ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ︵2024︶ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠳᠤ ᠱᠠᠩᠨᠠᠯ ᠭᠦᠷᠲᠡᠭᠰᠡᠳ ᠢ ᠨᠡᠶᠢᠲᠡᠯᠡᠬᠦ ᠵᠢᠴᠢ ᠮᠡᠳᠡᠭᠡ ᠵᠠᠩᠭᠢ ᠶᠢ ᠬᠠᠷᠭᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/13
         ᠥᠪᠥᠷ ᠰᠤᠷᠭᠠᠨ ᠳᠡᠭᠡᠳᠦ ᠪᠢᠴᠢᠭ ﹇2024﹈ 54 ᠳ᠋ᠦ᠋ᠭᠡᠷ ᠲᠣᠭᠠᠲᠤ          ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ           ︵2024︶ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠤ ᠪᠦᠬᠦ ᠤᠷᠤᠯᠳᠤᠭᠠᠨ ᠨᠢᠭᠡᠨᠲᠡ ᠤᠷᠤᠭᠰᠢᠲᠠᠢ ᠥᠨᠳᠦᠷᠯᠡᠵᠦ᠂ ᠠᠵᠢᠯ ᠤᠨ ᠳᠡᠰ ᠳᠠᠷᠠᠭᠠᠯᠠᠯ ᠶᠣᠰᠣᠭᠠᠷ᠂ ᠡᠳᠦᠭᠡ ᠰᠢᠯᠭᠠᠷᠠᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ ᠮᠡᠳᠡᠭᠡ ᠵᠠᠩᠭᠢ ᠶᠢ ᠬᠠᠷᠭᠤᠭᠤᠯᠪᠠ᠃      ᠢᠯᠡ ᠨᠡᠶᠢᠲᠡᠯᠡᠬᠦ ᠬᠤᠭᠤᠴᠠᠭ᠎ᠠ ᠮᠡᠳᠡᠭᠳᠡᠯ ᠪᠠᠭᠤᠯᠭᠠᠭᠰᠠᠨ ᠡᠳᠦᠷ ᠠᠴᠠ ᠡᠬᠢᠯᠡᠨ 8 ᠰᠠᠷ᠎ᠠ ᠶᠢᠨ 19 ᠤ ᠡᠳᠦᠷ ᠪᠣᠯᠣᠨ᠎ᠠ᠂ ᠢᠯᠡ ᠨᠡᠶᠢᠲᠡᠯᠡᠬᠦ ᠬᠤᠭᠤᠴᠠᠭᠠᠨ ᠳᠤ᠂ ᠱᠠᠩᠨᠠᠯ ᠭᠦᠷᠲᠡᠭᠰᠡᠨ ᠲᠥᠷᠥᠯ ᠵᠦᠢᠯ ᠳᠤ ᠰᠠᠨᠠᠯ ᠲᠠᠢ ᠪᠣᠯ᠂ ᠰᠤᠷᠭᠠᠭᠤᠯᠢ ᠶᠢᠨ ᠨᠡᠷ᠎ᠡ ᠪᠠᠷ ︵ᠠᠯᠪᠠᠨ ᠲᠠᠮᠠᠭ᠎ᠠ ᠳᠠᠷᠤᠨ᠎ᠠ︶ ᠮᠠᠨ ᠤ ᠲᠢᠩᠬᠢᠮ ᠳᠤ ᠲᠤᠰᠬᠠᠬᠤ ᠳᠤ ᠪᠠᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠶᠢᠨ ᠬᠠᠮᠲᠤ ᠬᠠᠷᠢᠯᠴᠠᠬᠤ ᠬᠥᠮᠦᠨ ᠤ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢ ᠲᠣᠳᠤᠷᠬᠠᠢ ᠪᠢᠴᠢᠨ᠎ᠡ᠂ ᠬᠤᠭᠤᠴᠠᠭ᠎ᠠ ᠬᠡᠲᠦᠷᠡᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠡᠯ᠎ᠡ ᠶᠡᠭᠡ ᠳᠡᠭᠡᠳᠦ ᠰᠤᠷᠭᠠᠭᠤᠯᠢ ᠲᠥᠷᠥᠯ ᠵᠦᠢᠯ ᠤᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠠᠷᠭᠤᠭᠤᠯᠵᠤ᠂ ᠲᠥᠷᠥᠯ ᠵᠦᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠪᠦᠷᠢᠯᠳᠦᠬᠦᠨ ᠵᠢᠴᠢ ᠵᠢᠭᠰᠠᠭᠠᠯᠲᠠ᠂ ᠵᠢᠯᠣᠭᠤᠳᠬᠤ ᠪᠠᠭᠰᠢ ᠵᠢᠴᠢ ᠵᠢᠭᠰᠠᠭᠠᠯᠲᠠ᠂ ᠲᠥᠷᠥᠯ ᠵᠦᠢᠯ ᠤᠨ ᠨᠡᠷᠡᠶᠢᠳᠦᠯ ᠵᠡᠷᠭᠡ ᠦᠨᠳᠦᠰᠦᠨ ᠮᠡᠳᠡᠭᠡ ᠵᠠᠩᠭᠢ ᠶᠢ ᠰᠤᠷᠭᠠᠭᠤᠯᠢ ᠶᠢᠨ ᠡᠮᠦᠨᠡᠬᠢ ᠬᠤᠭᠤᠴᠠᠭᠠᠨ ᠤ ᠮᠡᠳᠡᠭᠦᠯᠦᠭᠰᠡᠨ ᠬᠠᠮᠢᠶ᠎ᠠ ᠪᠦᠬᠦᠢ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠵᠤ᠂ ᠵᠠᠷᠴᠢᠮ ᠳᠡᠭᠡᠷ᠎ᠡ ᠪᠠᠨ ᠬᠤᠪᠢᠷᠠᠭᠤᠯᠬᠤ ᠦᠭᠡᠢ︔ ᠬᠡᠷᠪᠡ ᠪᠤᠰᠤᠳ ᠪᠤᠷᠤᠭᠤ ᠲᠠᠢ ᠪᠣᠯ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠬᠦᠰᠦᠨᠦᠭ ᠢ ᠲᠠᠭᠯᠠᠵᠤ᠂ ᠰᠤᠷᠭᠠᠭᠤᠯᠢ ᠶᠢᠨ ᠠᠯᠪᠠᠨ ᠲᠠᠮᠠᠭ᠎ᠠ ᠶᠢ ᠳᠠᠷᠤᠭᠰᠠᠨ  ᠤ ᠳᠠᠷᠠᠭ᠎ᠠ᠂ 8 ᠳ᠋ᠤᠭᠠᠷ ᠰᠠᠷ᠎ᠠ ᠶᠢᠨ 19 ᠤ ᠡᠳᠦᠷ ᠤᠨ 18᠄ 00 ᠠᠴᠠ ᠡᠮᠦᠨ᠎ᠡ ᠢᠮᠧᠯ  ᠲᠤ ᠢᠯᠡᠭᠡᠵᠦ᠂ ᠬᠤᠭᠤᠴᠠᠭ᠎ᠠ ᠬᠡᠲᠦᠷᠡᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂      ᠦᠳᠡ  ᠶᠢᠨ ᠬᠤᠶᠢᠨ᠎ᠠ 14᠄ 30 - 17᠄ 30      ᠬᠠᠷᠢᠯᠴᠠᠬᠤ ᠤᠲᠠᠰᠤ᠄ 0471 - 2856606      ᠢᠮᠧᠯ᠄ 851415594@qq.com      ᠳᠠᠭᠠᠯᠳᠤᠭᠤᠯᠤᠯ᠄       1. ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ︵2024︶ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠳᠤ ᠱᠠᠩᠨᠠᠯ ᠭᠦᠷᠲᠡᠭᠰᠡᠳ      2. ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠬᠦᠰᠦᠨᠦᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ            2024 ᠣᠨ ᠤ 8 ᠰᠠᠷ᠎ᠠ ᠶᠢᠨ 12 ᠤᠨ ᠡᠳᠦᠷᠳᠠᠭᠠᠯᠳᠤᠭᠤᠯᠤᠯ᠄ 1. ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ︵2024︶ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ  ᠤᠨ ᠰᠢᠯᠭᠠᠷᠠᠭᠤᠯᠬᠤ ᠤᠷᠤᠯᠳᠤᠭᠠᠨ ᠳᠤ ᠱᠠᠩᠨᠠᠯ ᠭᠦᠷᠲᠡᠭᠰᠡᠳ. xlsᠳᠠᠭᠠᠯᠳᠤᠭᠤᠯᠤᠯ᠄ 2. ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠬᠦᠰᠦᠨᠦᠭ. xls 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map