ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯᠯᠡᠭᠡ ᠳᠤ ᠠᠩᠬᠠᠷᠬᠤ ᠴᠢᠬᠤᠯᠠᠲᠠᠢ ᠬᠡᠳᠦᠨ ᠠᠰᠠᠭᠤᠳᠠᠯ
ᠨᠡᠶᠢᠲᠡᠯᠡᠭᠰᠡᠨ ᠴᠠᠭ᠄
2024/8/15
                    ᠡᠷᠳᠡᠨᠢᠲᠣᠭᠲᠠᠬᠤ

教学研究1.png

      ᠪᠢ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠵᠢᠭᠠᠬᠤ ᠶᠢ ᠰᠤᠳᠤᠯᠤᠭᠴᠢ ᠶᠢᠨ ᠠᠵᠢᠯ ᠢ

ᠡᠭᠦᠷᠭᠡᠯᠡᠭᠡᠳ ᠵᠢᠷᠭᠤᠭᠠᠨ ᠵᠢᠯ ᠢᠯᠡᠭᠦᠦ ᠶᠢᠨ ᠬᠤᠭᠤᠴᠠᠭ᠎ᠠ ᠪᠣᠯᠪᠠ᠃ ᠡᠨᠡ ᠬᠦ ᠬᠤᠭᠤᠴᠠᠭᠠᠨ ᠳᠤ ᠬᠤᠭᠤᠴᠠᠭ᠎ᠠ

ᠪᠦᠷᠢ ᠠᠯᠢ ᠤᠯᠠᠨ ᠬᠢᠴᠢᠶᠡᠯ ᠰᠣᠨᠣᠰᠴᠤ ᠦᠨᠡᠯᠡᠨ᠂ ᠬᠠᠮᠲᠤ ᠪᠠᠷ ᠬᠢᠴᠢᠶᠡᠯ ᠪᠡᠯᠡᠳᠬᠡᠬᠦ᠂ ᠳᠠᠭᠤᠷᠢᠶᠠᠯ ᠬᠢᠴᠢᠶᠡᠯ

ᠬᠢᠴᠢᠶᠡᠯᠯᠡᠬᠦ᠂ ᠰᠤᠳᠤᠯᠭᠠᠨ ᠤ ᠬᠢᠴᠢᠶᠡᠯ ᠬᠢᠬᠦ᠂ ᠬᠢᠴᠢᠶᠡᠯ ᠤᠨ ᠵᠢᠱᠢᠶᠡᠨ ᠤ ᠵᠠᠳᠠᠯᠤᠯᠲᠠ ᠬᠢᠬᠦ᠂ ᠪᠠᠭᠰᠢ ᠶᠢᠨ

ᠬᠢᠴᠢᠶᠡᠯᠯᠡᠭᠡ ᠶᠢᠨ ᠮᠥᠷᠦ᠋ᠢᠴᠡᠭᠡᠨ ᠢ ᠦᠨᠡᠯᠡᠬᠦ ᠵᠡᠷᠭᠡ ᠪᠠᠷ ᠬᠢᠴᠢᠶᠡᠯᠯᠡᠭᠡ ᠶᠢᠨ ᠴᠢᠨᠠᠷ ᠴᠢᠨᠰᠠᠭ᠎ᠠ ᠳᠤ

ᠪᠣᠳᠣᠯᠭᠠᠰᠢᠷᠠᠵᠤ᠂ ᠥᠭᠡᠷᠡᠴᠢᠯᠡᠯᠲᠡ ᠪᠠ ᠰᠢᠨ᠎ᠡ ᠠᠷᠭ᠎ᠠ ᠪᠠᠷᠢᠯ ᠢ ᠡᠷᠢᠨ ᠦᠢᠯᠡᠳᠦᠯᠭᠡᠵᠢᠭᠦᠯᠬᠦ ᠶᠠᠪᠤᠴᠠ ᠳᠤ ᠶᠡᠷᠦ ᠨᠢ

ᠲᠣᠭᠠᠨ ᠤ ᠤᠬᠠᠭᠠᠨ ᠤ ᠬᠢᠴᠢᠶᠡᠯᠯᠡᠭᠡ ᠳᠤ ᠬᠠᠷᠠᠮᠰᠠᠯᠲᠠᠢ ᠠᠰᠠᠭᠤᠳᠠᠯ ᠢᠯᠡᠷᠡᠵᠦ ᠯᠠ ᠪᠠᠶᠢᠯ᠎ᠠ᠃ ᠡ᠊ᠨᠳᠡ ᠪᠢ

ᠬᠢᠴᠢᠶᠡᠯᠯᠡᠭᠡ ᠶᠢᠨ ᠶᠠᠪᠤᠴᠠ ᠳᠤ ᠢᠯᠡᠷᠡᠭᠰᠡᠨ ᠠᠰᠠᠭᠤᠳᠠᠯ ᠲᠠᠢ ᠤᠶᠠᠯᠳᠤᠭᠤᠯᠤᠨ᠂ ᠨᠡᠶᠢᠳᠡᠮ ᠢᠯᠡᠷᠡᠵᠦ ᠪᠠᠶᠢᠭ᠎ᠠ

ᠠᠰᠠᠭᠤᠳᠠᠯ ᠢ ᠵᠠᠳᠠᠯᠵᠤ᠂ ᠠᠩᠬᠠᠷᠬᠤ ᠴᠢᠬᠤᠯᠠᠲᠠᠢ ᠵᠦᠢᠯᠡᠰ ᠤᠨ ᠲᠤᠬᠠᠢ ᠶᠠᠷᠢᠶ᠎ᠠ᠃

      ᠨᠢᠭᠡ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯᠯᠡᠭᠡ ᠨᠢ ᠲᠣᠭᠠᠨ ᠤ ᠤᠬᠠᠭᠠᠨ ᠤ

ᠬᠢᠴᠢᠶᠡᠯ ᠲᠥᠷᠦᠯ ᠤᠨ ᠣᠨᠴᠠᠯᠢᠭ ᠠᠴᠠ ᠡᠭᠦᠰᠴᠦ᠂ ᠥᠪᠡᠷ ᠤᠨ ᠭᠡᠬᠦ ᠥᠪᠡᠷᠮᠢᠴᠡ ᠣᠨᠴᠠᠯᠢᠭ ᠲᠠᠢ          

ᠪᠠᠶᠢᠳᠠᠭ᠃ 2022 ᠣᠨ ᠤ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠲᠣᠭᠠᠨ ᠤ ᠤᠬᠠᠭᠠᠨ ᠤ ᠬᠠᠷᠠᠭᠠᠰᠤ ᠪᠠᠷ

ᠪᠣᠳᠠᠲᠤ ᠠᠬᠤᠢ ᠶᠢ ᠠᠵᠢᠭᠯᠠᠵᠤ ᠴᠢᠳᠠᠬᠤ᠂ ᠲᠣᠭᠠᠨ ᠤ ᠤᠬᠠᠭᠠᠨ ᠤ ᠰᠡᠳᠬᠢᠬᠦᠢ ᠪᠠᠷ ᠪᠣᠳᠠᠲᠤ ᠠᠬᠤᠢ ᠶᠢ

ᠰᠡᠳᠬᠢᠵᠦ ᠴᠢᠳᠠᠬᠤ᠂ ᠲᠣᠭᠠᠨ ᠤ ᠤᠬᠠᠭᠠᠨ ᠤ ᠬᠡᠯᠡ ᠪᠠᠷ ᠪᠣᠳᠠᠲᠤ ᠠᠬᠤᠢ ᠶᠢ ᠢᠯᠡᠳᠬᠡᠵᠦ ᠴᠢᠳᠠᠬᠤ ᠶᠢ ᠲᠤᠭᠠᠨ ᠤ

ᠤᠬᠠᠭᠠᠨ ᠤ ᠬᠢᠴᠢᠶᠡᠯ ᠤᠨ ᠭᠤᠤᠯᠯᠠᠬᠤ ᠭᠡᠪ ᠪᠤᠯᠪᠠᠰᠤᠷᠠᠯ ᠤᠨ ᠵᠢᠯᠤᠭᠤᠳᠬᠤ ᠦᠵᠡᠯ ᠰᠠᠨᠠᠭ᠎ᠠ ᠵᠢᠴᠢ ᠭᠤᠤᠯ

ᠠᠭᠤᠯᠭ᠎ᠠ ᠪᠤᠯᠭᠠᠵᠠᠢ᠃ ᠡᠶᠢᠮᠦ ᠠᠴᠠ ᠲᠣᠭᠠᠨ ᠤ ᠤᠬᠠᠭᠠᠨ ᠤ ᠬᠢᠴᠢᠶᠡᠯᠯᠡᠭᠡ ᠪᠦᠬᠦᠨ ᠳᠤ ᠡᠭᠦᠨ ᠢ ᠠᠩᠬᠠᠷᠴᠤ᠂

ᠰᠡᠳᠬᠢᠬᠦ᠂ ᠶᠠᠷᠢᠬᠤ᠂ ᠠᠵᠢᠭᠯᠠᠬᠤ ᠬᠥᠳᠡᠯᠪᠦᠷᠢ ᠶᠢ ᠠᠭᠤᠰᠬᠠᠪᠠᠯ ᠵᠣᠬᠢᠨ᠎ᠠ᠃ ᠣᠯᠠᠩᠬᠢ ᠪᠠᠭᠰᠢ ᠬᠢᠴᠢᠶᠡᠯᠯᠡᠭᠡ ᠳᠤ

ᠵᠥᠪᠬᠡᠨ ᠲᠤᠰ ᠠᠭᠤᠯᠭ᠎ᠠ ᠳᠤ ᠪᠠᠨ ᠯᠠ ᠬᠦᠯᠢᠶᠡᠰᠦᠯᠡᠭᠳᠡᠵᠦ᠂ ᠬᠢᠴᠢᠶᠡᠯᠯᠡᠭᠡ ᠨᠢ ᠬᠤᠯᠠ ᠶᠢᠨ ᠬᠠᠷᠠᠭᠠᠰᠤ ᠦᠭᠡᠢ᠂

ᠠᠭᠤᠯᠭ᠎ᠠ ᠶᠢᠨ ᠲᠠᠯ᠎ᠠ ᠳᠤ ᠭᠦᠨᠴᠡ ᠪᠠ ᠥᠷᠭᠡᠴᠡ ᠦᠭᠡᠢ ᠪᠠᠶᠢᠵᠤ᠂ ᠵᠥᠪᠬᠡᠨ ᠲᠤᠰ ᠬᠡᠰᠡᠭ ᠠᠭᠤᠯᠭ᠎ᠠ ᠶᠢᠨ ᠵᠢᠭᠠᠨ

ᠰᠤᠷᠭᠠᠯᠲᠠ ᠶᠢᠨ ᠡᠭᠦᠷᠭᠡ ᠭᠦᠢᠴᠡᠳᠬᠡᠵᠦ ᠪᠠᠶᠢᠬᠤ ᠰᠢᠬ ᠰᠠᠨᠠᠭᠳᠠᠳᠠᠭ᠃ ᠡᠶᠢᠮᠦᠷᠬᠦᠤ ᠦᠵᠡᠯᠲᠡ ᠠᠴᠠ ᠡᠭᠦᠰᠦᠭᠰᠡᠨ

ᠬᠢᠴᠢᠶᠡᠯᠯᠡᠭᠡ ᠨᠢ ᠤᠳᠠᠭᠠᠨ ᠳᠤ ᠪᠠᠨ ᠰᠤᠷᠤᠭᠴᠢ ᠶᠢᠨ ᠲᠣᠭᠠᠨ ᠤ ᠤᠬᠠᠭᠠᠨ ᠤ ᠬᠢᠴᠢᠶᠡᠯ ᠤᠨ ᠳᠤᠷ᠎ᠠ ᠰᠣᠨᠢᠷᠬᠠᠯ ᠢ

ᠳᠣᠷᠤᠭᠰᠢᠯᠠᠭᠤᠯᠵᠤ᠂ ᠪᠠᠭᠰᠢ ᠥᠪᠡᠷ ᠢᠶᠠᠨ ᠴᠦ ᠭᠡᠰᠡᠨ ᠠᠮᠵᠢᠯᠲᠠ ᠣᠯᠣᠭᠰᠠᠨ ᠪᠠᠶᠠᠷ ᠪᠠᠭ᠋ᠠᠳᠤᠯ ᠢ ᠣᠯᠵᠤ ᠴᠢᠳᠠᠬᠤ

ᠦᠭᠡᠢ ᠪᠣᠯᠵᠤ᠂ ᠴᠢᠨᠠᠭᠰᠢᠯᠠᠨ ᠰᠤᠳᠤᠯᠵᠤ ᠰᠤᠷᠤᠯᠴᠠᠬᠤ ᠤᠷᠮ᠎ᠠ ᠵᠣᠷᠢᠭ ᠮᠠᠭᠤᠳᠠᠳᠠᠭ᠃

      ᠬᠤᠶᠠᠷ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠠᠪᠴᠤ ᠬᠡᠯᠡᠪᠡᠯ᠂ ᠪᠠᠭ᠎ᠠ ᠰᠤᠷᠭᠠᠭᠤᠯᠢ ᠶᠢᠨ

ᠲᠣᠭᠠᠨ ᠤ ᠤᠬᠠᠭᠠᠨ ᠤ ᠬᠢᠴᠢᠶᠡᠯ ᠳᠤ ᠶᠠᠮᠠᠷ ᠨᠢᠭᠡᠨ ᠠᠰᠠᠭᠤᠳᠠᠯ ᠤᠨ ᠳ᠋ᠦᠩ ᠢ ᠰᠢᠭᠤᠳ ᠣᠯᠬᠤ ᠠᠴᠠ ᠲᠡᠭᠦᠨ ᠤ

ᠤᠳᠬ᠎ᠠ ᠶᠢ ᠨᠢ ᠣᠯᠬᠤ ᠨᠢ ᠨᠡᠩ ᠢᠯᠡᠭᠦᠦ ᠦᠨ᠎ᠡ ᠥᠷᠳᠡᠭ ᠲᠠᠢ ᠶᠤᠮ᠃ ᠪᠠᠭ᠎ᠠ ᠰᠤᠷᠭᠠᠭᠤᠯᠢ ᠶᠢᠨ ᠲᠣᠭᠠᠨ ᠤ

ᠤᠬᠠᠭᠠᠨ ᠤ ᠬᠢᠴᠢᠶᠡᠯᠯᠡᠭᠡ ᠳᠤ ᠠᠭᠤᠯᠭ᠎ᠠ ᠶᠢᠨ ᠯᠣᠭᠢᠭ ᠴᠢᠨᠠᠷ ᠢ ᠠᠩᠬᠠᠷᠬᠤ ᠴᠢᠬᠤᠯᠠᠲᠠᠢ ᠪᠣᠯᠪᠠᠴᠤ᠂ ᠬᠡᠳᠦ

ᠠᠯᠭᠧᠪᠷᠠ ᠶᠢᠨ ᠮᠥᠷᠳᠡᠯᠲᠡ ᠬᠢᠬᠦ ᠶᠢ ᠵᠣᠷᠢᠬᠵᠢᠭᠤᠯᠬᠤ ᠦᠭᠡᠢ᠂ ᠬᠠᠷᠢᠨ ᠦᠷ᠎ᠡ ᠳ᠋ᠦᠩ ᠢ ᠣᠯᠬᠤ ᠶᠠᠪᠤᠴᠠ ᠶᠢ

ᠴᠢᠬᠤᠯᠠᠴᠢᠯᠠᠨ᠂ ᠶᠠᠪᠤᠴᠠ ᠶᠢᠨ ᠳᠤᠮᠳᠠ ᠰᠤᠷᠤᠭᠴᠢ ᠶᠢᠨ ᠰᠡᠳᠬᠢᠬᠦᠢ ᠶᠢᠨ ᠬᠥᠭᠵᠢᠯᠲᠡ ᠶᠢ ᠠᠩᠬᠠᠷᠴᠤ᠂

ᠰᠤᠷᠤᠭᠴᠢ ᠶᠢᠨ ᠣᠷᠣᠯᠳᠣᠯᠭ᠎ᠠ ᠰᠦᠪᠡᠭᠴᠢᠯᠡᠯ ᠬᠢᠬᠦ ᠶᠢ ᠵᠣᠷᠢᠬᠵᠢᠭᠤᠯᠤᠨ᠂ ᠠᠵᠢᠭᠯᠠᠬᠤ᠂ ᠤᠷᠤᠯᠳᠤᠬᠤ᠂

ᠵᠢᠷᠤᠭᠴᠢᠯᠠᠬᠤ᠂ ᠬᠠᠮᠵᠢᠯᠴᠠᠬᠤ᠂ ᠶᠠᠷᠢᠵᠤ ᠢᠯᠡᠳᠬᠡᠬᠦ᠂ ᠳᠦᠷᠰᠦᠯᠡᠨ ᠲᠣᠭᠠᠴᠢᠬᠤ ᠵᠡᠷᠭᠡ ᠬᠥᠳᠡᠯᠪᠦᠷᠢ

ᠠᠵᠢᠯᠯᠠᠭ᠎ᠠ ᠶᠢ ᠬᠦᠨᠳᠦᠳᠬᠡᠪᠡᠯ ᠵᠣᠬᠢᠨ᠎ᠠ᠃ ᠵᠢᠱᠢᠶᠡᠯᠡᠪᠡᠯ᠂ 15-9 ᠶᠢ ᠪᠤᠳᠤᠬᠤ ᠳᠤ ᠲᠡᠭᠦᠨ ᠤ ᠳ᠋ᠦᠩ ᠢ

ᠰᠢᠭᠤᠳ ᠣᠯᠬᠤ ᠨᠢ ᠴᠢᠬᠤᠯᠠ ᠪᠢᠰᠢ᠂ ᠬᠠᠷᠢᠨ ᠰᠤᠷᠤᠭᠴᠢ ᠪᠠᠷ ᠰᠠᠪᠠᠭ᠎ᠠ ᠦᠷᠦᠭᠦᠯᠬᠦ ᠮᠡᠲᠦ ᠶᠢᠨ ᠬᠥᠳᠡᠯᠪᠦᠷᠢ

ᠬᠢᠯᠭᠡᠵᠦ᠂ ᠲᠡᠭᠦᠨ ᠳᠤ ᠰᠡᠳᠬᠢᠭᠰᠡᠨ ᠶᠠᠪᠤᠴᠠ ᠶᠢ ᠮᠡᠳᠡᠭᠦᠯᠵᠤ᠂ ᠶᠠᠷᠢᠭᠤᠯᠵᠤ᠂ ᠲᠠᠬᠢᠨ ᠲᠣᠭᠠᠨ ᠤ ᠤᠬᠠᠭᠠᠨ ᠤ

ᠭᠡᠯᠡ ᠪᠠᠷ ᠬᠠᠰᠤᠭᠳᠠᠭᠴᠢ᠂ ᠬᠠᠰᠤᠭᠴᠢ᠂ ᠢᠯᠭᠠᠪᠤᠷᠢ᠂ ᠬᠠᠰᠤᠬᠤ ᠦᠢᠯᠡᠳᠦᠯ ᠤᠨ ᠪᠤᠳᠤᠬᠤ ᠢᠯᠡᠷᠬᠡᠶᠢᠯᠡᠯ

ᠵᠡᠷᠭᠡ ᠶᠢ ᠮᠡᠳᠡᠭᠦᠯᠬᠦ ᠶᠠᠪᠤᠴᠠ ᠨᠢ ᠨᠠᠩ ᠴᠢᠬᠤᠯᠠ ᠪᠣᠯᠬᠤ ᠶᠤᠮ᠃ ᠬᠠᠷᠢᠨ ᠰᠢᠭᠤᠳ ᠲᠡᠭᠦᠨ ᠤ ᠦᠷ᠎ᠡ ᠳ᠋ᠦᠩ ᠢ

ᠣᠯᠵᠤ ᠴᠢᠳᠠᠬᠤ ᠪᠠᠷ ᠬᠠᠷᠠᠯᠲᠠ ᠪᠤᠯᠭᠠᠭᠰᠠᠨ ᠬᠢᠴᠢᠶᠡᠯᠯᠡᠭᠡ ᠨᠢ ᠦᠨ᠎ᠡ ᠥᠷᠳᠡᠭ ᠢᠶᠠᠷ ᠠᠨᠠᠢ ᠪᠠᠶᠢᠳᠠᠭ᠃

      ᠭᠤᠷᠪᠠ᠂ ᠲᠣᠭᠠᠨ ᠤ ᠤᠬᠠᠭᠠᠨ ᠤ ᠤᠬᠠᠭᠳᠠᠬᠤᠨ ᠤ ᠵᠢᠭᠠᠨ ᠰᠤᠷᠭᠠᠯᠲᠠ ᠳᠤ ᠰᠤᠷᠤᠭᠴᠢᠳ ᠢᠶᠠᠷ ᠰᠤᠷᠬᠤ

ᠪᠢᠴᠢᠭ ᠢ ᠤᠩᠰᠢᠭᠤᠯᠵᠤ᠂ ᠲᠣᠭᠠᠨ ᠤ ᠤᠬᠠᠭᠠᠨ ᠤ ᠤᠩᠰᠢᠯᠭ᠎ᠠ ᠬᠢᠯᠭᠡᠬᠦ ᠶᠢ ᠪᠠᠷᠢᠮᠲᠠᠯᠠᠪᠠᠯ ᠵᠣᠬᠢᠨ᠎ᠠ᠃ ᠣᠯᠠᠩᠬᠢ

ᠪᠠᠭᠰᠢ ᠤᠬᠠᠭᠳᠠᠬᠤᠨ ᠤ ᠵᠢᠭᠠᠨ ᠰᠤᠷᠭᠠᠯᠲᠠ ᠳᠤ ᠪᠠᠨ ᠥᠪᠡᠷ ᠤᠨ ᠦᠭᠡ ᠪᠠᠷ ᠢᠶᠠᠨ ᠣᠶᠢᠯᠠᠭᠠᠵᠤ ᠲᠡᠶᠢᠯᠪᠡᠯ

ᠪᠣᠯᠴᠢᠬᠠᠬᠤ ᠱᠠᠭᠠᠷᠳᠠᠯᠭ᠎ᠠ ᠲᠠᠯᠪᠢᠳᠠᠭ᠂ ᠡᠨᠡ ᠨᠢ ᠦᠨᠡᠨ ᠳᠤ ᠪᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠭᠰᠠᠨ

ᠰᠠᠨᠠᠭ᠎ᠠ ᠲᠠᠢ ᠲᠡᠷᠰᠯᠡᠵᠦ ᠪᠠᠶᠢᠬᠤ ᠶᠤᠮ᠃ ᠲᠣᠭᠠᠨ ᠤ ᠤᠬᠠᠭᠠᠨ ᠤ ᠨᠡᠷ᠎ᠡ ᠲᠣᠮᠢᠶ᠎ᠠ᠂ ᠤᠬᠠᠭᠳᠠᠬᠤᠨ᠂ ᠵᠢᠮ᠎ᠡ

ᠬᠠᠤᠯᠢ᠂ ᠵᠢᠮ᠎ᠡ ᠶᠣᠰᠣ ᠵᠡᠷᠭᠡ ᠶᠢ ᠡᠷᠬᠡᠪᠰᠢ ᠲᠣᠭᠲᠠᠭᠰᠠᠨ ᠬᠡᠯᠡᠯᠭᠡ ᠪᠠᠷ ᠢᠯᠡᠳᠬᠡᠭᠰᠡᠨ ᠪᠠᠶᠢᠬᠤ ᠬᠡᠷᠡᠭᠲᠡᠢ ᠶᠤᠮ᠂

ᠳᠤᠷ᠎ᠠ ᠪᠠᠷ ᠦᠭᠡ ᠥᠭᠦᠯᠡᠪᠦᠷᠢ ᠨᠡᠮᠡᠬᠦ ᠪᠤᠶᠤ ᠬᠠᠰᠤᠵᠤ ᠪᠣᠯᠬᠤ ᠦᠭᠡᠢ ᠶᠤᠮ᠂ ᠶᠠᠭ ᠡᠶᠢᠮᠦ ᠠᠴᠠ ᠬᠢᠴᠢᠶᠡᠯᠯᠡᠭᠡ ᠳᠤ

ᠪᠠᠭᠰᠢ ᠰᠤᠷᠬᠤ ᠪᠢᠴᠢᠭ ᠲᠤ ᠲᠣᠭᠠᠨ ᠤ ᠤᠬᠠᠭᠠᠨ ᠤ ᠤᠩᠰᠢᠯᠭ᠎ᠠ ᠬᠢᠯᠭᠡᠵᠦ ᠲᠣᠳᠣᠷᠬᠠᠢ ᠣᠶᠢᠯᠠᠭᠠᠭᠤᠯᠵᠤ

ᠴᠡᠭᠡᠵᠢᠯᠡᠭᠦᠯᠦᠭᠰᠡᠨ ᠪᠠᠶᠢᠬᠤ ᠬᠡᠷᠡᠭᠲᠡᠢ᠃ ᠵᠢᠱᠢᠶᠡᠯᠡᠪᠡᠯ᠂ ᠲᠠᠭᠲᠠᠭᠠᠨ ᠡᠭᠦᠷ ᠤᠨ ᠠᠰᠠᠭᠤᠳᠠᠯ᠂ ᠮᠣᠳᠣ ᠵᠠᠶᠢᠯᠠᠬᠤ

ᠠᠰᠠᠭᠤᠳᠠᠯ᠂ ᠠᠩᠬᠠᠨ ᠤ ᠲᠤᠭ᠎ᠠ ᠪᠠ ᠵᠣᠬᠢᠶᠠᠮᠠᠯ ᠲᠤᠭ᠎ᠠ ᠵᠡᠷᠭᠡ ᠶᠢᠨ ᠵᠢᠭᠠᠨ ᠰᠤᠷᠭᠠᠯᠲᠠ ᠳᠤ ᠪᠠᠭᠰᠢ ᠶᠡᠷᠦ ᠨᠢ

ᠵᠠᠷᠢᠮ ᠤᠬᠠᠭᠳᠠᠬᠤᠨ᠂ ᠨᠡᠷ᠎ᠡ ᠲᠣᠮᠢᠶᠡᠨ ᠤ ᠬᠡᠯᠡᠯᠭᠡ ᠶᠢ ᠠᠩᠬᠠᠷᠤᠯ ᠳᠤ ᠪᠠᠨ ᠠᠪᠬᠤ ᠦᠭᠡᠢ ᠪᠠᠶᠢᠵᠤ᠂ ᠢᠯᠡ

ᠲᠠᠯ᠎ᠠ ᠶᠢᠨ ᠣᠶᠢᠯᠠᠭᠠᠯᠲᠠ ᠶᠢ ᠯᠠ ᠠᠩᠬᠠᠷᠴᠤ᠂ ᠰᠤᠷᠤᠭᠴᠢ ᠶᠢᠨ ᠲᠠᠷᠢᠬᠢᠨ ᠳᠤ ᠲᠣᠭᠠᠨ ᠤ ᠤᠬᠠᠭᠠᠨ ᠤ ᠵᠠᠭᠪᠤᠷ ᠤᠨ

ᠦᠵᠡᠯ ᠰᠠᠨᠠᠭ᠎ᠠ ᠪᠦᠷᠢᠯᠳᠦᠬᠦ ᠡᠰᠡᠬᠦ ᠶᠢ ᠣᠮᠲᠣᠭᠠᠶᠢᠯᠠᠳᠠᠭ᠃ ᠵᠥᠪᠬᠡᠨ 1 ᠪᠠ ᠲᠡᠭᠦᠨ ᠤ ᠲᠤᠰ ᠪᠡᠶ᠎ᠡ᠂ ᠵᠠᠪᠰᠠᠷ ᠤᠨ

ᠵᠠᠢ᠂ ᠶᠡᠷᠦ ᠨᠢ ᠠᠳᠠᠭ ᠲᠤ ᠪᠠᠨ ᠁ ᠵᠡᠷᠭᠡ ᠬᠡᠯᠡᠯᠭᠡ ᠶᠢᠨ ᠮᠥᠨ ᠴᠢᠨᠠᠷ ᠢ ᠰᠤᠷᠤᠭᠴᠢ ᠶᠢᠨ ᠲᠠᠷᠢᠬᠢᠨ ᠳᠤ

ᠥᠨᠢᠳᠡ ᠶᠢᠨ ᠣᠶᠢᠯᠠᠭᠠᠯᠲᠠ ᠰᠠᠭᠤᠭᠳᠠᠯ ᠥᠭᠴᠦ ᠲᠡᠶᠢᠯᠬᠦ ᠦᠭᠡᠢ ᠪᠠᠶᠢᠨ᠎ᠠ᠃ ᠬᠢᠴᠢᠶᠡᠯᠯᠡᠭᠡ ᠳᠤ ᠡᠷᠬᠡᠪᠰᠢ ᠰᠤᠷᠬᠤ

ᠪᠢᠴᠢᠭ ᠢ ᠭᠦᠢᠴᠡᠳ ᠠᠰᠢᠭᠯᠠᠵᠤ᠂ ᠵᠢᠭᠠᠬᠤ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ

ᠪᠠᠶᠢᠬᠤ ᠬᠡᠷᠡᠭᠲᠡᠢ᠃ ᠠᠰᠠᠭᠤᠳᠠᠯ ᠰᠢᠢᠳᠪᠦᠷᠢᠯᠡᠬᠦ ᠳᠤ ᠰᠤᠷᠤᠭᠴᠢ ᠪᠠᠷ ᠤᠩᠰᠢᠯᠭ᠎ᠠ ᠬᠢᠯᠭᠡᠵᠦ᠂ ᠥᠭᠭᠦᠭᠳᠡᠭᠰᠡᠨ

ᠨᠥᠬᠦᠴᠡᠯ ᠪᠠ ᠠᠰᠠᠭᠤᠯᠳᠠ ᠶᠢ ᠤᠩᠰᠢᠨ ᠣᠶᠢᠯᠠᠭᠠᠭᠰᠠᠨ ᠱᠠᠭᠠᠷᠳᠠᠯᠭ᠎ᠠ ᠲᠠᠯᠪᠢᠬᠤ ᠬᠡᠷᠡᠭᠲᠡᠢ᠃ ᠢᠩᠭᠢᠮᠡᠨᠵᠢᠨ ᠰᠠᠶ᠋ᠢ

ᠰᠤᠷᠤᠭᠴᠢ ᠶᠢᠨ ᠯᠣᠭᠢᠭ ᠰᠡᠳᠬᠢᠬᠦᠢ ᠶᠢᠨ ᠬᠥᠭᠵᠢᠯᠲᠡ᠂ ᠶᠠᠷᠢᠵᠤ ᠲᠠᠶᠢᠯᠪᠤᠷᠢᠯᠠᠬᠤ ᠴᠢᠳᠠᠪᠤᠷᠢ᠂ ᠵᠣᠬᠢᠬᠤ ᠲᠣᠭᠠᠨ ᠤ

ᠤᠬᠠᠭᠠᠨ ᠤ ᠠᠰᠠᠭᠤᠳᠠᠯ ᠳᠤᠷᠠᠳᠬᠤ ᠴᠢᠳᠠᠪᠤᠷᠢ ᠶᠢᠨ ᠬᠥᠮᠥᠵᠢᠭᠳᠡᠬᠦ ᠳᠤ ᠦᠢᠯᠡᠴᠢᠯᠡᠵᠦ ᠴᠢᠳᠠᠨ᠎ᠠ᠃

      ᠳᠥᠷᠪᠡ᠂ ᠬᠢᠴᠢᠶᠡᠯᠯᠡᠭᠡ ᠳᠤ ᠵᠢᠭᠠᠬᠠᠨ ᠬᠦᠴᠢᠷ ᠮᠠᠳᠠᠭᠲᠠᠢ ᠠᠰᠠᠭᠤᠳᠠᠯ ᠢᠯᠡᠷᠡᠭᠰᠡᠭᠡᠷ ᠪᠠᠭᠰᠢ ᠠᠴᠠ

ᠰᠤᠷᠤᠭᠴᠢᠳ ᠢᠶᠠᠷ ᠬᠠᠮᠲᠤᠪᠠᠷ ᠬᠠᠷᠢᠭᠤᠯᠬᠤ ᠱᠠᠭᠠᠷᠳᠠᠯᠭ᠎ᠠ ᠲᠠᠯᠪᠢᠳᠠᠭ᠂ ᠡᠨᠡ ᠨᠢ ᠵᠠᠯᠠᠭᠤ ᠪᠠᠭᠰᠢ ᠪᠤᠶᠤ ᠰᠢᠨ᠎ᠡ

ᠠᠵᠢᠯ ᠤᠨ ᠪᠠᠶᠢᠷᠢ ᠳᠤ ᠭᠠᠷᠴᠤ ᠪᠠᠶᠢᠭ᠎ᠠ ᠪᠠᠭᠰᠢ ᠶᠢᠨ ᠪᠡᠶ᠎ᠡ ᠳᠤ ᠤᠯᠠᠨ ᠢᠯᠡᠷᠡᠳᠡᠭ᠃ ᠡᠶᠢᠮᠦᠷᠬᠦᠤ ᠦᠵᠡᠭᠳᠡᠯ ᠨᠢ

ᠬᠢᠴᠢᠶᠡᠯᠯᠡᠭᠡ ᠳᠤ ᠠᠮᠠᠷᠬᠠᠨ ᠬᠠᠭᠤᠷᠮᠠᠭ ᠰᠤᠷᠤᠯᠴᠠᠯᠭ᠎ᠠ ᠶᠢ ᠪᠤᠢ ᠪᠣᠯᠭᠠᠵᠤ᠂ ᠬᠡᠳᠦ᠋ᠢᠪᠡᠷ ᠬᠦᠷ ᠬᠥᠭᠵᠢᠶᠡᠨ ᠲᠠᠢ

ᠪᠠᠶᠢᠳᠠᠯ ᠢᠯᠡᠷᠡᠵᠦ ᠪᠠᠶᠢᠪᠠᠴᠤ᠂ ᠠᠰᠠᠭᠤᠳᠠᠯ ᠤᠨ ᠮᠥᠨ ᠴᠢᠨᠠᠷ ᠢ ᠢᠯᠡᠷᠡᠭᠦᠯᠵᠦ ᠰᠢᠢᠳᠪᠦᠷᠢᠯᠡᠵᠦ ᠲᠡᠶᠢᠯᠬᠦ ᠦᠭᠡᠢ

ᠶᠤᠮ᠃ ᠬᠠᠷᠢᠨ ᠴᠢᠭᠯᠡᠯ ᠲᠠᠢ ᠪᠠᠷ ᠰᠤᠷᠤᠭᠴᠢ ᠶᠢ ᠳᠠᠭᠤᠳᠠᠨ ᠰᠢᠢᠳᠪᠦᠷᠢᠯᠡᠭᠦᠯᠵᠦ᠂ ᠪᠤᠰᠤᠳ ᠰᠤᠷᠤᠭᠴᠢ ᠬᠢᠴᠢᠶᠡᠨ

ᠰᠣᠨᠤᠰᠬᠤ ᠪᠤᠶᠤ ᠬᠤᠯᠪᠣᠨ ᠪᠤᠳᠤᠬᠤ ᠪᠠᠷ ᠲᠠᠮᠵᠢᠨ ᠬᠠᠷᠢᠯᠴᠠᠨ ᠬᠠᠪᠰᠤᠷᠤᠯᠴᠠᠵᠤ ᠬᠦᠴᠢᠷ ᠮᠠᠳᠠᠭᠲᠠᠢ ᠠᠰᠠᠭᠤᠳᠠᠯ ᠢ

ᠰᠢᠢᠳᠪᠦᠷᠢᠯᠡᠨ ᠳᠠᠭᠠᠤ ᠳᠤ ᠨᠢ ᠠᠮᠵᠢᠯᠲᠠ ᠣᠯᠣᠭᠰᠠᠨ ᠪᠠᠶᠠᠷ ᠪᠠᠭ᠋ᠠᠳᠤᠯ ᠢ ᠡᠳ᠋ᠯᠡᠵᠦ ᠲᠡᠶᠢᠯᠦᠨ᠎ᠡ᠃ ᠮᠢᠨᠤ ᠬᠤᠪᠢ

ᠬᠥᠮᠥᠨ ᠤ ᠦᠵᠡᠯᠲᠡ ᠪᠠᠷ ᠬᠠᠮᠲᠤ ᠪᠠᠷ ᠬᠠᠷᠢᠭᠤᠯᠬᠤ ᠦᠵᠡᠭᠳᠡᠯ ᠢ ᠴᠡᠭᠡᠷᠯᠡᠪᠡᠯ ᠵᠣᠬᠢᠨ᠎ᠠ᠃ ᠲᠣᠭᠠᠨ ᠤ ᠤᠬᠠᠭᠠᠨ ᠤ

ᠬᠢᠴᠢᠶᠡᠯᠯᠡᠭᠡ ᠨᠢ ᠦᠨᠡᠨ ᠳᠤ ᠪᠠᠨ ᠨᠠᠮ ᠵᠢᠮ᠂ ᠰᠤᠷᠤᠭᠴᠢ ᠭᠦᠢᠴᠡᠳ ᠪᠣᠳᠣᠯᠬᠢᠯᠠᠬᠤ ᠵᠠᠢ ᠵᠠᠪᠰᠢᠶᠠᠨ ᠲᠠᠢ᠂

ᠪᠤᠷᠤᠭᠤ ᠪᠠᠨ ᠵᠠᠰᠠᠨ ᠵᠠᠯᠠᠷᠠᠭᠤᠯᠬᠤ ᠲᠣᠬᠢᠶᠠᠯ ᠲᠠᠢ ᠪᠠᠶᠢᠪᠠᠯ ᠲᠠᠭᠠᠷᠠᠨ᠎ᠠ᠃ ᠪᠦᠬᠦᠢ ᠯᠡ ᠬᠢᠴᠢᠶᠡᠯᠯᠡᠭᠡ ᠨᠢ

ᠠᠶᠠᠨᠳᠠᠭᠠᠨ ᠢᠯᠡᠷᠡᠵᠦ ᠪᠠᠶᠢᠭ᠎ᠠ ᠠᠰᠠᠭᠤᠳᠠᠯ ᠤᠨ ᠣᠷᠴᠢᠨ ᠲᠣᠭᠤᠷᠢᠨ ᠳᠤ ᠪᠠᠭᠰᠢ ᠰᠤᠷᠤᠭᠴᠢ ᠶᠢᠨ ᠬᠠᠷᠢᠯᠴᠠᠨ

ᠦᠢᠯᠡᠳᠦᠯᠴᠡᠯ ᠡᠭᠦᠰᠴᠦ᠂ ᠪᠠᠭᠰᠢ ᠰᠤᠷᠤᠭᠴᠢ ᠶᠢᠨ ᠬᠠᠮᠲᠤ ᠪᠠᠷ ᠬᠥᠭᠵᠢᠬᠦ ᠶᠠᠪᠤᠴᠠ ᠮᠥᠨ᠃ ᠢᠯᠡᠷᠡᠭᠰᠡᠨ ᠬᠦᠴᠢᠷ

ᠮᠠᠳᠠᠭᠲᠠᠢ ᠵᠦᠢᠯᠡᠰ ᠨᠢ ᠬᠢᠴᠢᠶᠡᠯᠯᠡᠭᠡ ᠳᠠᠬᠢ ᠬᠠᠮᠤᠭ ᠤᠨ ᠦᠨ᠎ᠡ ᠴᠠᠨ᠎ᠠ ᠲᠠᠢ ᠵᠦᠢᠯ ᠪᠣᠯᠬᠤ ᠮᠥᠷᠲᠡᠭᠡᠨ

ᠰᠡᠳᠬᠢᠬᠦᠢ ᠶᠢᠨ ᠮᠥᠷᠭᠦᠯᠳᠦᠭᠡᠨ ᠡᠭᠦᠰᠴᠦ᠂ ᠲᠣᠭᠠᠨ ᠤ ᠤᠬᠠᠭᠠᠨ ᠤ ᠭᠤᠣᠯᠯᠠᠬᠤ ᠬᠡᠪ ᠪᠣᠯᠪᠠᠰᠤᠷᠠᠯ ᠤᠨ

ᠬᠥᠮᠥᠵᠢᠭᠳᠡᠬᠦ ᠳᠤ ᠰᠢᠭᠤᠳ ᠴᠢᠭᠯᠡᠭᠰᠡᠨ ᠪᠠᠶᠢᠳᠠᠭ ᠶᠤᠮ᠃

      ᠲᠠᠪᠤ᠂ ᠲᠣᠭᠠᠨ ᠤ ᠤᠬᠠᠭᠠᠨ ᠤ ᠬᠢᠴᠢᠶᠡᠯᠯᠡᠭᠡ ᠳᠤ ᠰᠤᠷᠤᠭᠰᠠᠨ ᠠᠭᠤᠯᠭ᠎ᠠ ᠶᠢᠨ ᠪᠠᠲᠤᠳᠬᠠᠯ ᠪᠠ

ᠰᠤᠷᠤᠭᠴᠢ ᠶᠢᠨ ᠲᠠᠷᠢᠬᠢᠨ ᠳᠤ ᠢᠯᠡᠷᠡᠭᠰᠡᠨ ᠳᠦᠷᠢ ᠶᠢ ᠰᠢᠯᠭᠠᠨ ᠪᠠᠶᠢᠴᠠᠭᠠᠬᠤ ᠳᠤ ᠵᠦᠢ ᠵᠣᠬᠢᠰᠲᠠᠢ ᠰᠡᠳᠦᠪ

ᠰᠣᠩᠭᠤᠬᠤ ᠨᠢ ᠮᠠᠰᠢ ᠴᠢᠬᠤᠯᠠ ᠶᠤᠮ᠃ 40 ᠮᠢᠨᠦ᠋ᠲ ᠲᠤ ᠶᠠᠰᠤ ᠴᠢᠨᠠᠷ ᠢ ᠪᠠᠲᠤᠯᠠᠬᠤ ᠪᠣᠯ ᠪᠠᠭ᠎ᠠ

ᠰᠤᠷᠭᠠᠭᠤᠯᠢ ᠶᠢᠨ ᠲᠣᠭᠠᠨ ᠤ ᠤᠬᠠᠭᠠᠨ ᠤ ᠬᠢᠴᠢᠶᠡᠯᠯᠡᠭᠡ ᠶᠢᠨ ᠱᠠᠭᠠᠷᠳᠠᠯᠭ᠎ᠠ ᠮᠥᠨ᠃ ᠣᠳᠣᠬᠠᠨ ᠳᠤ ᠪᠠᠭ᠎ᠠ

ᠰᠤᠷᠭᠠᠭᠤᠯᠢ ᠶᠢᠨ ᠬᠤᠶᠠᠷ᠂ ᠭᠤᠷᠪᠠᠳᠤᠭᠠᠷ ᠰᠤᠷᠤᠯᠭ᠎ᠠ ᠶᠢᠨ ᠱᠠᠲᠤᠨ ᠳᠤ ᠡᠳᠦᠷ ᠪᠦᠷᠢ ᠵᠥᠪᠬᠡᠨ ᠨᠢᠭᠡ          

ᠯᠠ ᠦᠶ᠎ᠡ ᠲᠣᠭᠠᠨ ᠤ ᠤᠬᠠᠭᠠᠨ ᠤ ᠬᠢᠴᠢᠶᠡᠯ ᠪᠠᠶᠢᠷᠢᠯᠠᠭᠤᠯᠤᠭᠳᠠᠵᠤ ᠪᠠᠶᠢᠳᠠᠭ᠂ ᠶᠠᠭ ᠡᠶᠢᠮᠦ ᠠᠴᠠ ᠪᠠᠭᠰᠢ ᠨᠢᠭᠡ

ᠪᠦᠷᠢ 40 ᠮᠢᠨᠦ᠋ᠲ ᠢ ᠨᠠᠨᠳᠢᠩᠨᠠᠵᠤ ᠴᠢᠨᠠᠷᠯᠢᠭ ᠪᠡᠯᠡᠳᠬᠡᠵᠦ᠂ ᠶᠠᠰᠤᠯᠢᠭ ᠬᠢᠴᠢᠶᠡᠯᠯᠡᠭᠡ ᠬᠢᠬᠦ ᠴᠢᠬᠤᠯᠠᠲᠠᠢ          

ᠶᠤᠮ᠃ ᠠᠭᠤᠯᠭ᠎ᠠ ᠶᠢᠨ ᠪᠠᠲᠤᠳᠬᠠᠯ ᠢ ᠬᠢᠴᠢᠶᠡᠯᠯᠡᠭᠡ ᠳᠤ ᠪᠠᠨ ᠰᠠᠶᠢᠲᠤᠷ ᠬᠢᠬᠦ ᠨᠢ ᠨᠡᠩ ᠴᠢᠬᠤᠯᠠ᠂ ᠡᠨᠡ ᠦᠶᠡᠰ

ᠪᠠᠭᠰᠢ ᠠᠴᠠ ᠵᠥᠪᠬᠡᠨ ᠰᠤᠷᠬᠤ ᠪᠢᠴᠢᠭ ᠲᠤ ᠬᠦᠯᠢᠶᠡᠰᠦᠯᠡᠭᠳᠡᠵᠦ ᠶᠠᠭᠠᠬᠢᠭᠰᠠᠨ ᠴᠤ ᠪᠣᠯᠬᠤ ᠦᠭᠡᠢ᠂ ᠬᠠᠷᠢᠨ

ᠬᠢᠴᠢᠶᠡᠯᠯᠡᠭᠡ ᠳᠤ ᠢᠯᠡᠷᠡᠭᠰᠡᠨ ᠠᠰᠠᠭᠤᠳᠠᠯ ᠳᠤ ᠴᠢᠭᠯᠡᠭᠰᠡᠨ᠂ ᠰᠤᠷᠤᠭᠴᠢ ᠶᠢᠨ ᠪᠠᠶᠢᠳᠠᠯ ᠳᠤ ᠴᠢᠭᠯᠡᠭᠰᠡᠨ᠂ ᠵᠢᠭᠠᠨ

ᠰᠤᠷᠭᠠᠬᠤ ᠠᠭᠤᠯᠭ᠎ᠠ ᠶᠢᠨ ᠭᠤᠣᠯᠳᠠᠯᠭ᠎ᠠ᠂ ᠬᠦᠴᠢᠷᠳᠡᠯᠭᠡ ᠳᠤ ᠴᠢᠭᠯᠡᠭᠰᠡᠨ ᠪᠠᠲᠤᠳᠬᠠᠯ ᠤᠨ ᠰᠡᠳᠦᠪ ᠢ

ᠰᠣᠩᠭᠤᠬᠤ ᠨᠢ ᠪᠠᠭᠰᠢ ᠶᠢᠨ ᠲᠤᠰ ᠬᠡᠰᠡᠭ ᠠᠭᠤᠯᠭ᠎ᠠ ᠶᠢᠨ ᠲᠤᠬᠠᠢ ᠰᠤᠳᠤᠯᠤᠯ ᠰᠢᠨᠵᠢᠯᠡᠯ ᠬᠢᠭᠰᠡᠨ ᠭᠦᠨ ᠪᠠ

ᠥᠷᠭᠡᠴᠠ ᠲᠠᠢ ᠰᠢᠭᠤᠳ ᠬᠤᠯᠪᠣᠭᠳᠠᠨ᠎ᠠ᠃ ᠪᠠᠭᠰᠢ ᠠᠴᠠ ᠡᠷᠬᠡᠪᠰᠢ ᠭᠦᠨᠵᠡᠭᠡᠢ ᠰᠤᠳᠤᠯᠵᠤ᠂ ᠨᠢᠮᠪᠠᠢ ᠪᠡᠯᠡᠳᠬᠡᠵᠦ᠂

ᠪᠣᠯᠪᠠᠰᠤᠷᠠᠯ ᠪᠠᠲᠤᠳᠬᠠᠯ ᠤᠨ ᠰᠡᠳᠦᠪ ᠢ ᠴᠢᠨᠠᠷᠯᠢᠭ ᠰᠣᠩᠭᠤᠨ ᠲᠣᠬᠢᠷᠠᠭᠤᠯᠬᠤ ᠴᠢᠬᠤᠯᠠᠲᠠᠢ᠃ ᠲᠡᠰ

ᠳᠠᠪᠬᠤᠷᠭ᠎ᠠ ᠲᠠᠢ᠂ ᠬᠤᠯᠪᠣᠨ ᠪᠣᠳᠣᠯᠲᠠ ᠡᠭᠦᠰᠴᠦ ᠴᠢᠳᠠᠬᠤ᠂ ᠪᠡᠶ᠎ᠡ ᠪᠠᠨ ᠳᠠᠭᠠᠭᠠᠬᠤ ᠪᠤᠶᠤ ᠬᠤᠷᠰᠢᠨ

ᠬᠠᠮᠵᠢᠯᠴᠠᠪᠠᠯ ᠪᠡᠶᠡᠯᠡᠭᠦᠯᠵᠦ ᠲᠡᠶᠢᠯᠬᠦ᠂ ᠰᠤᠷᠤᠭᠴᠢ ᠪᠡᠶᠡᠯᠡᠭᠦᠯᠦᠭᠰᠡᠨ ᠤ ᠲᠠᠷᠠᠭ᠎ᠠ ᠠᠮᠵᠢᠯᠲᠠ ᠣᠯᠣᠭᠰᠠᠨ ᠲᠥᠷᠥᠭᠳᠡᠯ

ᠣᠯᠵᠤ ᠴᠢᠳᠠᠬᠤ ᠰᠡᠳᠦᠪ ᠠᠰᠠᠭᠤᠳᠠᠯ ᠢ ᠪᠠᠶᠢᠷᠢᠯᠠᠭᠤᠯᠬᠤ ᠬᠡᠷᠡᠭᠲᠡᠢ᠃

      ᠵᠢᠷᠭᠤᠭ᠎ᠠ᠂ 2022 ᠣᠨ ᠤ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠪᠠᠭ᠎ᠠ ᠰᠤᠷᠭᠠᠭᠤᠯᠢ ᠶᠢᠨ

ᠱᠠᠲᠤᠨ ᠳᠠᠬᠢ ᠲᠣᠭᠠᠨ ᠤ ᠤᠬᠠᠭᠠᠨ ᠤ ᠭᠤᠣᠯᠯᠠᠬᠤ ᠬᠡᠪ ᠪᠣᠯᠪᠠᠰᠤᠷᠠᠯ ᠨᠢ ᠲᠣᠭᠠᠨ ᠤ ᠰᠡᠷᠡᠯ᠂ ᠬᠡᠮᠵᠢᠶᠡᠨ ᠤ ᠰᠡᠷᠡᠯ᠂

ᠲᠡᠮᠳᠡᠭ ᠤᠨ ᠤᠬᠠᠮᠰᠠᠷ᠂ ᠪᠣᠳᠣᠯᠭ᠎ᠠ ᠶᠢᠨ ᠴᠢᠳᠠᠪᠤᠷᠢ᠂ ᠭᠧᠣᠮᠧᠲᠷᠢ ᠶᠢᠨ ᠦᠵᠡᠭᠳᠡᠮᠡᠯ᠂ ᠣᠭᠲᠠᠷᠭᠤᠢ ᠶᠢᠨ

ᠦᠵᠡᠯᠲᠡ᠂ ᠵᠦᠢᠴᠢᠯᠡᠬᠦ ᠤᠬᠠᠮᠰᠠᠷ᠂ ᠲᠤᠭ᠎ᠠ ᠪᠠᠷᠢᠮᠲᠠ ᠶᠢᠨ ᠤᠬᠠᠮᠰᠠᠷ᠂ ᠵᠠᠭᠪᠤᠷ ᠤᠨ ᠤᠬᠠᠮᠰᠠᠷ ᠵᠡᠷᠭᠡ ᠶᠢᠰᠦᠨ

ᠲᠠᠯ᠎ᠠ ᠪᠠᠷ ᠢᠯᠡᠷᠡᠳᠡᠭ᠃ ᠲᠣᠭᠠᠨ ᠤ ᠤᠬᠠᠭᠠᠨ ᠤ ᠪᠠᠭᠰᠢ ᠪᠣᠯᠣᠭᠰᠠᠳ ᠴᠠᠭ ᠢᠮᠠᠭᠲᠠ ᠡᠨᠡ ᠬᠦ ᠶᠢᠰᠦᠨ ᠲᠠᠯ᠎ᠠ ᠶᠢᠨ

ᠲᠣᠭᠠᠨ ᠤ ᠤᠬᠠᠭᠠᠨ ᠤ ᠬᠡᠪ ᠪᠣᠯᠪᠠᠰᠤᠷᠠᠯ ᠢ ᠣᠶᠢᠯᠠᠭᠠᠨ ᠴᠡᠭᠡᠵᠢᠯᠡᠵᠦ᠂ ᠠᠳᠠᠯᠢ ᠪᠤᠰᠤ ᠠᠭᠤᠯᠭ᠎ᠠ ᠶᠢᠨ

ᠬᠥᠮᠥᠵᠢᠭᠦᠯᠬᠦ ᠬᠠᠷᠠᠯᠲᠠ ᠶᠢ ᠲᠣᠳᠣᠷᠬᠠᠢ ᠪᠣᠯᠭᠠᠨ᠂ ᠵᠢᠭᠠᠨ ᠰᠤᠷᠭᠠᠬᠤ ᠶᠠᠪᠤᠴᠠ ᠳᠤ ᠰᠤᠷᠤᠭᠴᠢᠳ ᠤᠨ ᠭᠤᠣᠯᠯᠠᠬᠤ

ᠬᠡᠪ ᠪᠣᠯᠪᠠᠰᠤᠷᠠᠯ ᠤᠨ ᠬᠥᠮᠥᠵᠢᠭᠳᠡᠬᠦ ᠶᠢ ᠴᠢᠬᠤᠯᠠᠴᠢᠯᠠᠨ᠂ ᠤᠤᠯ ᠤᠨ ᠭᠤᠷᠮᠤᠰᠤᠨ ᠬᠠᠷᠠᠯᠲᠠ ᠠᠴᠠ ᠭᠤᠣᠯᠯᠠᠬᠤ ᠬᠡᠪ

ᠪᠣᠯᠪᠠᠰᠤᠷᠠᠯ ᠳᠤ ᠴᠢᠭᠯᠡᠭᠰᠡᠨ ᠬᠢᠴᠢᠶᠡᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠬᠦᠷᠭᠡᠬᠦ ᠪᠠᠷ ᠥᠪᠡᠷ ᠤᠨ ᠵᠢᠭᠠᠨ

ᠰᠤᠷᠭᠠᠬᠤ ᠬᠠᠷᠠᠯᠲᠠ᠂ ᠠᠭᠤᠯᠭ᠎ᠠ᠂ ᠠᠷᠭ᠎ᠠ ᠬᠡᠯᠪᠡᠷᠢ ᠪᠠᠨ ᠪᠣᠯᠭᠠᠭᠰᠠᠨ ᠪᠠᠶᠢᠪᠠᠯ ᠵᠣᠬᠢᠨ᠎ᠠ᠃

      ᠲᠤᠯᠤᠭ᠎ᠠ᠂ ᠬᠢᠴᠢᠶᠡᠯᠯᠡᠭᠡ ᠳᠤ ᠪᠠᠭᠰᠢ ᠠᠴᠠ ᠠᠳᠠᠯᠢ ᠪᠤᠰᠤ ᠶᠢᠨ ᠰᠤᠷᠤᠭᠴᠢ ᠶᠢᠨ ᠲᠣᠭᠠᠨ ᠤ ᠤᠬᠠᠭᠠᠨ ᠤ

ᠲᠠᠯ᠎ᠠ ᠪᠠᠷ ᠠᠳᠠᠯᠢ ᠪᠤᠰᠤ ᠬᠥᠭᠵᠢᠯᠲᠡ ᠲᠠᠢ ᠪᠠᠶᠢᠬᠤ ᠶᠢ ᠮᠡᠳᠡᠷᠡᠵᠦ᠂ ᠠᠰᠠᠭᠤᠳᠠᠯ ᠳᠤᠷᠠᠳᠴᠤ ᠴᠢᠳᠠᠬᠤ ᠶᠢ

ᠴᠢᠬᠤᠯᠠᠴᠢᠯᠠᠨ᠂ ᠰᠤᠷᠤᠭᠴᠢ ᠶᠢᠨ ᠲᠣᠭᠠᠨ ᠤ ᠤᠬᠠᠭᠠᠨ ᠤ ᠰᠤᠷᠤᠯᠴᠠᠯᠭ᠎ᠠ ᠳᠠᠬᠢ ᠣᠪᠣᠷ ᠰᠡᠳᠬᠢᠯᠭᠡ ᠪᠠ

ᠶᠢᠷᠲᠢᠨᠴᠦ ᠶᠢᠨ ᠦᠵᠡᠯᠲᠡ ᠶᠢᠨ ᠪᠦᠷᠢᠯᠳᠦᠯ ᠨᠢ ᠨᠡᠩ ᠶᠡᠭᠡ ᠤᠳᠬ᠎ᠠ ᠠᠭᠤᠯᠭ᠎ᠠ ᠲᠠᠢ ᠪᠠᠶᠢᠬᠤ ᠶᠢ ᠬᠦᠨᠳᠦᠳᠬᠡᠪᠡᠯ

ᠵᠣᠬᠢᠨ᠎ᠠ᠃ ᠰᠤᠷᠤᠯᠴᠠᠯᠭ᠎ᠠ ᠶᠢᠨ ᠶᠠᠪᠤᠴᠠ ᠳᠠᠬᠢ ᠬᠥᠮᠥᠨ ᠢ ᠬᠥᠮᠥᠵᠢᠭᠦᠯᠬᠦ ᠭᠤᠣᠯ ᠦᠢᠯᠡᠳᠦᠯ ᠢ ᠦᠨᠡᠨ ᠬᠦ

ᠪᠠᠳᠠᠷᠠᠭᠤᠯᠬᠤ ᠬᠡᠷᠡᠭᠲᠡᠢ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠪᠠᠭᠠᠷᠢᠨ ᠵᠡᠭᠦᠨ ᠬᠤᠰᠢᠭᠤᠨ ᠤ 

                                ᠵᠢᠭᠠᠬᠤ ᠶᠢ ᠰᠤᠳᠤᠯᠬᠤ ᠲᠥᠪ 

                                ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map