ᠲᠡᠭᠡᠳᠤ ᠲᠤᠮᠳᠠᠳᠤ ᠶᠢᠨ ᠠᠮᠢᠳᠤ ᠪᠤᠳᠠᠰ ᠤᠨ ᠲᠤᠷᠰᠢᠯᠳᠠ ᠶᠢᠨ ᠵᠢᠭᠠᠨ ᠰᠤᠷᠭᠠᠯᠳᠠ ᠲᠤᠮᠳᠠ ᠰᠤᠷᠤᠭᠴᠢᠳ ᠤᠨ ᠭᠠᠷ ᠬᠦᠳᠡᠯᠭᠡᠬᠦ ᠴᠢᠳᠠᠪᠤᠷᠢ ᠶᠢ ᠬᠡᠷᠬᠢᠨ ᠬᠦᠮᠦᠵᠢᠭᠦᠯᠬᠦ ᠪᠤᠢ
ᠨᠡᠶᠢᠲᠡᠯᠡᠭᠰᠡᠨ ᠴᠠᠭ᠄
2024/8/15
                  ᠲᠦᠩ ᠢᠤᠢ ᠿᠦᠡᠭ

教学研究3.png

 

      ᠨᠢᠭᠡ᠂ ᠰᠤᠷᠤᠭᠴᠢᠳ ᠤᠨ ᠦᠪᠡᠰᠤᠪᠠᠨ ᠭᠠᠷ ᠬᠦᠳᠡᠯᠤᠨ ᠦᠢᠯᠡᠳᠤᠯᠭᠡ ᠳᠤ ᠤᠷᠤᠯᠴᠠᠬᠤ ᠶᠢ ᠵᠢᠯᠤᠭᠤᠳᠬᠤ

      ᠤᠯᠠᠮᠵᠢᠯᠠᠯᠳᠤ ᠲᠤᠷᠰᠢᠯᠳᠠ ᠶᠢᠨ ᠵᠢᠭᠠᠨ ᠰᠤᠷᠭᠠᠯᠳᠠ ᠳᠠᠬᠢ ᠪᠠᠭᠰᠢ ᠠᠴᠠ ᠭᠤᠤᠯᠯᠠᠬᠤ ᠦᠢᠯᠡᠳᠤᠯ

ᠦᠵᠡᠬᠦᠯᠵᠤ ᠪᠠᠶᠢᠭᠰᠠᠨ ᠠᠴᠠ ᠰᠤᠷᠤᠭᠴᠢᠳ ᠦᠪᠡᠰᠤᠪᠠᠨ ᠭᠠᠷ ᠬᠦᠳᠡᠯᠤᠨ ᠲᠤᠷᠰᠢᠯᠳᠠ ᠬᠢᠬᠦ ᠪᠤᠯᠭᠠᠨ

ᠠᠰᠠᠭᠤᠳᠠᠯ ᠢ ᠰᠤᠷᠤᠭᠴᠢᠳ ᠢᠶᠠᠷ ᠰᠢᠢᠳᠪᠤᠷᠢᠯᠡᠬᠦᠯᠤᠨ᠎ᠠ᠃ ᠠᠮᠢᠳᠤ ᠪᠤᠳᠠᠰ ᠤᠨ ᠲᠤᠷᠰᠢᠯᠳᠠ ᠨᠢ ᠰᠤᠷᠤᠭᠴᠢᠳ ᠤᠨ

ᠲᠤᠷᠰᠢᠯᠳᠠ ᠶᠢᠨ ᠶᠠᠪᠤᠴᠨ ᠳᠤ ᠦᠢᠯᠡᠳᠤᠯᠭᠡᠳᠤ ᠴᠢᠳᠠᠪᠤᠷᠢ ᠶᠢ ᠴᠢᠬᠤᠯᠠᠴᠢᠯᠠᠨ᠎ᠠ᠃ ᠲᠤᠷᠰᠢᠯᠳᠠ ᠶᠢᠨ ᠵᠢᠭᠠᠨ

ᠰᠤᠷᠭᠠᠯᠳᠠ ᠲᠤᠮᠳᠠ᠂ ᠪᠠᠭᠰᠢ ᠠᠴᠠ ᠤᠷᠢᠳ ᠢᠶᠠᠷ ᠲᠦᠷᠢᠮᠵᠢᠳᠤ ᠲᠤᠷᠰᠢᠯᠳᠠ ᠬᠢᠵᠤ᠂ ᠲᠤᠷᠰᠢᠯᠳᠠ ᠶᠢᠨ ᠶᠠᠪᠤᠴᠨ

ᠲᠤᠮᠳᠠ ᠠᠩᠬᠠᠷᠬᠤ ᠴᠢᠬᠤᠯᠠᠳᠠᠢ ᠠᠰᠠᠭᠤᠳᠠᠯ ᠢ ᠴᠢᠩᠭᠠᠳᠬᠠᠨ᠎ᠠ᠃ ᠲᠠᠷᠠᠭ᠎ᠠ ᠳᠤ ᠨᠢ ᠰᠤᠷᠤᠭᠴᠢᠳ ᠦᠪᠡᠰᠤᠪᠠᠨ

ᠭᠠᠷ ᠬᠦᠳᠡᠯᠤᠨ ᠲᠤᠷᠰᠢᠯᠳᠠ ᠬᠢᠨ᠎ᠡ᠃

      ᠬᠤᠶᠠᠷ᠂ ᠰᠤᠷᠤᠭᠴᠢᠳ ᠲᠤᠷᠰᠢᠯᠳᠠ ᠬᠢᠬᠦ ᠠᠴᠠ ᠡᠮᠤᠨ᠎ᠠ ᠲᠤᠷᠰᠢᠯᠳᠠ ᠶᠢᠨ ᠠᠭᠤᠯᠭ᠎ᠠ ᠶᠢ ᠤᠷᠢᠳᠴᠢᠯᠠᠨ

ᠦᠵᠡᠵᠤ᠂ ᠭᠡᠷᠬᠢᠨ ᠲᠤᠷᠰᠢᠯᠳᠠ ᠬᠢᠬᠦ ᠪᠠᠨ ᠲᠦᠰᠦᠪᠯᠡᠭᠦ

      ᠰᠤᠷᠤᠭᠴᠢᠳ ᠲᠤᠷᠰᠢᠯᠳᠠ ᠬᠢᠵᠤ ᠪᠠᠶᠢᠭ᠎ᠠ ᠶᠠᠪᠤᠴᠨ ᠲᠤᠮᠳᠠ᠂ ᠪᠠᠭᠰᠢ ᠠᠴᠠ ᠵᠠᠪᠠᠯ ᠠᠮᠤᠷ ᠲᠦᠪᠰᠢᠨ ᠤ

ᠠᠰᠠᠭᠤᠳᠠᠯ ᠪᠠ ᠠᠵᠢᠯᠯᠠᠭᠠᠨ ᠤ ᠠᠯᠬᠤᠮ ᠳᠠᠷᠠᠭ᠎ᠠ ᠶᠢᠨ ᠵᠦᠪ ᠡᠰᠡᠬᠦ ᠶᠢ ᠠᠩᠬᠠᠷᠤᠨ᠎ᠠ᠃ ᠲᠤᠷᠰᠢᠯᠳᠠ ᠶᠢᠨ ᠶᠠᠪᠤᠴᠨ

ᠲᠤᠮᠳᠠ ᠭᠡᠷᠪᠡ ᠰᠤᠷᠤᠭᠴᠢᠳ ᠤᠨ ᠠᠵᠢᠯᠯᠠᠭ᠎ᠠ ᠵᠦᠪ ᠪᠤᠰᠤ ᠡᠰᠡᠬᠦᠯ᠎ᠠ ᠲᠦᠷᠢᠮᠵᠢᠭᠦᠨ ᠪᠢᠰᠢ ᠪᠤᠯ ᠪᠠᠭᠰᠢ ᠠᠴᠠ

ᠴᠠᠭ ᠲᠤᠬᠠᠢ ᠳᠤ ᠨᠢ ᠵᠢᠭᠠᠨ ᠵᠢᠯᠤᠭᠤᠳᠴᠤ ᠲᠠᠷᠠᠭᠠᠴᠢ ᠶᠢᠨ ᠲᠤᠷᠰᠢᠯᠳᠠ ᠶᠢᠨ ᠠᠯᠬᠤᠮ ᠳᠤ ᠠᠳᠠᠯᠢ ᠠᠯᠳᠠᠭ᠎ᠠ

ᠭᠠᠷᠬᠤ ᠠᠴᠠ ᠰᠡᠷᠭᠡᠶᠢᠯᠡᠬᠦ ᠭᠡᠷᠡᠭᠳᠡᠢ᠃ ᠰᠤᠷᠤᠭᠴᠢᠳ ᠲᠤᠷᠰᠢᠯᠳᠠ ᠶᠢᠨ ᠶᠠᠪᠤᠴᠨ ᠲᠤᠮᠳᠠ ᠮᠠᠳᠠᠭᠲᠠᠢ          

ᠵᠦᠢᠯ ᠪᠠᠶᠢᠪᠠᠯ ᠪᠠᠭᠰᠢ ᠠᠴᠠ ᠪᠠᠨ ᠠᠰᠠᠭᠤᠬᠤ ᠪᠤᠶᠤ ᠨᠦᠭᠦᠳ ᠬᠤᠭᠤᠷᠤᠨᠳᠤ ᠪᠠᠨ ᠬᠤᠷᠰᠢᠨ          

ᠰᠦᠪᠡᠭᠴᠢᠯᠡᠨ᠎ᠡ᠃ ᠪᠠᠭᠰᠢ ᠠᠴᠠ ᠰᠤᠷᠤᠭᠴᠢ ᠶᠢᠨ ᠲᠤᠷᠰᠢᠯᠳᠠ ᠶᠢᠨ ᠶᠠᠪᠤᠴᠨ ᠳᠤ ᠤᠷᠤᠰᠢᠵᠤ ᠪᠠᠶᠢᠭ᠎ᠠ

ᠠᠰᠠᠭᠤᠳᠠᠯ ᠳᠤ ᠵᠦᠪ ᠤᠨᠤᠪᠴᠢᠳᠡᠢ ᠵᠢᠯᠤᠭᠤᠳᠤᠯᠭ᠎ᠠ ᠦᠭᠴᠦ᠂ ᠰᠤᠷᠤᠭᠴᠢᠳ ᠤᠨ ᠭᠠᠷ ᠬᠦᠳᠡᠯᠤᠨ

ᠦᠢᠯᠡᠳᠦᠯᠭᠡ ᠳᠤ ᠤᠷᠤᠯᠴᠠᠬᠤ ᠴᠢᠳᠠᠪᠤᠷᠢ ᠶᠢ ᠲᠡᠭᠡᠭᠰᠢᠯᠡᠬᠦᠯᠦᠨ᠂ ᠲᠤᠷᠰᠢᠯᠳᠠ ᠶᠢᠨ ᠭᠤᠭᠴᠤᠭ᠎ᠠ ᠶᠢ ᠲᠡᠬᠦᠯᠳᠡᠷ

ᠡᠵᠡᠮᠰᠢᠭᠦᠯᠤᠨ᠎ᠠ᠃

      ᠭᠤᠷᠪᠠ᠂ ᠰᠤᠷᠤᠭᠴᠢᠳ ᠢᠶᠠᠷ ᠲᠤᠷᠰᠢᠯᠳᠠ ᠶᠢᠨ ᠮᠡᠳᠡᠭᠦᠯᠤᠯᠳᠠ ᠪᠢᠴᠢᠭᠦᠯᠵᠤ ᠠᠵᠢᠭᠯᠠᠬᠤ ᠴᠢᠳᠠᠪᠤᠷᠢ ᠶᠢ

ᠬᠦᠮᠦᠵᠢᠬᠦᠯᠭᠦ

      ᠠᠮᠢᠳᠤ ᠪᠤᠳᠠᠰ ᠤᠨ ᠲᠤᠷᠰᠢᠯᠳᠠ ᠶᠢᠨ ᠴᠢᠬᠤᠯᠨ ᠨᠢᠭᠡ ᠠᠵᠢᠯ ᠪᠤᠯ ᠲᠠᠷᠤᠢ ᠲᠤᠷᠰᠢᠯᠳᠠ ᠶᠢᠨ ᠮᠡᠳᠡᠬᠦᠯᠤᠯᠳᠠ

ᠪᠢᠴᠢᠬᠦ ᠶᠠᠪᠤᠳᠠᠯ ᠪᠤᠯᠤᠨ᠎ᠠ᠃ ᠲᠤᠷᠰᠢᠯᠳᠠ ᠶᠢᠨ ᠲᠡᠮᠳᠡᠭᠯᠡᠯ ᠨᠢ ᠰᠤᠷᠤᠭᠴᠢᠳ ᠤᠨ ᠲᠤᠷᠰᠢᠯᠳᠠ ᠬᠢᠬᠦ ᠶᠠᠪᠤᠴᠨ ᠳᠤ

ᠯᠠᠪᠯᠠᠬᠤ ᠲᠤᠷᠰᠢᠯᠳᠠ ᠶᠢᠨ ᠲᠤᠭ᠎ᠠ ᠪᠦᠷᠢᠳᠭᠡᠯ ᠢ ᠬᠠᠩᠭᠠᠨ᠂ ᠡᠭᠦᠨ ᠤ ᠤᠯᠠᠮ ᠠᠴᠠ ᠲᠡᠳᠡᠨ ᠤ ᠰᠢᠨᠵᠢᠯᠡᠬᠦ

ᠤᠬᠠᠭᠠᠨᠴᠢ ᠪᠠᠷ ᠠᠵᠢᠭᠯᠠᠬᠤ ᠪᠠ ᠭᠠᠷ ᠬᠦᠳᠡᠯᠬᠦ ᠴᠢᠳᠠᠪᠤᠷᠢ ᠶᠢ ᠤᠷᠭᠠᠨᠢᠭ ᠢᠶᠠᠷ ᠤᠶᠠᠯᠳᠤᠭᠤᠯᠤᠨ ᠬᠠᠮᠳᠤ ᠳᠤ ᠨᠢ

ᠬᠦᠮᠦᠵᠢᠭᠦᠯᠦᠨ᠎ᠡ᠃ ᠠᠮᠢᠳᠤ ᠪᠤᠳᠠᠰ ᠤᠨ ᠲᠤᠷᠰᠢᠯᠳᠠ ᠶᠢ ᠪᠠᠭᠰᠢ ᠶᠢᠨ ᠵᠢᠯᠤᠭᠤᠳᠤᠯᠭ᠎ᠠ ᠲᠤᠤᠷ᠎ᠠ ᠬᠢᠬᠦ ᠶᠢᠨ ᠬᠠᠮᠳᠤ

ᠲᠡᠮᠳᠡᠭᠯᠡᠯ ᠬᠢᠨ᠎ᠡ᠃ ᠠᠮᠢᠳᠤ ᠪᠤᠳᠠᠰ ᠤᠨ ᠲᠤᠷᠰᠢᠯᠳᠠ ᠲᠤᠮᠳᠠ ᠵᠦᠪ ᠤᠨᠤᠪᠴᠢᠳᠠᠢ ᠲᠡᠮᠳᠡᠭᠯᠡᠯ ᠬᠢᠬᠦ ᠨᠢ ᠲᠦᠢᠯ ᠤᠨ

ᠴᠢᠬᠤᠯᠨ ᠶᠤᠮ᠃ ᠲᠤᠷᠰᠢᠯᠳᠠ ᠬᠢᠬᠦ ᠠᠴᠠ ᠡᠮᠤᠨ᠎ᠠ ᠰᠤᠷᠤᠭᠴᠢᠳ ᠲᠤᠷᠰᠢᠯᠳᠠ ᠶᠢᠨ ᠵᠢᠱᠢᠶ᠎ᠠ ᠳᠤ ᠵᠠᠳᠠᠯᠤᠯᠳᠠ ᠬᠢᠵᠤ᠂

ᠲᠤᠭ᠎ᠠ ᠪᠦᠷᠢᠳᠭᠡᠯ ᠤᠨ ᠪᠡᠯᠡᠳᠭᠡᠯ ᠠᠵᠢᠯ ᠬᠢᠨ᠎ᠡ᠃ ᠲᠤᠷᠰᠢᠯᠳᠠ ᠶᠢᠨ ᠶᠠᠪᠤᠴᠨ ᠲᠤᠮᠳᠠ ᠤᠳᠠᠭ᠎ᠠ ᠪᠦᠷᠢ ᠶᠢᠨ

ᠲᠤᠭ᠎ᠠ ᠪᠦᠷᠢᠳᠭᠡᠯ ᠢᠶᠠᠨ ᠲᠡᠮᠳᠡᠭᠯᠡᠨ᠂ ᠪᠤᠷᠤᠭᠤ ᠲᠡᠮᠳᠡᠭᠯᠡᠬᠦ ᠪᠤᠶᠤ ᠲᠡᠮᠳᠡᠭᠯᠡᠯ ᠢᠶᠠᠨ ᠭᠡᠭᠡᠬᠦ ᠦᠵᠡᠭᠳᠡᠯ ᠭᠠᠷᠭᠠᠵᠤ

ᠪᠤᠯᠬᠤ ᠦᠭᠡᠢ᠃ ᠤᠴᠢᠷ ᠨᠢ ᠬᠠᠮᠤᠭ ᠤᠨ ᠡᠴᠤᠰ ᠤᠨ ᠦᠷ᠎ᠠ ᠳ᠋ᠦᠩ ᠢ ᠤᠯᠬᠤ ᠦᠶᠡᠰ ᠡᠳᠡᠭᠡᠷ ᠲᠤᠭ᠎ᠠ

ᠪᠦᠷᠢᠳᠭᠡᠯ ᠨᠢ ᠲᠦᠢᠯ ᠤᠨ ᠴᠢᠬᠤᠯᠨ ᠶᠤᠮ᠃ ᠡᠶᠢᠮᠤ ᠠᠴᠠ ᠪᠠᠭᠰᠢ ᠠᠴᠠ ᠰᠤᠷᠤᠭᠴᠢᠳ ᠢ ᠨᠠᠷᠢᠨ ᠬᠢᠨᠠᠮᠠᠭᠠᠢ

ᠠᠵᠢᠭᠯᠠᠨ᠂ ᠤᠳᠠᠭ᠎ᠠ ᠪᠦᠷᠢ ᠶᠢᠨ ᠲᠡᠮᠳᠡᠭᠯᠡᠯ ᠢ ᠬᠢᠨᠠᠮᠠᠭᠠᠢ ᠬᠢᠬᠦ ᠶᠢ ᠱᠠᠭᠠᠷᠳᠠᠨ᠂ ᠤᠳᠠᠭ᠎ᠠ ᠪᠦᠷᠢ ᠶᠢᠨ ᠲᠤᠭ᠎ᠠ

ᠪᠦᠷᠢᠳᠭᠡᠯ ᠤᠨ ᠲᠦᠯᠦᠭᠡᠯᠡᠵᠤ ᠪᠠᠶᠢᠭ᠎ᠠ ᠤᠳᠬ᠎ᠠ ᠤᠴᠢᠷ ᠪᠠ ᠠᠭᠤᠯᠭ᠎ᠠ ᠶᠢ ᠤᠬᠠᠵᠤ ᠮᠡᠳᠡᠬᠦ ᠭᠡᠷᠡᠭᠳᠡᠢ᠃ ︽ᠭᠡᠳᠤ

ᠬᠦᠴᠢᠯᠳᠦ᠋ᠷᠦᠭᠴᠢᠲᠤ ᠤᠰᠤᠳᠦ᠋ᠷᠤᠭ᠍ᠴᠢ ᠶᠢᠨ ᠠᠳᠠᠯᠢ ᠪᠤᠰᠤ ᠨᠦᠭᠦᠴᠡᠯ ᠲᠤᠤᠷᠠᠬᠢ ᠵᠠᠳᠠᠯᠤᠯᠳᠠ︾ ᠭᠡᠬᠦ

ᠲᠤᠷᠰᠢᠯᠳᠠ ᠪᠠᠷ ᠵᠢᠱᠢᠶᠡᠯᠡᠪᠠᠯ᠂ ᠰᠤᠷᠤᠭᠴᠢᠳ ᠭᠡᠳᠤ ᠬᠦᠴᠢᠯᠳᠦ᠋ᠷᠦᠭᠴᠢᠲᠤ ᠤᠰᠤᠳᠦ᠋ᠷᠤᠭ᠍ᠴᠢ ᠶᠢᠨ ᠡᠯ᠎ᠠ

ᠵᠦᠢᠯ ᠤᠨ ᠪᠠᠶᠢᠳᠠᠯ ᠲᠤᠤᠷᠠᠬᠢ ᠡᠬᠦᠰᠬᠦ ᠬᠤᠪᠢᠷᠠᠯᠳᠠ ᠶᠢ ᠬᠢᠨᠠᠮᠠᠭᠠᠢ ᠠᠵᠢᠭᠯᠠᠬᠤ ᠪᠠᠷ ᠲᠠᠮᠵᠢᠨ᠂ ᠭᠡᠢ ᠪᠡᠶᠡᠳᠤ ᠶᠢᠨ

ᠤᠯᠠᠰᠢᠷᠠᠭᠰᠠᠨ ᠪᠠ ᠴᠦᠭᠡᠷᠡᠭᠰᠡᠨ ᠢ ᠲᠡᠮᠳᠡᠭᠯᠡᠵᠦ᠂ ᠡᠬᠦᠨ ᠤ ᠤᠯᠠᠮ ᠠᠴᠠ ᠲᠤᠷᠰᠢᠯᠳᠠ ᠶᠢᠨ ᠲᠤᠭ᠎ᠠ ᠪᠦᠷᠢᠳᠭᠡᠯ ᠪᠠ

ᠦᠷ᠎ᠠ ᠳ᠋ᠦᠩ ᠢ ᠤᠯᠤᠨ᠎ᠠ᠃ ᠪᠠᠰᠨ ᠭᠡᠳᠤ ᠬᠦᠴᠢᠯᠳᠦ᠋ᠷᠦᠭᠴᠢᠲᠤ ᠤᠰᠤᠳᠦ᠋ᠷᠤᠭ᠍ᠴᠢ ᠶᠢᠨ ᠢᠰᠭᠡᠬᠦᠷ ᠤᠨ ᠦᠨᠳᠤᠷ

ᠠᠰᠢᠭᠯᠠᠮᠵᠢᠳᠤ ᠲᠦᠷᠭᠡᠳᠭᠡᠬᠦ ᠦᠢᠯᠡᠳᠤᠯ ᠢ ᠭᠡᠷᠡᠴᠢᠯᠡᠨ᠎ᠠ᠃ ᠡᠶᠢᠮᠤ ᠠᠴᠠ ᠰᠤᠷᠤᠭᠴᠢᠳ ᠲᠡᠮᠳᠡᠭᠯᠡᠯ ᠢᠶᠠᠨ ᠰᠠᠶᠢᠬᠠᠨ

ᠲᠡᠮᠳᠡᠭᠯᠡᠬᠦ ᠨᠢ ᠲᠦᠢᠯ ᠤᠨ ᠴᠢᠬᠤᠯᠨ᠃ ᠰᠤᠷᠤᠭᠴᠢᠳ ᠲᠤᠷᠰᠢᠯᠳᠠ ᠶᠢᠨ ᠶᠠᠪᠤᠴᠨ ᠲᠤᠮᠳᠠ ᠪᠠᠨ ᠨᠠᠷᠢᠨ ᠬᠢᠨᠠᠮᠠᠭᠠᠢ

ᠲᠤᠭ᠎ᠠ ᠪᠦᠷᠢᠳᠭᠡᠯ ᠢᠶᠠᠨ ᠲᠡᠮᠳᠡᠭᠯᠡᠬᠦ ᠪᠠᠷ ᠲᠠᠮᠵᠢᠨ ᠰᠤᠷᠤᠭᠴᠢᠳ ᠤᠨ ᠠᠵᠢᠭᠯᠠᠬᠤ ᠴᠢᠳᠠᠪᠤᠷᠢ ᠤᠯᠠᠮ ᠨᠢᠭᠡ

ᠠᠯᠬᠤᠮ ᠲᠡᠭᠡᠭᠰᠢᠯᠡᠨ᠎ᠡ᠃

      ᠲᠦᠷᠪᠡ᠂ ᠠᠮᠢᠳᠤ ᠪᠤᠳᠠᠰ ᠤᠨ ᠲᠤᠷᠰᠢᠯᠳᠠ ᠶᠢᠨ ᠵᠢᠭᠠᠨ ᠰᠤᠷᠭᠠᠯᠳᠠ ᠶᠢᠨ ᠠᠷᠭ᠎ᠠ ᠶᠢ ᠰᠦᠪᠡᠭᠴᠢᠯᠡᠨ᠂

ᠰᠤᠷᠤᠭᠴᠢᠳ ᠤᠨ ᠲᠤᠷᠰᠢᠯᠳᠠ ᠬᠢᠬᠦ ᠴᠢᠳᠠᠪᠤᠷᠢ ᠶᠢ ᠲᠡᠭᠡᠭᠰᠢᠯᠡᠬᠦᠯᠭᠦ

      ᠠᠮᠢᠳᠤ ᠪᠣᠳᠠᠰ ᠤᠨ ᠲᠤᠷᠰᠢᠯᠳᠠ ᠶᠢᠨ ᠵᠢᠭᠠᠨ ᠰᠤᠷᠭᠠᠯᠳᠠ ᠶᠢᠨ ᠲᠤᠮᠳᠠ ᠰᠤᠷᠤᠭᠴᠢᠳ ᠤᠨ ᠭᠠᠷ ᠬᠦᠳᠡᠯᠭᠡᠬᠦ

ᠴᠢᠳᠠᠪᠤᠷᠢ ᠶᠢ ᠲᠡᠭᠡᠭᠰᠢᠯᠡᠬᠦᠯᠬᠦ ᠪᠠᠷ ᠪᠠᠷᠠᠬᠤ ᠦᠭᠡᠢ᠂ ᠪᠠᠭᠰᠢ ᠠᠴᠠ ᠰᠢᠨ᠎ᠡ ᠮᠠᠶ᠋ᠢᠭ ᠤᠨ ᠠᠮᠢᠳᠤ ᠪᠤᠳᠠᠰ ᠤᠨ ᠬᠦᠷᠢᠶ᠎ᠠ

ᠭᠡᠪᠴᠢᠶᠠᠨ ᠤ ᠰᠦᠪᠡᠭᠴᠢᠯᠡᠬᠦ ᠵᠢᠭᠠᠨ ᠰᠤᠷᠭᠠᠯᠳᠠ ᠶᠢ ᠴᠢᠩᠭᠠᠳᠬᠠᠨ᠂ ᠡᠬᠦᠨ ᠤ ᠤᠯᠠᠮ ᠠᠴᠠ ᠰᠤᠷᠤᠭᠴᠢᠳ ᠤᠨ

ᠲᠤᠷᠰᠢᠯᠳᠠ ᠬᠢᠬᠦ ᠬᠢᠷᠢ ᠲᠦᠪᠰᠢᠨ ᠢ ᠲᠡᠭᠡᠭᠰᠢᠯᠡᠭᠦᠯᠵᠦ ᠲᠡᠶᠢᠯᠬᠦ ᠶᠤᠮ᠃ ᠲᠤᠷᠰᠢᠯᠳᠠ ᠶᠢᠨ ᠵᠢᠭᠠᠨ ᠰᠤᠷᠭᠠᠯᠳᠠ

ᠲᠤᠮᠳᠠᠬᠢ ᠪᠠᠭᠰᠢ ᠶᠢᠨ ᠭᠤᠤᠯᠯᠠᠬᠤ ᠦᠢᠯᠡᠳᠤᠯ ᠢ ᠬᠤᠪᠢᠷᠠᠭᠤᠯᠤᠨ ᠰᠤᠷᠤᠭᠴᠢᠳ ᠢᠳᠡᠪᠬᠢᠳᠡᠢ ᠪᠡᠶ᠎ᠡ ᠪᠠᠨ ᠲᠠᠭᠠᠭᠠᠨ

ᠦᠢᠯᠡᠳᠤᠯᠭᠡ ᠳᠤ ᠲᠤᠷᠠᠳᠠᠢ ᠤᠷᠤᠯᠴᠠᠬᠤ ᠪᠤᠯᠭᠠᠨ᠎ᠠ᠃ ᠰᠤᠷᠤᠭᠴᠢᠳ ᠢ ᠲᠤᠭᠤᠶᠢᠯᠠᠩ ᠤᠨ ᠲᠤᠳᠤᠷ᠎ᠠ ᠪᠠᠨ ᠬᠤᠷᠰᠢᠨ

ᠲᠤᠷᠰᠢᠯᠳᠠ ᠬᠢᠯᠭᠡᠬᠦ ᠪᠠᠷ ᠲᠠᠮᠵᠢᠨ ᠰᠤᠷᠤᠭᠴᠢᠳ ᠤᠨ ᠬᠠᠮᠵᠢᠯᠴᠠᠨ ᠰᠤᠷᠤᠯᠴᠠᠬᠤ ᠴᠢᠳᠠᠪᠤᠷᠢ ᠶᠢ ᠬᠦᠮᠦᠵᠢᠭᠦᠯᠤᠨ᠂

ᠰᠤᠷᠤᠭᠴᠢᠳ ᠪᠡᠶ᠎ᠠ ᠪᠠᠨ ᠲᠠᠭᠠᠭᠠᠨ ᠭᠠᠷ ᠬᠦᠳᠡᠯᠭᠡᠭᠡᠵᠦ ᠦᠢᠯᠡᠳᠤᠯᠭᠡ ᠳᠤ ᠤᠷᠤᠯᠴᠠᠬᠤ ᠵᠠᠪᠰᠢᠶᠠᠨ ᠢ          

ᠤᠯᠭᠤᠨ᠎ᠠ᠃ ᠡᠬᠦᠨ ᠠᠴᠠ ᠭᠠᠳᠠᠨ᠎ᠠ ᠰᠤᠷᠤᠭᠴᠢ ᠨᠢᠭᠡ ᠪᠦᠷᠢ ᠶᠢᠨ ᠲᠤᠷᠰᠢᠯᠳᠠ ᠬᠢᠬᠦ ᠠᠷᠭ᠎ᠠ ᠪᠠ ᠠᠯᠬᠤᠮ

ᠲᠠᠷᠠᠭ᠎ᠠ ᠨᠢ ᠪᠦᠷ ᠠᠳᠠᠯᠢ ᠪᠤᠰᠤ ᠪᠤᠯᠬᠤᠷ᠂ ᠲᠤᠷᠰᠢᠯᠳᠠ ᠬᠢᠬᠦ ᠠᠷᠭ᠎ᠠ ᠶᠢ ᠬᠠᠷᠢᠯᠴᠠᠨ ᠰᠤᠷᠤᠯᠴᠠᠵᠤ ᠪᠤᠯᠬᠤ ᠪᠠᠷ

ᠪᠠᠷᠠᠬᠤ ᠦᠭᠡᠢ᠂ ᠪᠠᠰᠨ ᠪᠤᠰᠤᠳ ᠤᠨ ᠪᠤᠷᠤᠭᠤ ᠠᠵᠢᠯᠯᠠᠭ᠎ᠠ ᠶᠢ ᠵᠠᠯᠠᠷᠠᠭᠤᠯᠤᠨ ᠬᠠᠮᠳᠤ ᠳᠤ ᠪᠠᠨ          

ᠤᠷᠤᠭᠰᠢᠯᠠᠨ᠎ᠠ᠃ ᠬᠠᠮᠤᠭ ᠤᠨ ᠰᠡᠬᠦᠯ ᠳᠤ ᠨᠢ ᠲᠤᠷᠰᠢᠯᠳᠠ ᠶᠢᠨ ᠲᠡᠬᠦᠰᠭᠡᠯ ᠳᠤ᠂ ᠪᠠᠭᠰᠢ ᠠᠴᠠ ᠦᠨᠡᠯᠡᠯᠳᠠ ᠪᠠ

ᠳ᠋ᠦᠩᠨᠡᠯᠳᠠ ᠬᠢᠵᠤ᠂ ᠠᠯᠢ ᠲᠤᠭᠤᠶᠢᠯᠠᠩ ᠬᠠᠮᠤᠭ ᠤᠨ ᠰᠠᠶᠢᠨ ᠬᠢᠭᠰᠡᠨ ᠠᠯᠢ ᠠᠷᠭ᠎ᠠ ᠨᠢ ᠪᠢᠳᠠᠨ ᠤ ᠰᠤᠷᠤᠯᠴᠠᠬᠤ

ᠲᠠᠭᠤᠷᠢᠶᠠᠯ ᠪᠤᠯᠬᠤ ᠶᠢ ᠭᠡᠯᠡᠵᠤ ᠦᠭᠭᠦᠨ᠎ᠡ᠃ ᠡᠭᠦᠨ ᠤ ᠬᠠᠮᠳᠤ᠂ ᠲᠡᠳᠡᠨ ᠤ ᠪᠤᠯᠬᠤ ᠦᠭᠡᠢ ᠲᠠᠯ᠎ᠠ ᠶᠢ ᠵᠠᠯᠠᠷᠠᠭᠤᠯᠵᠤ

ᠦᠭᠭᠦᠨ᠂ ᠦᠷᠭᠦᠯᠵᠢᠯᠡᠨ ᠴᠢᠷᠮᠠᠶᠢᠨ ᠰᠤᠷᠤᠯᠴᠠᠨ᠂ ᠭᠠᠷ ᠬᠦᠳᠡᠯᠤᠨ ᠦᠢᠯᠡᠳᠤᠯᠭᠡ ᠳᠤ ᠤᠷᠤᠯᠴᠠᠬᠤ

ᠴᠢᠳᠠᠪᠤᠷᠢ ᠶᠢ ᠨᠢ ᠴᠢᠩᠭᠠᠳᠬᠠᠨ᠎ᠠ᠃ ᠡᠶᠢᠮᠤ ᠠᠴᠠ ᠲᠤᠷᠰᠢᠯᠳᠠ ᠶᠢᠨ ᠵᠢᠭᠠᠨ ᠰᠤᠷᠭᠠᠯᠳᠠ ᠲᠤᠮᠳᠠ᠂ ᠪᠠᠭᠰᠢ ᠠᠴᠠ

ᠲᠠᠰᠤᠷᠠᠯᠳᠠ ᠦᠭᠡᠢ ᠰᠢᠨ᠎ᠡ ᠵᠢᠭᠠᠨ ᠰᠤᠷᠭᠠᠯᠳᠠ ᠶᠢᠨ ᠲᠦᠰᠦᠪ ᠢ ᠰᠦᠪᠡᠭᠴᠢᠯᠡᠨ᠂ ᠰᠤᠷᠤᠭᠴᠢᠳ ᠢ

ᠲᠤᠷᠰᠢᠯᠳᠠ ᠳᠤ ᠤᠷᠤᠯᠴᠠᠭᠤᠯᠤᠨ᠂ ᠲᠡᠳᠡᠨ ᠤ ᠬᠤᠷᠰᠢᠨ ᠲᠤᠷᠰᠢᠯᠳᠠ ᠬᠢᠬᠦ ᠪᠠ ᠦᠢᠯᠡᠳᠤᠯᠭᠡ ᠶᠢᠨ ᠴᠢᠳᠠᠪᠤᠷᠢ ᠶᠢ

ᠲᠡᠭᠡᠭᠰᠢᠯᠡᠬᠦᠯᠦᠨ᠎ᠡ᠃

      ᠲᠠᠪᠤ᠂ ᠳ᠋ᠦᠩᠨᠡᠯᠳᠡ

      ᠲᠡᠭᠡᠳᠤ ᠲᠤᠮᠳᠠᠳᠤ ᠶᠢᠨ ᠠᠮᠢᠳᠤ ᠪᠤᠳᠠᠰ ᠤᠨ ᠲᠤᠷᠰᠢᠯᠳᠠ ᠶᠢᠨ ᠵᠢᠭᠠᠨ ᠰᠤᠷᠭᠠᠯᠳᠠ ᠲᠤᠮᠳᠠ

ᠰᠤᠷᠤᠭᠴᠢᠳ ᠤᠨ ᠭᠠᠷ ᠬᠦᠳᠡᠯᠤᠨ ᠠᠵᠢᠯᠯᠠᠬᠤ ᠴᠢᠳᠠᠪᠤᠷᠢ ᠪᠠᠰᠨ ᠨᠡᠯᠢᠶᠡᠳ ᠲᠤᠤᠷ᠎ᠠ᠃ ᠵᠢᠱᠢᠶᠡᠯᠡᠪᠠᠯ᠂ ᠠᠩᠬ᠎ᠠ

ᠲᠤᠮᠳᠠᠳᠤ ᠳᠤ ᠪᠠᠨ ᠡᠵᠡᠮᠰᠢᠬᠦ ᠴᠢᠬᠤᠯᠨᠲᠠᠢ ᠵᠦᠪ ᠤᠨᠤᠪᠴᠢᠳᠡᠢ ᠲᠤᠷᠰᠢᠯᠳᠠ ᠶᠢᠨ ᠲᠦᠭᠦᠭᠡᠷᠤᠮᠵᠢ ᠶᠢᠨ ᠠᠵᠢᠯᠯᠠᠬᠤ

ᠠᠯᠬᠤᠮ ᠪᠠ ᠬᠤᠷᠢᠶᠠᠬᠤ ᠠᠷᠭ᠎ᠠ ᠶᠢ ᠤᠳᠠᠭ᠎ᠠ ᠪᠦᠷᠢ ᠰᠠᠨᠠᠭᠤᠯᠵᠤ ᠬᠢᠯᠭᠡᠬᠦ ᠭᠡᠷᠡᠭᠳᠡᠢ᠃ ᠡᠬᠦᠨ ᠢ ᠪᠠᠭᠰᠢ ᠠᠴᠠ

ᠲᠠᠰᠤᠷᠠᠯᠳᠠ ᠦᠭᠡᠢ ᠠᠵᠢᠭᠯᠠᠵᠤ ᠠᠩᠬᠠᠷᠬᠤ ᠭᠡᠷᠡᠭᠳᠡᠢ᠃ ᠲᠡᠭᠡᠳᠤ ᠲᠤᠮᠳᠠᠳᠤ ᠶᠢᠨ ᠠᠮᠢᠳᠤ ᠪᠤᠳᠠᠰ ᠤᠨ ᠲᠤᠷᠰᠢᠯᠳᠠ

ᠪᠤᠯ ᠰᠢᠨ᠎ᠡ ᠴᠠᠭ ᠦᠶ᠎ᠡ ᠶᠢᠨ ᠰᠢᠨᠵᠢᠯᠡᠭᠡ ᠮᠡᠷᠭᠡᠵᠢᠯ ᠤᠨ ᠴᠢᠳᠠᠪᠦᠷᠢᠳᠠᠨ ᠢ ᠬᠦᠮᠦᠵᠢᠬᠦᠯᠬᠦ ᠰᠠᠭᠤᠷᠢ ᠶᠢᠨ ᠴᠢᠨᠠᠷᠳᠠᠢ

ᠠᠵᠢᠯ ᠮᠦᠨ᠃ ᠡᠶᠢᠮᠤ ᠠᠴᠠ ᠪᠢᠳᠡ ᠡᠷᠭᠡᠪᠰᠢ ᠡᠨᠡ ᠭᠦ ᠰᠠᠭᠤᠷᠢᠨ ᠭᠠᠵᠠᠷ ᠲᠤ ᠨᠢᠭᠡ ᠡᠩᠨᠡᠭᠡ ᠲᠤᠷᠰᠢᠯᠳᠠ ᠬᠢᠬᠦ

ᠴᠢᠳᠠᠪᠦᠷᠢᠳᠡᠢ ᠴᠢᠳᠠᠪᠦᠷᠢᠳᠠᠨ ᠢ ᠬᠦᠮᠦᠵᠢᠭᠦᠯᠵᠤ᠂ ᠲᠡᠳᠡᠨ ᠢ ᠦᠢᠯᠡᠳᠤᠯᠭᠡ ᠶᠢᠨ ᠲᠤᠮᠳᠠ ᠤᠯᠠᠮ ᠨᠢᠭᠡ ᠠᠯᠬᠤᠮ

ᠲᠡᠭᠡᠭᠰᠢᠯᠡᠬᠦᠯᠦᠨ ᠨᠡᠩ ᠦᠨᠳᠤᠷ ᠲᠦᠪᠰᠢᠨ ᠵᠦᠭ ᠬᠦᠷᠭᠡᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ

                                ᠨᠢᠭᠡᠳᠤᠭᠡᠷ ᠲᠤᠮᠳᠠᠳᠤ ᠰᠤᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map