ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠭᠤᠣᠯᠯᠠᠭᠴᠢ ᠶᠢᠨ ᠪᠣᠯᠪᠠᠰᠤᠷᠠᠯ ᠤᠨ ᠠᠩᠭᠢ ᠵᠢᠴᠢ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/12
      8 ᠳ᠋ᠤᠭᠠᠷ ᠰᠠᠷ᠎ᠠ ᠶᠢᠨ 9 - 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠭᠤᠣᠯᠯᠠᠭᠴᠢ ᠶᠢᠨ ᠪᠣᠯᠪᠠᠰᠤᠷᠠᠯ ᠤᠨ ᠠᠩᠭᠢ ᠵᠢᠴᠢ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠡᠷᠬᠢᠯᠡᠭᠴᠢ ᠭᠡᠰᠢᠭᠦᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠯᠦ ᠬᠠᠢ ᠸᠧᠨ ᠬᠤᠷᠠᠯ ᠳᠤ ᠣᠷᠣᠯᠴᠠᠭᠰᠠᠨ ᠪᠥᠭᠡᠳ ᠮᠡᠳᠡᠭᠦᠯᠦᠯᠲᠡ ᠬᠢᠪᠡ᠃ 

1.jpg

      ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠠᠯᠠᠭ᠎ᠠ

ᠮᠥᠴᠢᠷ ᠪᠣᠯᠤᠨ ᠰᠤᠷᠭᠠᠭᠤᠯᠢ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ

ᠮᠡᠨᠳᠦ ᠶᠢᠨ ᠬᠥᠮᠦᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ

ᠰᠤᠷᠭᠠᠨ ᠬᠥᠮᠦᠵᠢᠯ ᠤᠨ ᠣᠶᠢᠯᠠᠭᠠᠭᠳᠠᠬᠤᠨ  ᠢ ᠪᠠᠷᠢᠮᠲᠠᠯᠠᠨ᠂ ᠰᠤᠷᠤᠭᠴᠢᠳ ᠤᠨ ᠡᠷᠡᠭᠦᠯ ᠮᠡᠨᠳᠦ ᠶᠢᠨ ᠬᠡᠪ

ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠨᠠᠷᠯᠢᠭ ᠰᠤᠷᠭᠠᠨ ᠬᠥᠮᠦᠵᠢᠯ ᠤᠨ ᠳᠣᠭᠲᠠᠯᠴᠠᠭᠠᠨ ᠳᠤ

ᠣᠷᠣᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠰᠡᠳᠬᠢᠴᠡ ᠶᠢᠨ ᠡᠷᠡᠭᠦᠯ ᠮᠡᠨᠳᠦ᠂ ᠣᠶᠢᠷ᠎ᠠ

ᠬᠠᠷᠠᠭ᠎ᠠ ᠶᠢ ᠰᠡᠷᠭᠡᠶᠢᠯᠡᠨ ᠡᠵᠡᠮᠳᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠴᠢ ᠪᠦᠬᠦ ᠤᠯᠤᠰ ᠤᠨ

ᠡᠷᠡᠭᠦᠯ ᠮᠡᠨᠳᠦ ᠶᠢᠨ ᠰᠤᠷᠭᠠᠭᠤᠯᠢ᠂ ᠲᠦᠷᠭᠡᠨ ᠠᠪᠤᠷᠠᠯᠲᠠ ᠶᠢᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠶᠢᠨ

ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ  ᠠᠴᠠ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ

ᠪᠠᠶᠢᠷᠢᠯᠠᠭᠤᠯᠪᠠ᠃

      ᠬᠤᠷᠠᠯ ᠤᠨ ᠬᠤᠭᠤᠴᠠᠭᠠᠨ ᠳᠤ᠂ ᠣᠷᠣᠨ ᠤ ᠳᠣᠲᠤᠨ᠎ᠠ ᠭᠠᠳᠠᠨᠠᠬᠢ ᠰᠤᠷᠭᠠᠭᠤᠯᠢ ᠶᠢᠨ ᠡᠷᠡᠭᠦᠯ ᠬᠠᠮᠠᠭᠠᠯᠠᠯ

ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠬᠦᠷᠢᠶᠡᠨ ᠳᠠᠬᠢ ᠨᠡᠷᠡᠲᠦ ᠲᠤᠰᠬᠠᠢ ᠮᠡᠷᠭᠡᠵᠢᠯᠲᠡᠨ ᠠᠬᠤᠢ ᠲᠠᠯᠠᠪᠠᠢ ᠳᠤ

ᠬᠢᠴᠢᠶᠡᠯ ᠣᠷᠣᠵᠤ᠂ ᠰᠤᠷᠤᠭᠴᠢᠳ ᠲᠠᠢ ᠭᠦᠨᠵᠡᠭᠡᠢ ᠶᠠᠷᠢᠯᠴᠠᠨ᠂ ᠡᠯ᠎ᠡ ᠬᠦᠷᠢᠶᠡᠨ ᠳᠠᠬᠢ ᠦᠢᠯᠡᠳᠦᠯᠭᠡ ᠶᠢᠨ

ᠲᠤᠷᠰᠢᠯᠭ᠎ᠠ ᠪᠠ ᠰᠤᠳᠤᠯᠭᠠᠨ ᠤ ᠦᠷ᠎ᠡ ᠪᠦᠲᠦᠭᠡᠯ ᠢ ᠬᠤᠪᠢᠶᠠᠯᠴᠠᠨ ᠡᠳ᠋ᠯᠡᠪᠡ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠪᠤᠨ

ᠬᠥᠮᠦᠵᠢᠯ ᠢ ᠵᠡᠷᠭᠡ ᠪᠠᠷ ᠪᠠᠷᠢᠮᠲᠠᠯᠠᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ ᠶᠢᠨ

ᠬᠥᠮᠦᠵᠢᠯ ᠤᠨ ᠠᠵᠢᠯ ᠢ ᠠᠬᠢᠭᠤᠯᠵᠤ᠂ ᠰᠤᠷᠤᠭᠴᠢᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠪᠦᠬᠦ

ᠲᠠᠯ᠎ᠠ ᠪᠠᠷ ᠳᠡᠭᠡᠭᠰᠢᠯᠡᠭᠦᠯᠬᠦ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠬᠠᠷᠠᠯᠲᠠ ᠪᠠ ᠦᠨᠡᠯᠡᠬᠦ

ᠪᠠᠷᠢᠮᠵᠢᠶ᠎ᠠ ᠪᠣᠯᠭᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠡᠷᠡᠭᠦᠯ ᠬᠠᠮᠠᠭᠠᠯᠠᠯ ᠪᠣᠯᠤᠨ ᠡᠷᠡᠭᠦᠯ

ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ᠂ ᠥᠪᠥᠷ ᠮᠣᠩᠭᠤᠯ ᠤᠨ ᠠᠨᠠᠭᠠᠬᠤ

ᠤᠬᠠᠭᠠᠨ ᠤ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ

ᠳᠠᠭᠠᠭᠠᠴᠢᠯᠠᠨ ᠡᠷᠬᠢᠯᠡᠵᠦ᠂ ᠡᠯ᠎ᠡ ᠠᠶᠢᠮᠠᠭ ᠬᠤᠲᠠ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠡᠷᠡᠭᠦᠯ ᠬᠠᠮᠠᠭᠠᠯᠠᠯ

ᠪᠣᠯᠤᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠬᠠᠷᠢᠭᠤᠴᠠᠯᠭᠠᠲᠠᠨ᠂ ᠪᠦᠬᠦ ᠤᠯᠤᠰ ᠤᠨ ᠠᠩᠬᠠᠳᠠᠭᠴᠢ

ᠪᠦᠯᠦᠭ ᠤᠨ ᠡᠷᠡᠭᠦᠯ ᠮᠡᠨᠳᠦ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠵᠢᠴᠢ ᠬᠤᠶᠠᠳᠠᠬᠢ

ᠪᠦᠯᠦᠭ ᠤᠨ ᠪᠦᠬᠦ ᠤᠯᠤᠰ ᠤᠨ ᠰᠤᠷᠭᠠᠭᠤᠯᠢ ᠶᠢᠨ ᠲᠦᠷᠭᠡᠨ ᠠᠪᠤᠷᠠᠯᠲᠠ  ᠶᠢᠨ ᠰᠤᠷᠭᠠᠨ ᠬᠥᠮᠦᠵᠢᠯ ᠤᠨ 30

ᠲᠤᠷᠰᠢᠯᠲᠠ ᠶᠢᠨ ᠰᠤᠷᠭᠠᠭᠤᠯᠢ ᠶᠢᠨ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map