡ ᠶᠢ ᠡᠭᠦᠳᠬᠦ ᠲᠥᠪ᠂ ᠶᠢᠦ ᠿᠠᠨ ᠮᠠᠯᠵᠢᠯ ᠤᠨ ᠦᠢᠯᠡᠰ ᠤᠨ ᠰᠠᠢ ᠺᠧ ᠰᠢᠩ ᠪᠦᠯᠦᠭᠯᠡᠯ ᠠᠴᠠ ᠭᠤᠣᠯᠯᠠᠨ

ᠡᠷᠬᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ 487 ᠬᠦᠨᠳᠦᠲᠦ ᠵᠣᠴᠢᠨ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map