ᠣᠯᠠᠨ ᠤᠯᠤᠰ ᠤᠨ ᠰᠢᠨᠵᠢᠯᠡᠬᠦ ᠤᠬᠠᠭᠠᠨ ᠤ ᠬᠤᠰᠢᠭᠤᠷᠠᠯ ᠤᠨ ᠶᠠᠷᠢᠶᠠᠨ ᠤ ᠲᠠᠪᠴᠠᠩ ᠵᠢᠴᠢ ︽ᠯᠦᠸᠧ ᠯᠢᠶᠣᠤ ᠹᠦ᠋ ᠣᠳᠣ︾ ᠶᠢ ᠨᠡᠷᠡᠶᠢᠳᠬᠦ ᠶᠣᠰᠣᠯᠠᠯ ᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/12
      8 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠣᠯᠠᠨ ᠤᠯᠤᠰ ᠤᠨ ᠰᠢᠨᠵᠢᠯᠡᠬᠦ ᠤᠬᠠᠭᠠᠨ ᠤ ᠬᠤᠰᠢᠭᠤᠷᠠᠯ ᠤᠨ ᠶᠠᠷᠢᠶᠠᠨ ᠤ ᠲᠠᠪᠴᠠᠩ ᠵᠢᠴᠢ ︽ᠯᠦᠸᠧ ᠯᠢᠶᠣᠤ ᠹᠦ᠋ ᠣᠳᠣ︾ ᠶᠢ ᠨᠡᠷᠡᠶᠢᠳᠬᠦ ᠶᠣᠰᠣᠯᠠᠯ ᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠭᠤᠯᠪᠠ᠃

1.webp.png

      ᠶᠣᠰᠣᠯᠠᠯ ᠤᠨ ᠠᠬᠤᠢ ᠲᠠᠯᠠᠪᠠᠢ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ

ᠤᠯᠤᠰ ᠤᠨ ᠣᠳᠣᠨ ᠣᠷᠣᠨ ᠤ ᠥᠷᠲᠡᠭᠡ ᠠᠴᠠ ᠳᠤᠮᠳᠠᠳᠤ ᠤᠯᠤᠰ ᠤᠨ ᠣᠨᠣᠯ ᠤᠨ ᠠᠮᠢᠳᠤ ᠪᠣᠳᠠᠰ ᠤᠨ

ᠹᠢᠽᠢᠺ ᠤᠨ ᠤᠬᠠᠭᠠᠨ ᠤ ᠡᠭᠦᠳᠦᠨ ᠨᠡᠭᠡᠭᠡᠭᠴᠢ ᠯᠦᠸᠧ ᠯᠢᠶᠣᠤ ᠹᠦ᠋ ᠫᠷᠤᠹᠧᠰᠰᠤᠷ ᠲᠤ ︽ᠯᠦᠸᠧ ᠯᠢᠶᠣᠤ ᠹᠦ᠋

ᠣᠳᠣ︾ ᠶᠢᠨ ᠣᠯᠠᠨ ᠤᠯᠤᠰ ᠤᠨ ᠨᠡᠷᠡᠶᠢᠳᠬᠦ ᠠᠯᠪᠠᠨ ᠮᠡᠳᠡᠭᠡ᠂ ᠨᠡᠷᠡᠶᠢᠳᠬᠦ ᠦᠨᠡᠮᠯᠡᠯ ᠵᠢᠴᠢ ︽ᠯᠦᠸᠧ ᠯᠢᠶᠣᠤ

ᠹᠦ᠋ ᠣᠳᠣ︾ ᠭᠡᠬᠦ ᠵᠢᠵᠢᠭ ᠭᠠᠷᠠᠭ ᠣᠳᠣᠨ ᠤ ᠠᠵᠢᠯᠯᠠᠬᠤ ᠵᠠᠮ ᠤᠨ ᠵᠢᠷᠤᠭ ᠢ ᠣᠯᠭᠤᠵᠤ᠂ ᠥᠪᠡᠷᠲᠡᠭᠡᠨ ᠵᠠᠰᠠᠬᠤ

ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ

ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ

ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠶᠣᠰᠣᠯᠠᠯ ᠳᠤ ᠣᠷᠣᠯᠴᠠᠵᠤ ᠪᠠᠶᠠᠷ ᠤᠨ ᠦᠭᠡ

ᠬᠡᠯᠡᠪᠡ᠃

 

2.webp.png

      ᠵᠢᠵᠢᠭ ᠭᠠᠷᠠᠭ ᠣᠳᠣ ᠶᠢ ︽ᠯᠦᠸᠧ ᠯᠢᠶᠣᠤ ᠹᠦ᠋ ᠣᠳᠣ︾ ᠭᠡᠵᠦ ᠨᠡᠷᠡᠶᠢᠳᠦᠭᠰᠡᠨ ᠨᠢ ᠯᠦᠸᠧ ᠯᠢᠶᠣᠤ ᠹᠦ᠋

ᠫᠷᠤᠹᠧᠰᠰᠤᠷ ᠤᠨ 60 ᠭᠠᠷᠤᠢ ᠵᠢᠯ ᠥᠪᠥᠷ ᠮᠣᠩᠭᠤᠯ ᠳᠤ ᠦᠨᠳᠦᠰᠦᠯᠡᠵᠦ᠂ ᠣᠯᠠᠨ ᠤᠯᠤᠰ ᠤᠨ ᠹᠢᠽᠢᠺ ᠤᠨ

ᠤᠬᠠᠭᠠᠨ ᠤ ᠰᠠᠭᠤᠷᠢ ᠰᠤᠳᠤᠯᠭᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ

ᠬᠥᠭᠵᠢᠯᠲᠡ ᠪᠣᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠹᠢᠽᠢᠺ ᠤᠨ ᠰᠢᠨᠵᠢᠯᠡᠭᠡᠨ ᠤ ᠰᠠᠯᠠᠭᠠᠨ ᠤ

ᠪᠠᠶᠢᠭᠤᠯᠤᠯᠲᠠ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠢ ᠭᠦᠢᠴᠡᠳ ᠨᠣᠲᠠᠯᠠᠵᠤ᠂ ᠮᠠᠨ ᠤ ᠣᠷᠣᠨ ᠤ

ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠦᠭᠡ ᠳᠠᠭᠤ ᠦᠭᠡᠢ ᠵᠢᠳᠬᠦᠬᠦ᠂ ᠬᠠᠷᠠᠮ ᠦᠭᠡᠢ

ᠵᠣᠷᠢᠭᠤᠯᠬᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠪᠠᠰᠠ

ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠮᠠᠨ ᠤ ᠤᠯᠤᠰ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠣᠯᠤᠨ ᠨᠡᠶᠢᠭᠡᠮ ᠤᠨ ᠬᠥᠭᠵᠢᠯᠲᠡ ᠳᠤ ᠨᠡᠩ ᠣᠯᠠᠨ ᠬᠦᠴᠦᠨ

ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃

      ᠶᠠᠷᠢᠶᠠᠨ ᠤ ᠲᠠᠪᠴᠠᠩ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ

ᠵᠠᠩ ᠵᠢᠶᠧ᠂ ᠴᠠᠩ ᠶᠢᠨ᠂ ᠱᠢ ᠶᠦᠨ ᠢᠦᠢ᠂ ᠵᠦ ᠱᠢ ᠨᠢᠩ᠂ ᠴᠧᠨ ᠿᠦᠨ ᠱᠧᠩ᠂ ᠵᠤᠤ ᠶᠢᠨ ᠼᠠᠢ᠂ ᠶᠠᠨ ᠰᠢ ᠶᠦᠨ᠂

ᠼᠠᠢ ᠿᠦᠩ ᠭᠧᠨ᠂ ᠵᠣᠣ ᠭᠠᠩ ᠵᠢᠴᠢ 35 ᠲᠤᠰᠬᠠᠢ ᠮᠡᠷᠭᠡᠵᠢᠯᠲᠡᠨ ᠡᠷᠳᠡᠮᠲᠡᠳ ᠤᠯᠤᠰ ᠤᠨ ᠳᠣᠲᠣᠭᠠᠳᠤ

ᠭᠠᠳᠠᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠤᠰᠢᠭᠤᠷᠠᠯ ᠰᠡᠳᠦᠪ ᠢᠶᠠᠷ ᠭᠤᠣᠯ ᠠᠭᠤᠯᠭ᠎ᠠ ᠪᠣᠯᠭᠠᠵᠤ᠂

ᠠᠮᠢᠳᠤ ᠪᠣᠳᠠᠰ ᠤᠨ ᠹᠢᠽᠢᠺ᠂ ᠣᠳᠣᠨ ᠣᠷᠣᠨ ᠤ ᠹᠢᠽᠢᠺ᠂ ᠮᠥᠬᠦᠯᠢᠭ ᠤᠨ ᠹᠢᠽᠢᠺ ᠵᠡᠷᠭᠡ ᠰᠢᠨᠵᠢᠯᠡᠭᠡᠨ  ᠤ

ᠰᠠᠯᠠᠭᠠᠨ ᠤ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠰᠢᠭᠤᠷᠠᠯ ᠤᠨ

ᠲᠣᠭᠤᠷᠢᠨ ᠳᠤ ᠭᠦᠨᠵᠡᠭᠡᠢ ᠰᠣᠯᠢᠯᠴᠠᠵᠤ ᠶᠠᠷᠢᠯᠴᠠᠪᠠ᠃

      ᠯᠦᠸᠧ ᠯᠢᠶᠣᠤ ᠹᠦ᠋᠂ 1935 ᠣᠨ ᠤ 9 ᠰᠠᠷ᠎ᠠ ᠳᠤ ᠱᠠᠩᠬᠠᠢ ᠳᠤ ᠲᠥᠷᠥᠵᠡᠢ᠂ ᠳᠤᠮᠳᠠᠳᠤ ᠤᠯᠤᠰ ᠤᠨ

ᠣᠨᠣᠯ ᠤᠨ ᠠᠮᠢᠳᠤ ᠪᠣᠳᠠᠰ ᠤᠨ ᠹᠢᠽᠢᠺ ᠤᠨ ᠤᠬᠠᠭᠠᠨ ᠤ ᠰᠤᠳᠤᠯᠭᠠᠨ  ᠤ ᠡᠭᠦᠳᠦᠨ ᠨᠡᠭᠡᠭᠡᠭᠴᠢ ᠶᠢᠨ ᠨᠢᠭᠡ          

ᠪᠣᠯᠤᠨ᠎ᠠ᠃ 1958 ᠣᠨ ᠳᠤ ᠯᠦᠸᠧ ᠠᠪᠤᠭᠠᠢ ᠪᠡᠭᠡᠵᠢᠩ ᠶᠡᠭᠡ ᠰᠤᠷᠭᠠᠭᠤᠯᠢ ᠶᠢᠨ ᠹᠢᠽᠢᠺ ᠤᠨ ᠰᠠᠯᠪᠤᠷᠢ ᠠᠴᠠ

ᠰᠢᠯᠢᠳᠡᠭ ᠬᠢᠷᠢ ᠪᠦᠲᠦᠮᠵᠢ ᠪᠠᠷ ᠲᠡᠭᠦᠰᠴᠦ᠂ ᠨᠠᠮ ᠪᠠ ᠤᠯᠤᠰ ᠤᠨ ᠬᠢᠯᠢ ᠬᠢᠵᠠᠭᠠᠷ ᠤᠨ ᠪᠦᠲᠦᠭᠡᠨ

ᠪᠠᠶᠢᠭᠤᠯᠤᠯᠲᠠ ᠶᠢ ᠳᠡᠮᠵᠢᠬᠦ ᠤᠷᠢᠶᠠᠯᠠᠭ᠎ᠠ ᠶᠢ ᠳᠠᠭᠠᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠳᠤ          

ᠢᠷᠡᠵᠡᠢ᠃ ᠡᠶᠢᠨ ᠬᠦ ᠯᠦᠸᠧ ᠯᠢᠶᠣᠤ ᠹᠦ᠋ ᠠᠪᠤᠭᠠᠢ ᠥᠪᠥᠷ ᠮᠣᠩᠭᠤᠯ ᠳᠤ ᠦᠨᠳᠦᠰᠦᠯᠡᠵᠦ᠂ ᠤᠯᠤᠰ  ᠲᠤ ᠣᠯᠠᠨ

ᠴᠢᠳᠠᠪᠤᠷᠢᠲᠠᠨ᠂ ᠣᠨᠴᠠᠭᠠᠶᠢᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠨᠣᠯ ᠤᠨ ᠹᠢᠽᠢᠺ ᠪᠠ

ᠠᠮᠢᠳᠤ ᠪᠣᠳᠠᠰ ᠤᠨ ᠹᠢᠽᠢᠺ ᠤᠨ ᠰᠣᠳᠤᠯᠤᠭᠴᠢ ᠵᠢᠴᠢ ᠹᠢᠽᠢᠺ ᠤᠨ ᠤᠬᠠᠭᠠᠨ ᠤ ᠰᠠᠭᠤᠷᠢ ᠰᠤᠷᠭᠠᠨ ᠬᠥᠮᠦᠵᠢᠯ ᠤᠨ

ᠪᠠᠭᠰᠢ ᠶᠢ ᠬᠥᠮᠥᠵᠢᠭᠦᠯᠵᠦ ᠥᠭᠪᠡ᠃ 60 ᠭᠠᠷᠤᠢ ᠵᠢᠯ ᠤᠨ ᠲᠤᠷᠰᠢ᠂ ᠯᠦᠸᠧ ᠯᠢᠶᠣᠤ ᠹᠦ᠋ ᠬᠤᠶᠠᠷ ᠠᠺᠳᠧᠮᠢᠴᠢ᠂

250 ᠭᠠᠷᠤᠢ ᠫᠷᠣᠹᠧᠰᠰᠤᠷ᠂ ᠳ᠋ᠣᠺᠲ᠋ᠣᠷ᠂ ᠮᠠᠰᠲ᠋ᠧᠷ ᠢ ᠵᠢᠯᠣᠭᠤᠳᠪᠠ ᠃

      ᠯᠦᠸᠧ ᠯᠢᠶᠣᠤ ᠹᠦ᠋ ᠵᠠᠯᠠᠭᠤ ᠳᠤ ᠪᠠᠨ ᠮᠥᠬᠦᠯᠢᠭ ᠤᠨ ᠹᠢᠽᠢᠺ ᠤᠨ ᠤᠬᠠᠭᠠᠨ ᠤ ᠰᠤᠳᠤᠯᠭᠠᠨ ᠬᠢᠵᠦ᠂

ᠪᠠᠭᠤᠷᠠᠢ ᠦᠢᠯᠡᠳᠦᠯᠳᠦ ᠣᠨᠣᠯ ᠪᠠ ᠥᠨᠳᠥᠷ ᠡᠨᠧᠷᠭᠢᠲᠦ ᠣᠳᠣᠨ ᠣᠷᠣᠨ ᠤ ᠹᠢᠽᠢᠺ ᠤᠨ ᠤᠬᠠᠭᠠᠨ ᠤ ᠬᠦᠷᠢᠶ᠎ᠡ

ᠬᠡᠪᠴᠢᠶᠡᠨ ᠳᠤ ᠣᠯᠠᠨ ᠥᠪᠡᠷᠮᠢᠴᠡ ᠦᠵᠡᠯᠲᠡ ᠪᠦᠬᠦᠢ ᠥᠭᠦᠯᠡᠯ ᠨᠡᠶᠢᠲᠡᠯᠡᠭᠦᠯᠪᠡ᠃ 1982 ᠣᠨ ᠳᠤ ᠯᠦᠸᠧ

ᠯᠢᠶᠣᠤ ᠹᠦ᠋ ᠤᠯᠤᠰ ᠤᠨ ᠳᠣᠲᠣᠭᠠᠳᠤ ᠶᠢᠨ ᠣᠨᠣᠯ ᠤᠨ ᠠᠮᠢᠳᠤ ᠪᠣᠳᠠᠰ ᠤᠨ ᠤᠬᠠᠭᠠᠨ ᠤ ᠰᠤᠳᠤᠯᠭᠠᠨ ᠢ ᠡᠩ

ᠲᠡᠷᠢᠭᠦᠨ ᠳᠤ ᠥᠷᠨᠢᠭᠦᠯᠦᠨ᠂ ᠲᠡᠷᠡ ᠣᠨᠣᠯ ᠤᠨ ᠹᠢᠽᠢᠺ ᠤᠨ ᠤᠬᠠᠭᠳᠠᠬᠤᠨ ᠪᠠ ᠠᠷᠭ᠎ᠠ ᠶᠢ ᠠᠮᠢ ᠨᠠᠰᠤᠨ ᠤ

ᠰᠢᠨᠵᠢᠯᠡᠬᠦ ᠤᠬᠠᠭᠠᠨ ᠳᠤ ᠠᠮᠵᠢᠯᠲᠠ ᠲᠠᠢ ᠬᠡᠷᠡᠭᠯᠡᠵᠦ᠂ ︽ᠨᠢᠭᠤᠴᠠ ᠲᠡᠮᠳᠡᠭ — ᠴᠤᠪᠤᠷᠠᠯ — ᠳᠥᠷᠰᠦᠯᠡᠮᠵᠢ

︵ᠪᠦᠲᠦᠴᠡ︶ — ᠬᠥᠳᠡᠯᠭᠡᠬᠦ ᠬᠦᠴᠦᠨ ᠤ ᠤᠬᠠᠭᠠᠨ ︵ᠴᠢᠳᠠᠮᠵᠢ︶︾ ᠤ ᠡᠰᠡᠷᠭᠦ ᠴᠢᠭᠯᠡᠯᠳᠦ ᠠᠮᠢᠳᠤ ᠪᠣᠳᠠᠰ ᠤᠨ

ᠤᠬᠠᠭᠠᠨ ᠤ ᠰᠣᠳᠤᠯᠭᠠᠨ ᠤ ᠵᠠᠮ ᠱᠤᠭᠤᠮ ᠢ ᠳᠤᠷᠠᠳᠴᠤ᠂ ᠰᠢᠨ᠎ᠡ ᠪᠠᠷ ᠬᠥᠭᠵᠢᠭᠰᠡᠨ ᠰᠣᠯᠪᠢᠴᠠᠯ ᠰᠢᠨᠵᠢᠯᠡᠭᠡᠨ ᠤ

ᠰᠠᠯᠠᠭᠠᠨ ᠤ ᠬᠦᠷᠢᠶᠡᠨ ᠳᠤ ᠰᠢᠰᠲ᠋ᠧᠮ ᠲᠠᠢ ᠡᠭᠦᠳᠦᠨ ᠪᠦᠲᠦᠭᠡᠬᠦ ᠠᠵᠢᠯ ᠢ ᠥᠷᠨᠢᠭᠦᠯᠪᠡ᠃

      ᠯᠦᠸᠧ ᠯᠢᠶᠣᠣ ᠹᠦ᠋ ᠠᠪᠤᠭᠠᠢ ᠮᠥᠬᠦᠯᠢᠭ ᠤᠨ ᠹᠢᠽᠢᠺ᠂ ᠥᠨᠳᠥᠷ ᠡᠨᠧᠷᠭᠢᠲᠦ ᠣᠳᠣᠨ ᠣᠷᠣᠨ ᠤ ᠹᠢᠽᠢᠺ᠂

ᠣᠨᠣᠯ ᠤᠨ ᠠᠮᠢᠳᠤ ᠪᠣᠳᠠᠰ ᠤᠨ ᠹᠢᠽᠢᠺ ᠪᠠ ᠠᠮᠢᠳᠤ ᠪᠣᠳᠠᠰ ᠤᠨ ᠮᠡᠳᠡᠭᠡ ᠵᠠᠩᠭᠢ ᠶᠢᠨ ᠤᠬᠠᠭᠠᠨ ᠵᠡᠷᠭᠡ

ᠬᠦᠷᠢᠶᠡᠨ ᠳᠤ ᠢᠯᠡᠳᠲᠡ ᠠᠮᠵᠢᠯᠲᠠ ᠣᠯᠵᠤ᠂ Physicaleic Acids ᠰᠢᠰᠲ᠋ᠧᠮ᠂ Nucleic

Acidsearch ᠪᠠ Chemical Letters ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ

ᠭᠤᠣᠯ ᠡᠷᠳᠡᠮ  ᠰᠢᠨᠵᠢᠯᠡᠭᠡᠨ ᠤ ᠬᠤᠭᠤᠴᠠᠭᠠᠲᠤ ᠰᠡᠳᠬᠦᠯ ᠳᠡᠭᠡᠷ᠎ᠡ 300 ᠭᠠᠷᠤᠢ ᠡᠷᠳᠡᠮ ᠰᠢᠨᠵᠢᠯᠡᠭᠡᠨ ᠤ

ᠥᠭᠦᠯᠡᠯ ᠨᠡᠶᠢᠲᠡᠯᠡᠵᠦ᠂ ︽ᠣᠷᠣᠨ ᠤ ᠺᠸᠠᠨ᠋ᠲ ᠤᠨ ᠣᠨᠣᠯ︾᠂ ︽ᠲᠡᠩᠴᠡᠭᠦᠷᠢ ᠶᠢᠨ ᠪᠤᠰᠤ ᠲᠤᠭ᠎ᠠ

ᠪᠦᠷᠢᠳᠬᠡᠯ ᠤᠨ ᠣᠨᠣᠯ︾ ᠪᠣᠯᠤᠨ ︽Theoretic-Physicar Biology︾ ᠵᠡᠷᠭᠡ ᠪᠦᠲᠦᠭᠡᠯ ᠢ

ᠬᠡᠪᠯᠡᠨ ᠨᠡᠶᠢᠲᠡᠯᠡᠵᠦ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠭᠤᠷᠪᠠᠳᠤᠭᠠᠷ ᠳᠡᠰ ᠤᠨ ᠱᠠᠩᠨᠠᠯ᠂ ᠾᠧ

ᠯᠢᠶᠠᠩ ᠾᠧ ᠯᠢ ᠰᠢᠨᠵᠢᠯᠡᠬᠦ ᠤᠬᠠᠭᠠᠨ ᠪᠠ ᠮᠡᠷᠭᠡᠵᠢᠯ ᠤᠨ ᠳᠠᠪᠰᠢᠯᠲᠠ ᠶᠢᠨ ᠱᠠᠩᠨᠠᠯ ᠪᠣᠯᠤᠨ ᠤᠯᠤᠰ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠵᠡᠷᠭᠡ ᠣᠯᠠᠨ

ᠱᠠᠩᠨᠠᠯ ᠢ ᠬᠦᠷᠲᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map