ᠬᠡᠤᠬᠡᠳ ᠤᠨ ᠬᠠᠷᠢᠭᠤᠴᠠᠯᠭᠠᠳᠤ ᠰᠡᠳᠬᠢᠯ ᠢ ᠭᠡᠷᠬᠢᠨ ᠬᠦᠮᠦᠵᠢᠭᠦᠯᠬᠦ ᠪᠤᠢ
ᠨᠡᠶᠢᠲᠡᠯᠡᠭᠰᠡᠨ ᠴᠠᠭ᠄
2024/8/15
                   ᠣᠯᠠᠭᠠᠨ

儿童教育3.png

      ᠣᠳᠣᠬᠠᠨ ᠤ ᠨᠡᠶᠢᠬᠡᠮ ᠤᠨ ᠤᠷᠴᠢᠨ ᠲᠤᠭᠤᠷᠢᠨ ᠳᠤ ᠭᠡᠤᠭᠡᠳ ᠢᠶᠠᠨ ᠦᠭᠡᠳᠠ ᠲᠠᠢ ᠰᠠᠶᠢᠬᠠᠨ ᠦᠰᠭᠡᠨ

ᠪᠤᠶᠢᠵᠢᠭᠤᠯᠵᠣ᠂ ᠬᠤᠵᠢᠮ ᠤᠨ ᠨᠡᠶᠢᠬᠡᠮ ᠳᠤ ᠬᠦᠯ ᠲᠤᠭᠳᠠᠨ ᠤᠷᠤᠰᠢᠬᠤ ᠴᠢᠳᠠᠪᠤᠷᠢ ᠲᠠᠢ ᠪᠤᠯᠭᠠᠶ᠎ᠠ ᠭᠡᠪᠡᠯ ᠮᠠᠰᠢ

ᠤᠯᠠᠨ ᠲᠠᠯ᠎ᠠ ᠶᠢᠨ ᠮᠡᠳᠡᠯᠭᠡ ᠴᠢᠳᠠᠪᠤᠷᠢ ᠶᠢ ᠲᠠᠰᠬᠠᠯᠵᠢᠭᠤᠯᠤᠭᠰᠠᠨ ᠪᠠᠶᠢᠬᠤ ᠴᠢᠬᠤᠯᠠᠳᠠᠢ᠃ ᠲᠡᠭᠦᠨ ᠤ ᠳᠣᠲᠣᠷ᠎ᠠ

ᠬᠡᠤᠬᠡᠳ ᠤᠨ ᠬᠠᠷᠢᠭᠤᠴᠠᠯᠭᠠᠳᠤ ᠰᠡᠳᠬᠢᠯ ᠢ ᠬᠦᠮᠦᠵᠢᠭᠦᠯᠬᠦ ᠪᠣᠯ ᠮᠠᠰᠢ ᠴᠢᠬᠤᠯᠠ ᠪᠠᠶᠢᠳᠠᠬ᠃

      ᠶᠠᠭᠤᠨ ᠤ ᠤᠷᠢᠳ ᠬᠠᠷᠢᠭᠤᠴᠠᠯᠭᠠᠳᠤ ᠰᠡᠳᠬᠢᠯ ᠭᠡᠳᠡᠭ ᠨᠢ ᠴᠤᠬᠤᠮ ᠶᠠᠭᠤ ᠪᠤᠢ ᠭᠡᠳᠡᠭ ᠢ ᠣᠶᠢᠯᠠᠭᠠᠬᠤ

ᠬᠡᠷᠡᠭᠲᠡᠢ᠃ ᠬᠠᠷᠢᠭᠤᠴᠠᠯᠭᠠᠳᠤ ᠰᠡᠳᠬᠢᠯ ᠭᠡᠳᠡᠭ ᠪᠣᠯ ᠬᠡᠤᠬᠡᠳ ᠤᠨ ᠤᠬᠠᠮᠰᠠᠷ ᠠᠴᠠ ᠪᠠᠨ ᠤᠴᠢᠵᠤ ᠶᠠᠮᠠᠷ ᠨᠢᠭᠡᠨ

ᠠᠵᠢᠯ ᠢ ᠵᠦᠪ᠂ ᠲᠠᠭᠠᠭᠠᠮᠠᠭᠠᠢ᠂ ᠰᠢᠷᠭᠠᠭᠤ ᠬᠠᠳᠠᠭᠤᠵᠢᠯᠳᠡᠢ ᠬᠢᠵᠤ᠂ ᠲᠡᠭᠦᠨ ᠤ ᠮᠦᠨ ᠴᠢᠨᠠᠷ᠂ ᠴᠢᠬᠤᠯᠠ ᠴᠢᠨᠠᠷ ᠢ

ᠲᠠᠨᠢᠵᠣ ᠠᠪᠬᠤ ᠶᠢ ᠵᠢᠭᠠᠵᠤ ᠪᠠᠶᠢᠬᠤ ᠶᠤᠮ᠃ ᠬᠡᠥᠬᠡᠳ ᠤᠨ ᠬᠠᠷᠢᠭᠤᠴᠠᠯᠭᠠᠳᠣ ᠰᠡᠳᠭᠢᠯ ᠢ ᠪᠣᠢ ᠪᠣᠯᠭᠠᠬᠤ ᠨᠢ

ᠭᠡᠷ ᠤᠨ ᠠᠬᠠᠮᠠᠳ ᠤᠨ ᠬᠢᠷᠢ ᠵᠡᠷᠭᠡ ᠪᠡᠶᠡᠴᠢᠯᠡᠨ ᠤᠷᠤᠯᠴᠠᠭᠰᠠᠨ ᠲᠠᠢ ᠬᠤᠯᠪᠣᠭᠳᠠᠵᠣ ᠪᠠᠶᠢᠳᠠᠭ᠃ ᠥᠭᠡᠷ᠎ᠡ ᠪᠠᠷ

ᠬᠡᠯᠡᠪᠡᠯ ᠭᠡᠷ ᠤᠨ ᠠᠬᠠᠮᠠᠳ ᠨᠢ ᠬᠦᠳᠦᠯᠦᠨ ᠲᠠᠭᠠᠭᠤᠯᠵᠤ᠂ ᠬᠡᠤᠬᠡᠳ ᠤᠨ ᠲᠦᠷᠦᠯᠬᠢ ᠪᠠᠶᠢᠭᠠᠯᠢᠯᠢᠬ ᠣᠬᠠᠮᠰᠠᠷ

ᠪᠤᠯᠤᠨ ᠤᠶᠢᠯᠠᠭᠠᠬᠤ ᠴᠢᠳᠠᠪᠤᠷᠢ ᠵᠢᠴᠢ ᠭᠠᠳᠠᠭᠠᠳᠤ ᠶᠡᠷᠳᠢᠨᠴᠤ ᠶᠢ ᠠᠵᠢᠭᠯᠠᠬᠤ ᠴᠢᠳᠠᠪᠤᠷᠢ ᠲᠠᠢ ᠨᠢ ᠣᠶᠠᠯᠳᠤᠭᠤᠯᠤᠨ᠂

ᠪᠤᠳᠠᠳᠤ ᠠᠵᠢᠯᠯᠠᠭ᠎ᠠ ᠪᠠᠷ ᠲᠠᠮᠵᠢᠵᠤ᠂ ᠬᠡᠤᠬᠡᠳ ᠤᠨ ᠲᠠᠪᠰᠢᠩᠭᠤᠢ ᠰᠡᠳᠬᠢᠴᠡ᠂ ᠰᠠᠬᠢᠯᠭ᠎ᠠ ᠪᠠᠳᠤᠴᠢ ᠴᠢᠨᠠᠷ ᠪᠤᠯᠤᠨ

ᠣᠬᠠᠮᠰᠠᠷᠲᠤ ᠴᠢᠨᠠᠷ ᠢ ᠨᠢ ᠪᠠᠳᠠᠷᠠᠭᠤᠯᠤᠨ ᠬᠦᠭᠵᠢᠭᠦᠯᠬᠦ ᠶᠠᠪᠤᠴᠠ ᠶᠢ ᠵᠢᠭᠠᠳᠠᠭ᠃ ᠡᠨᠡ ᠭᠦ ᠶᠠᠪᠣᠴᠠ ᠨᠢ ᠤᠷᠴᠢᠨ

ᠲᠤᠭᠤᠷᠢᠨ ᠲᠠᠢ ᠰᠢᠭᠤᠳ ᠬᠠᠷᠢᠴᠠᠭ᠎ᠠ ᠲᠠᠢ ᠪᠠᠶᠢᠳᠠᠭ᠃ ᠤᠷᠴᠢᠨ ᠲᠤᠭᠤᠷᠢᠨ ᠪᠤᠯᠤᠨ ᠬᠠᠷᠢᠭᠤᠴᠠᠯᠭᠠᠳᠤ

ᠰᠡᠳᠬᠢᠯ ᠤᠨ ᠬᠠᠷᠢᠴᠠᠭ᠎ᠠ ᠠᠴᠠ ᠦᠵᠡᠪᠡᠯ ᠬᠡᠣᠬᠡᠳ ᠤᠨ ᠬᠠᠷᠢᠭᠤᠴᠠᠯᠭᠠᠳᠤ ᠰᠡᠳᠬᠢᠯ ᠳᠤ ᠭᠡᠷ ᠤᠨ ᠠᠬᠠᠮᠠᠳ ᠤᠨ

ᠬᠠᠷᠢᠭᠤᠴᠠᠯᠭᠠᠳᠤ ᠰᠡᠳᠬᠢᠯ ᠪᠠ ᠬᠡᠤᠬᠡᠳ ᠤᠨ ᠲᠦᠷᠦᠯᠬᠢ ᠣᠬᠠᠮᠰᠠᠷ ᠲᠤ ᠪᠠᠶᠢᠳᠠᠭ ᠬᠠᠷᠢᠭᠤᠴᠠᠯᠭᠠᠳᠤ ᠰᠡᠳᠬᠢᠯ

ᠭᠡᠵᠤ ᠬᠤᠶᠠᠷ ᠵᠦᠢᠯ ᠪᠠᠶᠢᠳᠠᠭ᠃ ᠭᠡᠷ ᠤᠨ ᠠᠬᠠᠮᠠᠳ ᠤᠨ ᠬᠠᠷᠢᠭᠤᠴᠠᠯᠭᠠᠳᠤ ᠰᠡᠳᠬᠢᠯ ᠨᠢ ᠬᠡᠤᠬᠡᠳ ᠤᠨ

ᠬᠠᠷᠢᠭᠤᠴᠠᠯᠭᠠᠳᠤ ᠰᠡᠳᠬᠢᠯ ᠲᠠᠢ ᠰᠢᠭᠤᠳ ᠬᠤᠯᠪᠤᠭᠳᠠᠳᠠᠭ᠃ ᠮᠤᠩᠭᠤᠯᠴᠤᠳ ᠡᠷᠳᠡ ᠢᠵᠠᠭᠤᠷ ᠠᠴᠠ

ᠬᠠᠷᠢᠭᠤᠴᠠᠯᠭᠠᠳᠤ ᠰᠡᠳᠬᠢᠯ ᠤᠨ ᠲᠣᠬᠠᠢ ᠲᠤᠰᠬᠠᠢ ᠬᠦᠮᠦᠵᠢᠯ ᠢ ᠬᠢᠳᠡᠭ ᠦᠭᠡᠢ ᠪᠠᠶᠢᠭᠰᠠᠨ ᠪᠣᠯᠪᠠᠴᠣ ᠨᠡᠭᠦᠳᠡᠯ

ᠠᠮᠢᠳᠤᠷᠠᠯ ᠤᠨ ᠲᠤᠮᠳᠠ ᠪᠠᠨ ᠬᠡᠤᠬᠡᠳ ᠨᠢ ᠠᠪᠤ ᠡᠵᠢ ᠪᠤᠯᠤᠨ ᠠᠬᠠᠰ ᠵᠠᠬᠠᠰ ᠢᠶᠠᠨ ᠬᠠᠪᠰᠣᠷᠴᠣ ᠠᠳᠠᠯ

ᠠᠮᠢᠳᠤᠷᠠᠯ ᠢᠶᠠᠨ ᠬᠢᠬᠦ ᠪᠣᠶᠣ ᠲᠤᠭᠯᠠᠵᠤ ᠨᠠᠭᠠᠳᠬᠤ ᠳᠤᠮᠳᠠ ᠠᠴᠠ ᠬᠦᠳᠡᠯᠮᠦᠷᠢ ᠶᠢᠨ ᠦᠨ᠎ᠡ ᠦᠷᠳᠡᠭ᠂ ᠲᠡᠰᠪᠦᠷᠢ

ᠲᠡᠪᠵᠢᠶᠡᠷᠢ᠂ ᠠᠷᠪᠢᠯᠠᠨ ᠭᠠᠮᠨᠠᠬᠤ ᠶᠢᠨ ᠴᠢᠬᠤᠯᠠ ᠴᠢᠨᠠᠷ ᠢ ᠲᠠᠨᠢᠨ ᠮᠡᠳᠡᠵᠤ᠂ ᠦᠪᠡᠷ ᠢ ᠪᠠᠨ ᠬᠡᠷᠬᠢᠨ

ᠬᠠᠷᠢᠭᠤᠴᠠᠯᠭ᠎ᠠ ᠲᠠᠢ ᠬᠦᠮᠦᠨ ᠪᠤᠯᠭᠠᠬᠤ ᠲᠤᠬᠠᠢ ᠰᠠᠷᠠᠨ ᠮᠡᠳᠡᠵᠤ ᠦᠪᠡᠷ ᠤᠨ ᠤᠶᠢᠯᠡ ᠠᠵᠢᠯᠯᠠᠭ᠎ᠠ ᠪᠠᠷ ᠢᠶᠠᠨ

ᠲᠠᠮᠵᠢᠵᠤ᠂ ᠦᠪᠡᠷ ᠢ ᠪᠠᠨ ᠢᠳᠡᠭᠡᠵᠤ᠂ ᠦᠪᠡᠷ ᠢ ᠪᠠᠨ ᠢᠳᠡᠭᠡᠭᠰᠡᠨ ᠰᠠᠭᠤᠷᠢᠨ ᠲᠡᠭᠡᠷ᠎ᠡ ᠦᠪᠡᠷ ᠤᠨ ᠬᠢᠵᠤ ᠪᠠᠶᠢᠭ᠎ᠠ

ᠠᠵᠢᠯ ᠳᠤ ᠪᠠᠨ ᠬᠠᠷᠢᠭᠤᠴᠠᠯᠭ᠎ᠠ ᠲᠠᠢ ᠪᠤᠯᠵᠤ ᠢᠷᠡᠭᠰᠡᠨ ᠰᠢᠯᠢᠳᠡᠭ ᠰᠠᠶᠢᠬᠠᠨ ᠤᠯᠠᠮᠵᠢᠯᠠᠯ ᠲᠠᠢ ᠪᠢᠯᠠ᠃

      ᠬᠠᠷᠢᠭᠤᠴᠠᠯᠭᠠᠳᠤ ᠰᠡᠳᠬᠢᠯ ᠨᠢ ᠬᠦᠮᠦᠨ ᠤ ᠠᠮᠢᠳᠤᠷᠠᠯ ᠳᠤ ᠲᠦᠰᠢᠭ ᠲᠤᠯᠭᠠᠭᠤᠷᠢ ᠪᠤᠯᠵᠤ ᠴᠢᠳᠠᠳᠠᠭ          

 ᠠᠴᠠ ᠭᠡᠷ ᠤᠨ ᠬᠦᠮᠦᠵᠢᠯ ᠤᠨ ᠲᠤᠳᠠᠭᠳᠠᠵᠤ ᠪᠣᠯᠣᠰᠢ ᠦᠬᠡᠢ ᠨᠢᠭᠡᠨ ᠴᠢᠬᠤᠯᠠ ᠪᠦᠷᠢᠯᠳᠦᠭᠦᠨ ᠪᠣᠯᠣᠭᠰᠠᠨ         

ᠶᠤᠮ᠃ ᠡᠶᠢᠮᠦ ᠠᠴᠠ ᠤᠳᠤ ᠶᠢᠨ ᠰᠢᠨ᠎ᠡ ᠡᠷᠢᠨ ᠤ ᠭᠡᠷ ᠤᠨ ᠠᠬᠠᠮᠠᠳ ᠬᠡᠤᠬᠡᠳ ᠤᠨ ᠢᠶᠠᠨ ᠬᠠᠷᠢᠭᠤᠴᠠᠯᠭᠠᠳᠤ

ᠰᠡᠳᠬᠢᠯ ᠢ ᠪᠤᠢ ᠪᠤᠯᠭᠠᠵᠤ ᠦᠭᠬᠦ ᠶᠠᠪᠤᠳᠠᠯ  ᠨᠢ ᠨᠡᠶᠢᠬᠡᠮ ᠤᠨ ᠴᠢᠬᠤᠯᠠ ᠠᠰᠠᠭᠤᠳᠠᠯ ᠪᠤᠯᠵᠤ ᠪᠠᠶᠢᠭ᠎ᠠ          

ᠶᠤᠮ᠃ ᠲᠡᠭᠡᠪᠡᠯ ᠤᠳᠤ ᠶᠢᠨ ᠬᠡᠥᠬᠡᠳ ᠤᠨ ᠬᠠᠷᠢᠭᠤᠴᠠᠯᠭᠠᠲᠣ ᠰᠡᠳᠬᠢᠯ ᠴᠤᠬᠤᠮ ᠶᠠᠮᠠᠷ ᠪᠠᠶᠢᠳᠠᠯ ᠲᠠᠢ ᠪᠤᠯᠤᠭᠰᠠᠨ

ᠪᠤᠢ︖

      ᠮᠠᠨ ᠤ ᠬᠡᠤᠬᠡᠳ ᠤᠳ ᠤᠨ ᠬᠠᠷᠢᠭᠤᠴᠠᠯᠭᠠᠳᠤ ᠰᠡᠳᠬᠢᠯ ᠨᠢ ᠨᠡᠶᠢᠭᠡᠮ ᠤᠨ ᠤᠷᠴᠢᠨ ᠠᠬᠤᠢ ᠠᠴᠠ ᠪᠣᠯᠵᠤ

ᠨᠡᠯᠢᠶᠡᠳ ᠲᠤᠷᠦ᠋ᠢᠳᠠᠵᠤ ᠪᠠᠶᠢᠭ᠎ᠠ ᠢᠯᠡᠷᠡᠯ ᠲᠠᠢ ᠪᠠᠶᠢᠨ᠎ᠠ᠃ ᠡᠭᠦᠨ ᠤ ᠰᠢᠯᠳᠠᠭᠠᠨ ᠨᠢ ᠮᠠᠨ ᠤ ᠭᠡᠷ ᠤᠨ ᠠᠬᠠᠮᠠᠳ

ᠪᠤᠯᠤᠨ ᠨᠡᠶᠢᠬᠡᠮ ᠤᠨ ᠬᠦᠭᠵᠢᠯᠳᠡ ᠶᠢᠨ ᠤᠷᠴᠢᠨ ᠲᠤᠭᠤᠷᠢᠨ ᠲᠠᠢ ᠰᠢᠭᠤᠳ ᠬᠤᠯᠪᠤᠭᠳᠠᠨ᠎ᠠ᠃ ᠪᠣᠳᠠᠲᠠᠢ ᠪᠠᠷ

ᠬᠡᠯᠡᠪᠡᠯ ᠤᠳᠤᠬᠠᠨ ᠤ ᠠᠮᠢᠳᠤᠷᠠᠯ ᠤᠨ ᠬᠢᠷᠢ ᠲᠦᠪᠰᠢᠨ ᠪᠠᠶᠠᠨ ᠲᠠᠩᠰᠤᠭ ᠪᠤᠯᠤᠭᠰᠠᠨ ᠠᠴᠠ ᠬᠡᠤᠬᠡᠳ ᠤᠳ ᠨᠢ

ᠦᠪᠡᠷ ᠤᠨ ᠪᠡᠶ᠎ᠡ ᠪᠠᠷ ᠲᠦᠪ ᠪᠤᠯᠭᠠᠬᠤ ᠬᠡᠯᠪᠡᠷᠢ ᠪᠠᠷ ᠰᠤᠷᠭᠠᠨ ᠬᠦᠮᠦᠵᠢᠯ ᠬᠦᠷᠳᠡᠬᠦ ᠪᠠᠶᠢᠷᠢᠨ ᠳᠤ ᠣᠷᠣᠵᠣ

ᠢᠷᠡᠭᠰᠡᠨ ᠪᠠᠶᠢᠨ᠎ᠠ᠃ ᠲᠠᠷᠤᠢ ᠠᠮᠢᠳᠤᠷᠠᠯ ᠤᠨ ᠨᠦᠬᠦᠴᠡᠯ᠂ ᠬᠢᠴᠢᠶᠡᠯ ᠰᠤᠷᠤᠯᠭ᠎ᠠ ᠶᠢᠨ ᠨᠦᠬᠦᠴᠡᠯ ᠨᠢ ᠤᠯᠠᠮ

ᠰᠠᠶᠢᠵᠢᠷᠠᠵᠤ᠂ ᠤᠯᠠᠮ ᠪᠠᠶᠠᠯᠢᠬᠵᠢᠵᠣ᠂ ᠬᠢᠷᠢ ᠲᠦᠪᠰᠢᠨ ᠨᠢ ᠲᠡᠭᠡᠭᠰᠢᠯᠡᠭᠰᠡᠨ ᠪᠠᠶᠢᠳᠠᠯ ᠲᠤᠤᠷ᠎ᠠ ᠭᠡᠷ ᠤᠨ

ᠠᠬᠠᠮᠠᠳ ᠨᠢ ᠬᠡᠤᠬᠡᠳ ᠢᠶᠠᠨ ᠦᠷᠭᠡᠨ ᠲᠡᠯᠭᠡᠷ ᠮᠡᠳᠡᠯᠭᠡ ᠲᠠᠢ ᠪᠤᠯᠭᠠᠬᠤ ᠶᠢ ᠳᠠᠩ ᠴᠤᠯᠭᠤᠢ ᠪᠠᠷ

ᠬᠦᠭᠡᠭᠡᠴᠡᠯᠳᠦᠭᠰᠡᠨ ᠠᠴᠠ ᠪᠤᠯᠤᠭᠠᠳ ᠬᠡᠤᠬᠡᠳ ᠤᠨ ᠦᠨᠡᠨ ᠬᠦ ᠡᠭᠦᠷᠭᠡᠯᠡᠬᠦ ᠴᠢᠬᠤᠯᠠ ᠲᠠᠢ ᠬᠠᠷᠢᠭᠤᠴᠠᠯᠭᠠᠳᠤ

ᠰᠡᠳᠬᠢᠯ ᠢ ᠭᠦᠮᠦᠵᠢᠭᠦᠯᠭᠦ  ᠶᠢ ᠤᠮᠳᠤᠭᠠᠶᠢᠯᠠᠭᠰᠠᠨ ᠪᠠᠶᠢᠨ᠎ᠠ᠃ ᠦᠨᠡᠨ ᠳᠤ ᠪᠠᠨ ᠬᠡᠤᠬᠡᠳ ᠢ ᠶᠠᠮᠠᠷ ᠮᠡᠳᠡᠯᠭᠡ ᠲᠠᠢ᠂

ᠶᠠᠮᠠᠷ ᠴᠢᠳᠠᠪᠤᠷᠢ ᠲᠠᠢ ᠪᠤᠯᠭᠠᠭᠰᠠᠨ ᠴᠤ ᠬᠠᠷᠢᠭᠤᠴᠠᠯᠭᠠᠳᠤ ᠰᠡᠳᠬᠢᠯ ᠦᠭᠡᠢ ᠪᠤᠯ ᠦᠪᠡᠷ ᠤᠨ ᠪᠡᠶ᠎ᠡ ᠶᠢᠨ ᠢᠶᠠᠨ

ᠦᠨ᠎ᠡ ᠦᠷᠳᠡᠭ ᠢᠶᠠᠨ ᠪᠠᠳᠠᠷᠠᠭᠤᠯᠵᠤ᠂ ᠨᠡᠶᠢᠬᠡᠮ ᠳᠤ ᠤᠶᠢᠯᠡᠳᠦᠯ ᠬᠡᠷᠡᠭᠴᠡᠭᠡ ᠲᠠᠢ ᠬᠦᠮᠦᠨ ᠪᠤᠯᠵᠤ ᠬᠦᠯ

ᠲᠤᠭᠳᠠᠬᠤ ᠳᠤ ᠲᠦᠢᠯ ᠤᠨ ᠬᠦᠴᠢᠷ ᠲᠠᠢ ᠪᠠᠶᠢᠳᠠᠭ᠃

      ᠤᠳᠤ ᠶᠢᠨ ᠪᠠᠶᠠᠨ ᠲᠠᠩᠰᠤᠭ ᠠᠮᠢᠳᠤᠷᠠᠯ ᠤᠨ ᠨᠦᠬᠦᠴᠡᠯ ᠳᠤ ᠭᠡᠷ ᠤᠨ ᠠᠬᠠᠮᠠᠳ ᠨᠢ ᠬᠡᠤᠬᠡᠳ ᠤᠨ

ᠬᠡᠪᠡᠯᠢ ᠳᠠᠬᠢ ᠬᠦᠮᠦᠵᠢᠯ ᠠᠴᠠ ᠡᠬᠢᠯᠡᠭᠡᠳ ᠲᠣᠮᠣ ᠬᠦᠮᠦᠨ ᠪᠤᠯᠳᠠᠯ᠎ᠠ ᠪᠠᠶᠠᠨ ᠲᠠᠩᠰᠤᠭ ᠨᠦᠬᠦᠴᠡᠯ ᠢ ᠬᠠᠩᠭᠠᠭᠰᠠᠭᠠᠷ

ᠪᠠᠶᠢᠳᠠᠭ᠃ ᠪᠤᠳᠠᠳᠠᠢ ᠪᠠᠷ ᠬᠡᠯᠡᠪᠡᠯ 0-3 ᠨᠠᠰᠤᠨ ᠤ ᠬᠡᠤᠬᠡᠳ ᠤᠨ ᠦᠰᠦᠨ ᠪᠤᠶᠢᠵᠢᠯᠳᠠ ᠶᠢᠨ ᠤᠷᠴᠢᠨ

ᠲᠤᠭᠤᠷᠢᠨ ᠳᠤ ᠭᠡᠷ ᠤᠨ ᠠᠬᠠᠮᠠᠳ ᠨᠢ ᠬᠡᠤᠬᠡᠳ ᠢ ᠨᠢᠷᠠᠢ ᠪᠠᠭ᠎ᠠ ᠭᠡᠵᠤ ᠬᠡᠳᠦᠷᠬᠡᠢ ᠡᠩᠬᠦᠷᠡᠶᠢᠯᠡᠵᠤ ᠦᠭᠡᠬᠦᠨ

ᠪᠦᠮᠪᠦᠭᠡ ᠮᠡᠳᠦ ᠪᠤᠯᠭᠠᠭᠰᠠᠨ ᠠᠴᠠ ᠬᠡᠤᠬᠡᠳ ᠤᠳ ᠦᠪᠡᠷ ᠤᠨ ᠬᠢᠬᠦ ᠵᠦᠢᠯᠡᠰ ᠢᠶᠠᠨ ᠦᠪᠡᠷ ᠢᠶᠠᠨ ᠪᠡᠶᠡᠴᠢᠯᠡᠨ ᠬᠢᠵᠤ

ᠲᠡᠶᠢᠯᠬᠦ ᠦᠭᠡᠢ ᠠᠴᠠ ᠪᠤᠯᠵᠤ᠂ ᠲᠤᠳᠤᠭᠠᠳᠤ ᠰᠡᠳᠬᠢᠯ ᠤᠨ ᠴᠢᠯᠦᠭᠡᠵᠢᠯ ᠢᠶᠠᠨ ᠠᠯᠳᠠᠭᠰᠠᠨ ᠪᠠᠶᠢᠳᠠᠭ᠃ 3-6

ᠨᠠᠰᠤᠨ ᠤ ᠬᠡᠤᠬᠡᠳ ᠨᠢ ᠪᠡᠶ᠎ᠡ ᠪᠠᠨ ᠲᠠᠭᠠᠭᠠᠬᠤ ᠴᠢᠳᠠᠪᠤᠷᠢ ᠶᠢᠨ ᠬᠤᠪᠢ ᠳᠤ ᠠᠪᠴᠤ ᠬᠡᠯᠡᠪᠡᠯ ᠶᠠᠭᠤ ᠪᠦᠬᠦᠨ ᠢ ᠨᠢ

ᠪᠦᠷ ᠭᠡᠷ ᠤᠨ ᠠᠬᠠᠮᠠᠳ ᠤᠷᠤᠯᠠᠵᠤ ᠬᠢᠬᠦ ᠪᠤᠯᠤᠭᠰᠠᠨ ᠠᠴᠠ ᠬᠡᠤᠬᠡᠳ ᠤᠨ ᠰᠡᠳᠬᠢᠴᠡ ᠶᠢ ᠳᠣᠣᠷᠠᠬᠢ ᠮᠡᠲᠦ ᠬᠡᠳᠦᠨ

ᠲᠠᠯ᠎ᠠ ᠪᠠᠷ ᠬᠤᠪᠢᠷᠠᠭᠤᠯᠣᠭᠰᠠᠨ ᠪᠠᠶᠢᠨ᠎ᠠ᠃

      ︵1︶ ᠭᠠᠭᠴᠠᠭᠠᠷᠳᠠᠮᠠᠯ ᠰᠡᠳᠬᠢᠴᠡ ᠶᠢ ᠪᠤᠢ ᠪᠤᠯᠭᠠᠭᠰᠠᠨ ᠪᠠᠶᠢᠨ᠎ᠠ᠃ ᠭᠠᠭᠴᠠᠭᠠᠷᠳᠠᠮᠠᠯ ᠰᠡᠳᠬᠢᠴᠡ

ᠭᠡᠳᠡᠭ ᠨᠢ ᠬᠡᠤᠬᠡᠳ ᠪᠡᠶ᠎ᠡ ᠪᠠᠨ ᠲᠠᠭᠠᠭᠠᠵᠤ᠂ ᠪᠤᠰᠤᠳ ᠬᠦᠮᠦᠨ ᠲᠠᠢ ᠬᠠᠷᠢᠴᠠᠭ᠎ᠠ ᠬᠤᠯᠪᠤᠭ᠎ᠠ ᠠᠪᠴᠣ ᠴᠢᠳᠠᠬᠤ

ᠦᠭᠡᠢ᠂ ᠵᠦᠪᠬᠡᠨ ᠭᠡᠷ ᠤᠨ ᠠᠬᠠᠮᠠᠳ ᠢᠶᠠᠨ ᠲᠦᠰᠢᠭᠯᠡᠬᠦ ᠪᠠᠶᠢᠳᠠᠯ ᠲᠠᠢ ᠪᠤᠯᠤᠭᠰᠠᠨ ᠪᠠᠶᠢᠨ᠎ᠠ᠃ ᠤᠴᠢᠷ ᠨᠢ           

ᠭᠡᠷ ᠤᠨ ᠠᠬᠠᠮᠠᠳ ᠨᠢ ᠵᠦᠪᠬᠡᠨ ᠠᠵᠢᠯ ᠶᠠᠪᠤᠳᠠᠯ ᠳᠤ ᠪᠠᠨ ᠶᠠᠭᠠᠷᠠᠵᠣ ᠰᠤᠷᠭᠠᠭᠤᠯᠢ ᠨᠢ ᠵᠦᠪᠬᠡᠨ ᠮᠡᠳᠡᠯᠭᠡ ᠶᠢᠨ          

ᠲᠠᠪᠳᠠᠮᠵᠢ ᠶᠢ ᠴᠢᠬᠤᠯᠠᠴᠢᠯᠠᠭᠰᠠᠨ ᠠᠴᠠ ᠬᠡᠤᠬᠡᠳ ᠴᠤ ᠵᠦᠪᠬᠡᠨ ᠦᠪᠡᠷ ᠤᠨ ᠰᠣᠷᠣᠯᠭ᠎ᠠ ᠳᠤ ᠪᠠᠨ ᠶᠠᠭᠠᠷᠠᠵᠣ᠂

ᠬᠦᠮᠦᠰ ᠤᠨ ᠬᠤᠭᠤᠷᠣᠨᠳᠣᠬᠢ ᠬᠠᠷᠢᠴᠠᠭ᠎ᠠ ᠨᠢ ᠨᠡᠯᠢᠶᠡᠳ ᠵᠠᠢ ᠲᠠᠢ ᠪᠣᠯᠵᠣ ᠭᠠᠭᠴᠠᠭᠠᠷᠳᠠᠮᠠᠯ ᠪᠠᠶᠢᠳᠠᠯ ᠲᠠᠢ          

ᠪᠣᠯᠵᠠᠢ᠃ ᠬᠡᠤᠬᠡᠳ ᠤᠳ ᠭᠡᠷ ᠲᠤ ᠪᠠᠨ ᠬᠠᠷᠢᠭᠰᠠᠨ ᠤ ᠲᠠᠷᠠᠭ᠎ᠠ ᠴᠤ ᠭᠡᠷ  ᠤᠨ ᠠᠵᠢᠯ ᠳᠤ ᠭᠠᠷ ᠲᠦᠷᠦᠬᠦ ᠲᠤᠬᠢᠶᠡᠯ

ᠦᠭᠡᠢ ᠪᠤᠯᠵᠤ᠂ ᠭᠡᠷ ᠤᠨ ᠠᠵᠢᠯ ᠠᠮᠢᠳᠤᠷᠠᠯ ᠢ ᠪᠦᠷ ᠲᠤᠮᠤ ᠬᠦᠮᠦᠨ ᠤ ᠶᠠᠪᠤᠳᠠᠯ ᠭᠡᠵᠤ ᠦᠵᠡᠬᠦ ᠪᠤᠯᠤᠭᠰᠠᠨ ᠠᠴᠠ

ᠬᠡᠤᠬᠡᠳ ᠤᠨ ᠭᠡᠷ ᠪᠦᠯᠢ  ᠳᠠᠬᠢ ᠭᠠᠭᠴᠠᠭᠠᠷᠳᠠᠮᠠᠯ ᠰᠡᠳᠬᠢᠴᠡ ᠶᠢ ᠴᠦ ᠤᠯᠠᠮ ᠬᠦᠨᠳᠦᠷᠡᠭᠦᠯᠦᠭᠰᠡᠨ ᠪᠠᠶᠢᠳᠠᠭ᠃

      ︵2︶ ᠬᠦᠳᠡᠯᠦᠩᠭᠦᠢ ᠪᠤᠰᠤ ᠵᠠᠩ ᠴᠢᠨᠠᠷ ᠢ ᠪᠤᠢ ᠪᠤᠯᠭᠠᠭᠰᠠᠨ ᠪᠠᠶᠢᠨ᠎ᠠ᠃ ᠳᠡᠭᠡᠷᠡᠬᠢ ᠮᠡᠲᠦ

ᠰᠢᠯᠲᠠᠭᠠᠨ ᠠᠴᠠ ᠤᠳᠤ ᠶᠢᠨ ᠤᠯᠠᠩᠭᠢ ᠬᠡᠤᠬᠡᠳ ᠶᠠᠮᠠᠷᠪᠠ ᠠᠵᠢᠯ ᠶᠠᠪᠤᠳᠠᠯ ᠳᠤ ᠤᠷᠤᠯᠴᠠᠬᠤ ᠲᠤᠷ᠎ᠠ ᠰᠤᠨᠢᠷᠬᠠᠯ

ᠦᠭᠡᠢ ᠪᠤᠯᠴᠢᠬᠠᠭᠰᠠᠨ ᠪᠠᠶᠢᠳᠠᠭ᠃ ᠵᠢᠱᠢᠶᠡᠯᠡᠪᠡᠯ᠂ ᠦᠩᠭᠡᠷᠡᠭᠰᠡᠨ ᠳᠤ ᠬᠡᠤᠬᠡᠳ ᠤᠳ ᠬᠠᠳᠠᠭᠤ ᠪᠡᠷᠬᠡ ᠠᠮᠢᠳᠤᠷᠠᠯ

 ᠤᠨ ᠲᠤᠮᠳᠠ ᠠᠪᠤ ᠡᠵᠢ ᠪᠠᠨ ᠬᠠᠪᠰᠤᠷᠴᠤ ᠠᠷᠭᠠᠯ ᠲᠦᠯᠡᠭᠡ ᠪᠠᠨ ᠤᠶᠢᠷᠠᠳᠤᠭᠤᠯᠬᠤ᠂ ᠮᠠᠯ ᠰᠦᠷᠦᠭ ᠢᠶᠠᠨ

ᠬᠠᠷᠢᠭᠤᠯᠬᠤ ᠵᠡᠷᠭᠡ ᠠᠵᠢᠯ ᠶᠠᠪᠤᠳᠠᠯ ᠤᠳ ᠢ ᠦᠪᠡᠷ ᠤᠨ ᠤᠬᠠᠮᠰᠠᠷ ᠠᠴᠠ ᠪᠠᠨ ᠬᠢᠵᠤ᠂ ᠦᠪᠡᠷ ᠤᠨ ᠬᠢᠪᠡᠰᠦ

ᠵᠣᠬᠢᠬᠤ ᠠᠵᠢᠯ ᠭᠡᠵᠥ ᠦᠵᠡᠵᠤ ᠬᠦᠳᠡᠯᠦᠩᠭᠦᠢ ᠠᠵᠢᠯᠯᠠᠵᠣ ᠪᠠᠶᠢᠭᠰᠠᠨ ᠪᠣᠯ᠂ ᠣᠳᠣ ᠶᠢᠨ ᠬᠡᠤᠬᠡᠳ ᠲᠡᠷᠡ ᠪᠣᠯ

ᠲᠣᠮᠣᠴᠤᠣᠯ ᠤᠨ ᠠᠵᠢᠯ ᠭᠡᠵᠣ ᠦᠵᠡᠭᠡᠳ ᠭᠡᠷ ᠪᠦᠯᠢ ᠤᠨ ᠠᠵᠢᠯ  ᠳᠤ ᠲᠦᠢᠯ ᠤᠨ ᠬᠦᠳᠡᠯᠦᠩᠭᠦᠢ ᠪᠤᠰᠤ

ᠪᠤᠯᠤᠭᠰᠠᠨ ᠪᠠᠶᠢᠳᠠᠭ᠃ ᠵᠠᠷᠢᠮ ᠭᠡᠷ ᠤᠨ ᠠᠬᠠᠮᠠᠳ ᠲᠡᠷᠡ ᠦᠶᠡᠰ ᠤᠨ ᠨᠡᠭᠦᠳᠡᠯ ᠠᠮᠢᠳᠤᠷᠠᠯ ᠢ ᠬᠡᠯᠡᠭᠡᠳ ᠶᠠᠭᠠᠬᠢᠬᠤ

ᠪᠤᠢ︖ ᠤᠳᠤ ᠪᠦᠷ ᠰᠢᠨ᠎ᠡ ᠴᠠᠭ ᠡᠷᠢᠨ ᠪᠤᠯᠴᠢᠬᠠᠵᠠᠢ ᠭᠡᠵᠤ ᠪᠤᠳᠤᠬᠤ ᠮᠠᠭᠠᠳ᠃ ᠭᠡᠳᠡᠯ᠎ᠡ ᠡᠨᠡ ᠨᠢ ᠶᠠᠭ ᠰᠢᠨ᠎ᠡ

ᠴᠠᠭ ᠡᠷᠢᠨ ᠠᠴᠠ ᠮᠠᠨ ᠤ ᠭᠡᠷ ᠤᠨ ᠠᠬᠠᠮᠠᠳ ᠲᠤ ᠬᠡᠤᠬᠡᠳ ᠤᠨ ᠢᠶᠠᠨ ᠬᠠᠷᠢᠭᠤᠴᠠᠯᠭᠠᠳᠣ ᠰᠡᠳᠬᠢᠯ ᠢ ᠬᠦᠮᠦᠵᠢᠭᠦᠯᠬᠦ

ᠶᠠᠪᠤᠳᠠᠯ ᠲᠡᠭᠡᠷ᠎ᠡ ᠦᠭᠭᠦᠭᠰᠡᠨ ᠨᠢᠭᠡᠨ ᠵᠦᠢᠯ ᠤᠨ ᠰᠢᠨ᠎ᠡ ᠱᠠᠭᠠᠷᠳᠠᠯᠭ᠎ᠠ ᠪᠣᠯᠣᠭᠰᠠᠨ ᠪᠠᠶᠢᠨ᠎ᠠ᠃ ᠠᠮᠧᠷᠢᠺᠡ ᠶᠢᠨ

ᠰᠤᠳᠤᠯᠭᠠᠴᠢᠳ ᠤᠨ ᠰᠤᠳᠤᠯᠤᠯᠳᠠ ᠪᠠᠷ ᠭᠡᠷ ᠤᠨ ᠠᠵᠢᠯ ᠬᠢᠳᠡᠭ ᠬᠡᠤᠬᠡᠳ ᠪᠠ ᠭᠡᠷ ᠤᠨ ᠠᠵᠢᠯ ᠬᠢᠳᠡᠭ ᠦᠭᠡᠢ

ᠬᠡᠤᠬᠡᠳ ᠤᠨ ᠬᠤᠷᠢᠮᠯᠠᠬᠤ ᠨᠤᠷᠮ᠎ᠠ ᠨᠢ 75᠄ 15᠂ ᠠᠮᠵᠢᠯᠳᠠ ᠤᠯᠬᠤ ᠨᠤᠷᠮ᠎ᠠ ᠨᠢ 14᠄ 1 ᠭᠡᠵᠤ

ᠨᠤᠳᠠᠯᠠᠭᠰᠠᠨ ᠪᠠᠶᠢᠳᠠᠭ᠃

      ︵3︶ ᠪᠡᠶ᠎ᠡ ᠪᠠᠨ ᠲᠠᠭᠠᠭᠠᠬᠤ ᠴᠢᠳᠠᠪᠤᠷᠢ ᠠᠨᠠᠢ ᠪᠤᠯᠤᠭᠰᠠᠨ ᠪᠠᠶᠢᠨ᠎ᠠ᠃ ᠡᠨᠡ ᠪᠣᠯ ᠲᠠᠷᠤᠢ ᠮᠠᠨ ᠤ ᠭᠡᠷ ᠤᠨ

ᠠᠬᠠᠮᠠᠳ ᠤᠨ ᠶᠠᠮᠠᠷᠪᠠ ᠠᠵᠢᠯ ᠶᠠᠪᠤᠳᠠᠯ ᠢ ᠦᠪᠡᠷ ᠢᠶᠠᠨ ᠬᠢᠭᠡᠳ ᠬᠡᠤᠬᠡᠳ ᠢᠶᠠᠷ ᠢᠶᠠᠨ ᠭᠠᠷ ᠲᠦᠷᠦᠭᠦᠯᠬᠦ ᠦᠭᠡᠢ

ᠪᠣᠯᠣᠭᠰᠠᠨ ᠤ ᠦᠷ᠎ᠡ ᠳ᠋ᠦᠩ ᠶᠤᠮ᠃ ᠡᠭᠦᠨ ᠤ ᠳ᠋ᠦᠩ ᠳᠤ ᠮᠠᠨ ᠤ ᠬᠡᠤᠬᠡᠳ ᠶᠠᠮᠠᠷ ᠠᠵᠢᠯ ᠢ ᠬᠢᠭᠰᠡᠨ ᠴᠤ ︽ᠠᠪᠤ

ᠪᠠᠶᠢᠬᠤ ᠶᠤᠮ ᠴᠢᠨᠢ᠂ ᠡᠵᠢ ᠪᠠᠶᠢᠬᠤ ᠶᠤᠮ ᠴᠢᠨᠢ︾ ᠭᠡᠰᠡᠨ ᠪᠤᠰᠤᠳ ᠢ ᠲᠦᠰᠢᠭᠯᠡᠬᠦ ᠰᠡᠳᠬᠢᠴᠡ ᠲᠠᠢ ᠪᠣᠯᠵᠤ᠂

ᠶᠠᠮᠠᠷᠪᠠ ᠠᠵᠢᠯ ᠶᠠᠪᠤᠳᠠᠯ ᠳᠤ ᠦᠪᠡᠷ ᠤᠨ ᠲᠦᠰᠦᠯ ᠲᠦᠯᠦᠪᠯᠡᠭᠡ ᠭᠡᠵᠤ ᠪᠠᠶᠢᠬᠤ ᠦᠭᠡᠢ᠂ ᠶᠠᠭᠠᠬᠢᠵᠤ

ᠪᠡᠶᠡᠯᠡᠭᠦᠯᠦᠨ᠎ᠡ ᠭᠡᠰᠡᠨ ᠬᠠᠷᠢᠭᠤᠴᠠᠯᠭᠠᠲᠣ ᠰᠡᠳᠭᠢᠯ ᠦᠭᠡᠢ ᠪᠣᠯᠵᠠᠢ᠃ ᠬᠠᠮᠤᠭ ᠤᠨ ᠨᠠᠭᠠᠳᠤ ᠵᠠᠬ᠎ᠠ ᠳᠤ ᠪᠠᠨ

ᠲᠠᠰᠬᠠᠯ ᠤᠨ ᠡᠭᠦᠷᠭᠡ ᠪᠠᠨ ᠦᠪᠡᠷ ᠢᠶᠠᠨ ᠰᠢᠢᠳᠪᠦᠷᠢᠯᠡᠬᠦ ᠪᠢᠰᠢ᠂ ᠬᠠᠷᠢᠨ ᠠᠪᠤ ᠡᠵᠢ ᠪᠠᠶᠢᠬᠤ ᠶᠤᠮ ᠴᠢᠨᠢ ᠡᠰᠡᠭᠦᠯ᠎ᠡ

ᠬᠢᠴᠢᠶᠡᠯ ᠤᠨ ᠭᠠᠳᠠᠨ᠎ᠠ ᠲᠠᠰᠬᠠᠯ ᠵᠢᠯᠣᠭᠤᠳᠬᠤ ᠠᠩᠭᠢ ᠳᠤ ᠶᠠᠪᠤᠪᠠᠯ ᠪᠤᠯᠴᠢᠬᠠᠨ᠎ᠠ ᠭᠡᠵᠤ ᠪᠤᠳᠤᠬᠤ ᠪᠤᠯᠴᠢᠬᠠᠭᠰᠠᠨ

ᠪᠠᠶᠢᠳᠠᠭ᠃

      ︵4︶ ᠳᠠᠩ ᠴᠤᠯᠭᠤᠢ ᠰᠡᠳᠬᠢᠴᠡ ᠲᠠᠢ ᠪᠤᠯᠤᠭᠰᠠᠨ ᠪᠠᠶᠢᠨ᠎ᠠ᠃ ᠮᠠᠨ ᠤ ᠤᠳᠤ ᠶᠢᠨ ᠬᠡᠤᠬᠡᠳ ᠪᠦᠷ

ᠬᠤᠪᠢ ᠪᠠᠨ ᠪᠣᠳᠤᠨ᠂ ᠳᠣᠪᠤ ᠪᠠᠨ ᠪᠣᠷᠣᠯᠠᠭᠤᠯᠬᠤ ᠪᠣᠯᠵᠤ ᠪᠣᠰᠤᠳ ᠵᠦᠢᠯ ᠢ ᠬᠠᠮᠢᠶᠠᠷᠴᠣ ᠬᠠᠯᠠᠮᠵᠢᠯᠠᠬᠤ ᠦᠭᠡᠢ

ᠪᠤᠯᠤᠭᠰᠠᠨ ᠪᠠᠶᠢᠨ᠎ᠠ᠃ ᠭᠡᠷ ᠲᠤ ᠪᠠᠨ ᠬᠠᠷᠢᠭᠰᠠᠨ ᠴᠤ ᠠᠪᠤ ᠨᠢ ᠭᠠᠷ ᠤᠲᠠᠰᠤ ᠪᠠᠨ ᠣᠷᠤᠯᠳᠤᠵᠤ᠂ ᠡᠵᠢ ᠨᠢ

ᠬᠤᠭᠤᠯᠠ ᠪᠤᠳᠠᠭ᠎ᠠ ᠪᠠᠨ ᠬᠢᠵᠦ ᠶᠠᠭᠠᠷᠠᠬᠤ ᠳᠤ᠂ ᠬᠡᠤᠬᠡᠳ ᠨᠢ ᠲᠤᠷ᠎ᠠ ᠲᠠᠢ ᠲᠤᠷ᠎ᠠ ᠦᠭᠡᠢ ᠲᠠᠰᠬᠠᠯ ᠢᠶᠠᠨ ᠬᠢᠬᠦ

ᠪᠠᠶᠢᠳᠠᠯ ᠲᠠᠢ ᠪᠣᠯᠣᠭᠠᠳ ᠦᠩᠭᠡᠷᠡᠭᠰᠡᠨ ᠤ ᠮᠡᠳᠦ ᠠᠮᠢᠳᠤᠷᠠᠯ ᠤᠨ ᠬᠠᠳᠠᠭᠤ ᠪᠡᠷᠭᠡ᠂ ᠵᠢᠩᠬᠢᠨᠢ ᠤᠳᠬ᠎ᠠ

ᠠᠭᠤᠯᠭ᠎ᠠ ᠶᠢ ᠦᠪᠡᠷ ᠤᠨ ᠪᠡᠶ᠎ᠡ ᠳᠤ ᠪᠠᠨ ᠰᠢᠩᠭᠡᠭᠡᠵᠤ ᠲᠡᠶᠢᠯᠬᠦ ᠦᠭᠡᠢ ᠪᠤᠯᠴᠢᠬᠠᠭᠰᠠᠨ ᠪᠠᠶᠢᠳᠠᠭ᠃ ᠤᠴᠢᠷ ᠨᠢ

ᠮᠠᠨ ᠤ ᠭᠡᠷ ᠤᠨ ᠠᠬᠠᠮᠠᠳ ᠤᠨ ᠰᠡᠳᠬᠢᠴᠡ ᠨᠢ ᠴᠦ ᠪᠦᠷ ︽ᠤᠳᠤ ᠶᠢᠨ ᠠᠮᠢᠳᠤᠷᠠᠯ ᠰᠠᠶᠢᠨ ᠪᠤᠯᠴᠢᠬᠠᠵᠠᠢ᠂

ᠬᠡᠤᠬᠡᠳ ᠤᠳ ᠲᠤ ᠰᠠᠨᠠᠭᠠᠰᠢᠷᠠᠬᠤ ᠶᠠᠪᠤᠳᠠᠯ ᠦᠭᠡᠢ᠂ ᠵᠦᠪᠬᠡᠨ ᠰᠠᠶᠢᠨ ᠰᠤᠷᠴᠢᠬᠠᠪᠠᠯ ᠪᠤᠯᠴᠢᠬᠠᠨ᠎ᠠ︾ ᠭᠡᠵᠤ

ᠦᠵᠡᠭᠡᠳ ᠴᠤᠷᠢ ᠶᠢᠨ ᠭᠠᠭᠴᠠ ᠮᠡᠳᠡᠯᠭᠡ ᠶᠢᠨ ᠲᠠᠪᠳᠠᠮᠵᠢ ᠶᠢ ᠬᠦᠭᠡᠭᠡᠴᠡᠯᠳᠦᠵᠤ᠂ ᠬᠦᠳᠡᠯᠮᠦᠷᠢ ᠪᠤᠯᠤᠨ

ᠰᠤᠷᠤᠯᠴᠠᠯᠭ᠎ᠠ ᠶᠢ ᠨᠢᠭᠡᠮᠦᠰᠦᠨ ᠰᠠᠯᠭᠠᠵᠤ ᠬᠠᠶᠠᠭᠰᠠᠨ ᠪᠠᠶᠢᠳᠠᠯ ᠲᠠᠢ ᠪᠣᠯᠵᠠᠢ᠃

      ᠮᠠᠨ ᠤ ᠭᠡᠷ ᠤᠨ ᠠᠬᠠᠮᠠᠳ ᠬᠡᠤᠬᠡᠳ ᠤᠨ ᠬᠤᠭᠤᠷᠣᠨᠳᠣᠬᠢ ᠤᠬᠠᠭᠠᠯᠢᠭ ᠪᠤᠯᠤᠨ ᠴᠢᠳᠠᠪᠤᠷᠢ ᠶᠢᠨ ᠵᠦᠷᠢᠶ᠎ᠡ ᠶᠢ

ᠠᠳᠠᠯᠢᠳᠬᠠᠬᠤ ᠠᠰᠠᠭᠤᠳᠠᠯ ᠬᠦᠨᠳᠦ ᠨᠤᠴᠢᠳᠡᠢ ᠤᠷᠤᠰᠢᠵᠤ᠂ ᠪᠦᠷ ᠯᠠ ᠡᠨᠡ ᠨᠢᠭᠡᠨ ᠶᠠᠪᠤᠳᠠᠯ ᠲᠡᠭᠡᠷ᠎ᠡ

ᠵᠢᠭᠤᠷᠠᠯᠳᠣᠬᠤ ᠪᠣᠯᠵᠠᠢ᠃ ᠵᠠᠷᠢᠮ ᠭᠡᠷ ᠤᠨ ᠠᠬᠠᠮᠠᠳ  ᠲᠤ ᠶᠡᠷᠦ ᠨᠢ ᠠᠶᠢᠯ ᠤᠨ ᠬᠡᠤᠬᠡᠳ ᠡᠭᠦᠨ ᠢ ᠴᠢᠳᠠᠵᠤ ᠪᠠᠶᠢᠨ᠎ᠠ᠂

ᠮᠠᠨ ᠤ ᠬᠡᠤᠬᠡᠳ ᠶᠠᠭᠠᠬᠢᠭᠠᠳ ᠴᠢᠳᠠᠬᠤ ᠦᠭᠡᠢ ᠪᠤᠢ︖ ᠭᠡᠬᠦ ᠠᠰᠠᠭᠤᠯᠳᠠ ᠲᠤᠳᠤᠭᠠᠳᠤ ᠰᠡᠳᠬᠢᠯ ᠳᠤ ᠨᠢ

ᠦᠪᠡᠷ ᠤᠨ ᠡᠷᠬᠡ ᠦᠭᠡᠢ ᠤᠷᠤᠵᠤ ᠢᠷᠡᠳᠡᠭ᠃ ᠲᠡᠭᠡᠬᠦ ᠮᠦᠷᠲᠡᠭᠡᠨ ᠵᠠᠷᠢᠮ ᠭᠡᠷ ᠤᠨ ᠠᠬᠠᠮᠠᠳ ᠨᠢ ᠬᠡᠤᠬᠡᠳ ᠤᠨ

ᠬᠤᠭᠤᠷᠣᠨᠳᠤᠬᠢ ᠵᠦᠷᠢᠶ᠎ᠡ ᠶᠢ ᠠᠳᠠᠯᠢᠳᠬᠠᠬᠤ ᠳᠤ ᠪᠠᠨ ᠬᠡᠤᠬᠡᠳ ᠤᠨ ᠤᠬᠤᠷᠬᠠᠨ ᠬᠤᠭᠤᠴᠠᠭᠠᠨ ᠳᠠᠬᠢ ᠤᠬᠠᠭᠠᠯᠢᠭ

ᠲᠦᠷᠢ᠂ ᠭᠠᠳᠠᠭᠠᠳᠤ ᠢᠯᠡᠷᠡᠯ᠂ ᠱᠠᠩᠨᠠᠯ ᠬᠦᠬᠢᠭᠦᠯᠦᠯ ᠬᠦᠷᠳᠡᠵᠤ ᠪᠠᠶᠢᠭ᠎ᠠ ᠲᠤᠭ᠎ᠠ ᠨᠤᠷᠮ᠎ᠠ ᠵᠡᠷᠭᠡ ᠪᠠᠷ ᠪᠠᠷᠢᠮᠵᠢᠶᠠᠯᠠᠵᠤ

ᠬᠡᠤᠬᠡᠳ ᠢ ᠠᠳᠠᠯᠢᠳᠬᠠᠳᠠᠭ᠃ ᠨᠡᠩ ᠴᠢᠨᠠᠭᠰᠢᠯᠠᠪᠠᠯ ᠵᠠᠷᠢᠮ ᠭᠡᠷ ᠤᠨ ᠠᠬᠠᠮᠠᠳ ᠨᠢ ᠬᠡᠤᠬᠡᠳ ᠤᠨ ᠰᠡᠳᠬᠢᠴᠡ ᠶᠢ

ᠠᠩᠬᠠᠷᠬᠤ ᠦᠭᠡᠢ᠂ ᠵᠦᠪᠬᠡᠨ ᠰᠢᠯᠭᠠᠯᠳᠠ ᠶᠢᠨ ᠬᠤᠪᠢ ᠪᠠᠷ ᠤᠴᠢᠵᠤ ᠬᠡᠤᠬᠡᠳ ᠢᠶᠠᠨ ᠪᠠᠷᠢᠮᠵᠢᠶᠠᠯᠠᠳᠠᠭ᠃ ᠡᠨᠡ ᠪᠤᠯ

ᠮᠠᠨ ᠤ ᠭᠡᠷ ᠤᠨ ᠠᠬᠠᠮᠠᠳ ᠤᠨ ᠬᠡᠤᠬᠡᠳ ᠲᠤ ᠪᠠᠨ ᠬᠠᠨᠳᠤᠬᠤ ᠬᠠᠷᠢᠭᠤᠴᠠᠯᠭᠠᠳᠤ ᠰᠡᠳᠬᠢᠯ ᠳᠣᠲᠠᠮᠠᠭ ᠭᠡᠳᠡᠭ ᠢ

ᠬᠠᠷᠠᠭᠤᠯᠤᠨ᠎ᠠ᠃ ᠦᠨᠡᠨ ᠢ ᠬᠡᠯᠡᠪᠡᠯ ᠨᠢᠭᠡ ᠠᠪᠤ ᠡᠵᠢ ᠠᠴᠠ ᠲᠦᠷᠦᠭᠰᠡᠨ ᠠᠬ᠎ᠠ ᠳᠡᠭᠦᠦ ᠴᠤ ᠬᠤᠭᠤᠷᠤᠨᠳᠣ ᠪᠠᠨ

ᠠᠳᠠᠯᠢ ᠦᠬᠡᠢ ᠪᠠᠶᠢᠳᠠᠯ᠎ᠠ ᠦᠷᠦᠭᠡᠯ ᠪᠣᠰᠣᠳ ᠤᠨ ᠬᠡᠣᠬᠡᠳ ᠬᠡᠷᠬᠢᠨ ᠠᠳᠠᠯᠢ ᠪᠠᠶᠢᠵᠣ ᠪᠣᠯᠬᠤ ᠪᠣᠢ᠃ ᠡᠶᠢᠮᠤ ᠠᠴᠠ

ᠦᠪᠡᠷ ᠤᠨ ᠬᠡᠤᠬᠡᠳ ᠢᠶᠠᠨ ᠦᠷᠦᠭᠡᠯ ᠪᠤᠰᠤᠳ ᠤᠨ ᠬᠡᠤᠬᠡᠳ ᠲᠠᠢ ᠠᠳᠠᠯᠢᠳᠬᠠᠬᠤ ᠳᠤ ᠪᠠᠨ ᠰᠦᠷᠭᠡᠦ ᠨᠦᠯᠦᠭᠡ

ᠦᠵᠡᠭᠦᠯᠬᠦ ᠦᠭᠡᠢ ᠵᠦᠪ ᠲᠠᠯ᠎ᠠ ᠠᠴᠠ ᠠᠳᠠᠯᠢᠳᠬᠠᠬᠤ ᠬᠡᠷᠡᠭᠲᠡᠢ᠃ ᠡᠨᠡ ᠭᠦ ᠰᠦᠷᠭᠡᠦ ᠨᠦᠯᠦᠭᠡ ᠨᠢ ᠲᠠᠷᠤᠢ

ᠬᠡᠤᠬᠡᠳ ᠲᠤ ᠪᠡᠶ᠎ᠡ ᠪᠠᠨ ᠭᠤᠯᠤᠬᠤ᠂ ᠪᠡᠶ᠎ᠡ ᠪᠠᠨ ᠰᠡᠵᠢᠭᠯᠡᠬᠦ ᠲᠦᠷᠦᠭᠳᠡᠯ ᠦᠭᠴᠦ᠂ ᠬᠡᠤᠬᠡᠳ ᠤᠨ ᠬᠠᠶᠢᠨ

ᠰᠦᠪᠡᠭᠴᠢᠯᠡᠬᠦ ᠳᠤ ᠤᠷᠤᠭᠰᠢ ᠲᠠᠪᠰᠢᠬᠤ ᠵᠤᠷᠢᠭ ᠰᠠᠨᠠᠭ᠎ᠠ ᠶᠢ ᠨᠢ ᠠᠯᠳᠠᠷᠠᠭᠤᠯᠬᠤ ᠪᠠᠷ ᠪᠠᠷᠠᠬᠤ ᠦᠭᠡᠢ᠂

ᠬᠡᠤᠬᠡᠳ ᠤᠨ ᠪᠡᠶ᠎ᠡ ᠪᠠᠨ ᠲᠠᠭᠠᠭᠠᠬᠤ ᠬᠠᠷᠢᠭᠤᠴᠠᠯᠭᠠᠳᠣ ᠰᠡᠳᠬᠢᠯ ᠢ ᠨᠢ ᠨᠦᠯᠦᠭᠡᠯᠡᠨ᠎ᠡ᠃ ᠡᠶᠢᠮᠦ ᠠᠴᠠ ᠪᠢᠳᠡ

ᠬᠡᠤᠬᠡᠳ ᠢ ᠠᠳᠠᠯᠢᠳᠬᠠᠶ᠎ᠠ ᠭᠡᠪᠡᠯ ᠬᠡᠤᠬᠡᠳ ᠤᠨ ᠬᠠᠷᠢᠭᠤᠴᠠᠯᠭᠠᠳᠤ ᠰᠡᠳᠬᠢᠯ ᠢ ᠵᠤᠬᠢᠬᠤ ᠬᠡᠮᠵᠢᠶ᠎ᠠ ᠪᠠᠷ

ᠠᠳᠠᠯᠢᠳᠬᠠᠬᠤ ᠠᠴᠠ ᠪᠢᠰᠢ ᠡᠩ ᠤᠨ ᠴᠢᠳᠠᠪᠤᠷᠢ ᠶᠢ ᠨᠢ ᠠᠳᠠᠯᠢᠳᠬᠠᠬᠤ ᠦᠭᠡᠢ ᠪᠠᠶᠢᠬᠤ ᠬᠡᠷᠡᠭᠲᠡᠢ᠃

      ᠮᠠᠨ ᠤ ᠭᠡᠷ ᠤᠨ ᠠᠬᠠᠮᠠᠳ ᠬᠡᠤᠬᠡᠳ ᠢ ᠬᠠᠷᠢᠯᠴᠠᠨ ᠠᠳᠠᠯᠢᠳᠬᠠᠭᠰᠠᠨ ᠤ ᠰᠠᠭᠤᠷᠢᠨ ᠲᠡᠭᠡᠷ᠎ᠡ ᠦᠪᠡᠷ ᠤᠨ

ᠬᠡᠤᠬᠡᠳ ᠢᠶᠠᠨ ᠨᠦᠭᠦᠭᠡ ᠬᠡᠤᠬᠡᠳ ᠠᠴᠠ ᠢᠯᠡᠭᠦᠦ ᠴᠢᠳᠠᠪᠤᠷᠢ ᠲᠠᠢ ᠪᠤᠯᠭᠠᠬᠤ ᠪᠠᠷ ᠴᠢᠷᠮᠠᠶᠢᠵᠣ ᠤᠬᠤᠷᠬᠠᠨ

ᠬᠤᠭᠤᠴᠠᠭᠠᠨ ᠤ ᠲᠤᠳᠤᠷ᠎ᠠ ᠬᠡᠤᠬᠡᠳ ᠢ ᠪᠠᠨ ᠰᠢᠯᠢᠳᠡᠭᠵᠢᠭᠦᠯᠬᠦ᠂ ᠪᠤᠰᠤᠳ ᠠᠴᠠ ᠳᠠᠪᠠᠭᠤᠯᠬᠤ ᠭᠡᠵᠤ ᠦᠩᠭᠡᠨ

ᠲᠠᠯ᠎ᠠ ᠶᠢᠨ ᠠᠷᠭ᠎ᠠ ᠬᠡᠯᠪᠡᠷᠢ ᠶᠢ ᠠᠪᠳᠠᠭ ᠠᠴᠠ ᠬᠡᠤᠬᠡᠳ ᠤᠨ ᠪᠡᠶ᠎ᠡ ᠲᠡᠭᠡᠷ᠎ᠡ ᠳᠣᠣᠷᠠᠬᠢ ᠮᠡᠳᠦ ᠰᠦᠷᠭᠡᠦ ᠨᠦᠯᠦᠭᠡ ᠶᠢ

ᠤᠯᠭᠤᠳᠠᠭ᠃ ᠵᠢᠱᠢᠶᠡᠯᠡᠪᠡᠯ᠂ ᠪᠠᠭ᠎ᠠ ᠰᠤᠷᠭᠠᠭᠤᠯᠢ ᠳᠤ ᠡᠶᠢᠮᠦᠷᠭᠦᠦ ᠰᠦᠷᠭᠡᠦ ᠨᠦᠯᠦᠭᠡ ᠬᠦᠷᠳᠡᠭᠰᠡᠨ ᠬᠡᠤᠬᠡᠳ

ᠠᠩᠬ᠎ᠠ ᠲᠤᠮᠳᠠᠳᠤ ᠳᠤ ᠤᠷᠤᠭᠰᠠᠨ ᠤ ᠲᠠᠷᠠᠭ᠎ᠠ ᠵᠢᠭᠠᠬᠠᠨ ᠴᠤᠬᠢᠯᠳᠠ ᠶᠢ ᠴᠤ ᠳᠠᠭᠠᠭᠠᠬᠤ ᠦᠬᠡᠢ ᠪᠣᠯᠵᠤ ᠶᠠᠮᠠᠷᠪᠠ

ᠶᠠᠪᠤᠳᠠᠯ ᠳᠤ ᠤᠷᠬᠢᠯᠤᠮ᠎ᠠ ᠬᠠᠯᠠᠭᠤᠨ ᠰᠡᠳᠬᠢᠯ ᠪᠠ ᠰᠤᠨᠢᠭᠤᠴᠢ ᠰᠡᠳᠬᠢᠯ ᠦᠭᠡᠢ ᠪᠣᠯᠵᠤ ᠬᠤᠪᠢ ᠪᠠᠨ ᠰᠠᠬᠢᠵᠣ

ᠭᠠᠭᠴᠠᠭᠠᠷᠳᠠᠮᠠᠯ ᠪᠤᠯᠳᠠᠭ᠃ ᠡᠨᠡ ᠪᠤᠯ ᠲᠠᠷᠤᠢ ᠰᠦᠷᠭᠡᠦ ᠨᠦᠯᠦᠭᠡ ᠠᠴᠠ ᠡᠭᠦᠰᠦᠭᠰᠡᠨ ᠰᠡᠳᠬᠢᠴᠡ          

ᠪᠤᠯᠤᠨ᠎ᠠ᠃ ᠤᠳᠤ ᠶᠢᠨ ᠮᠠᠨ ᠤ ᠵᠠᠷᠢᠮ ᠬᠡᠣᠬᠡᠳ ᠳᠡᠭᠡᠳᠦ ᠲᠤᠮᠳᠠᠳᠤ ᠬᠦᠷᠲᠡᠯ᠎ᠡ ᠡᠶᠢᠮᠦᠷᠭᠦᠦ ᠰᠦᠭᠡᠷᠭᠦ ᠨᠦᠯᠦᠭᠡ ᠶᠢ

ᠬᠦᠷᠳᠡᠵᠤ᠂ ᠡᠶᠢᠮᠦᠷᠭᠦᠦ ᠪᠠᠶᠢᠳᠠᠯ ᠳᠤ ᠲᠦᠯᠦᠪᠰᠢᠭᠰᠡᠨ ᠠᠴᠠ ᠭᠡᠷ ᠤᠨ ᠠᠬᠠᠮᠠᠳ ᠨᠢ ᠴᠤ ᠪᠦᠷ ᠵᠤᠷᠢᠭ

ᠮᠤᠬᠤᠷᠠᠭᠰᠠᠨ ᠪᠠᠶᠢᠳᠠᠯ ᠳᠤ ᠤᠷᠤᠵᠤ ᠶᠡᠭᠡ ᠬᠦᠰᠡᠯ ᠨᠠᠶᠢᠳᠠᠯᠭ᠎ᠠ ᠲᠠᠯᠪᠢᠬᠤ ᠪᠠᠨ ᠴᠤ ᠪᠠᠶᠢᠴᠢᠬᠠᠳᠠᠭ᠃ ᠡᠨᠡ ᠪᠤᠯ

ᠲᠠᠷᠤᠢ ᠬᠡᠤᠬᠡᠳ ᠲᠤ ᠬᠠᠷᠢᠭᠤᠴᠠᠯᠭᠠᠳᠤ ᠰᠡᠳᠬᠢᠯ ᠤᠨ ᠬᠦᠮᠦᠵᠢᠯ ᠢ ᠬᠢᠵᠤ ᠴᠢᠳᠠᠭᠰᠠᠨ ᠦᠭᠡᠢ ᠶᠢᠨ ᠪᠣᠳᠠᠲᠣ

ᠢᠯᠡᠷᠡᠯ ᠪᠤᠯᠤᠨ᠎ᠠ᠃

      ᠬᠠᠷᠢᠭᠤᠴᠠᠯᠭᠠᠳᠤ ᠰᠡᠳᠬᠢᠯ ᠢ ᠬᠦᠮᠦᠵᠢᠭᠦᠯᠬᠦ ᠰᠤᠷᠭᠠᠨ ᠬᠦᠮᠦᠵᠢᠯ ᠢ ᠬᠦᠳᠦᠯᠦᠨ ᠵᠦᠪᠳᠡᠬᠦ ᠮᠠᠶ᠋ᠢᠭ ᠤᠨ

ᠰᠤᠷᠭᠠᠨ ᠬᠦᠮᠦᠵᠢᠯ ᠭᠡᠵᠤ ᠬᠡᠯᠡᠳᠡᠭ᠃ ᠡᠨᠡ ᠪᠤᠯ ᠲᠠᠷᠤᠢ ᠠᠮᠧᠷᠢᠺᠠ ᠶᠢᠨ ᠰᠤᠷᠭᠠᠨ ᠬᠦᠮᠦᠵᠢᠯ ᠳᠤ ᠦᠷᠭᠦᠯᠵᠢ

ᠬᠡᠷᠡᠭᠯᠡᠳᠡᠭ ᠰᠤᠷᠭᠠᠨ ᠬᠦᠮᠦᠵᠢᠯ ᠤᠨ ᠠᠷᠭ᠎ᠠ ᠪᠤᠯᠤᠨ᠎ᠠ᠃ ᠡᠶᠢᠮᠦᠷᠭᠦᠦ ᠰᠤᠷᠭᠠᠨ ᠬᠦᠮᠦᠵᠢᠯ ᠤᠨ ᠠᠷᠭ᠎ᠠ ᠨᠢ

ᠬᠡᠤᠬᠡᠳ ᠲᠤ ᠴᠢᠬᠤᠯᠠ ᠲᠠᠢ ᠮᠡᠳᠡᠯᠭᠡ ᠶᠢ ᠦᠭᠴᠤ ᠴᠢᠳᠠᠬᠤ ᠪᠠᠷ ᠪᠠᠷᠠᠬᠤ ᠦᠭᠡᠢ ᠢᠳᠡᠭᠡᠯ ᠵᠤᠷᠢᠭ ᠢ ᠨᠢ

ᠬᠦᠪᠴᠢᠯᠡᠵᠤ᠂ ᠮᠡᠳᠡᠯᠭᠡ ᠶᠢ ᠬᠦᠭᠡᠭᠡᠴᠡᠯᠳᠦᠬᠦ ᠡᠷᠡᠭᠦᠯ ᠰᠠᠷᠠᠭᠤᠯ ᠰᠡᠳᠬᠢᠯ ᠢ ᠪᠤᠢ ᠪᠤᠯᠭᠠᠳᠠᠭ᠃ ᠡᠶᠢᠮᠦ ᠠᠴᠠ ᠮᠠᠨ ᠤ

ᠭᠡᠷ ᠤᠨ ᠠᠬᠠᠮᠠᠳ ᠬᠡᠤᠬᠡᠳ ᠲᠤ ᠪᠠᠨ ᠡᠷᠬᠡᠪᠰᠢ ᠬᠠᠷᠢᠭᠤᠴᠠᠯᠭᠠᠳᠤ ᠰᠡᠳᠬᠢᠯ ᠢ ᠪᠤᠢ ᠪᠣᠯᠭᠠᠬᠤ ᠬᠦᠮᠦᠵᠢᠯ ᠢ ᠬᠢᠬᠦ

ᠴᠢᠬᠤᠯᠠ ᠲᠠᠢ᠃

      ᠬᠠᠷᠢᠭᠤᠴᠠᠯᠭᠠᠳᠤ ᠰᠡᠳᠬᠢᠯ ᠢᠶᠠᠷ ᠰᠠᠶᠢᠨ ᠬᠡᠤᠬᠡᠳ ᠦᠪᠡᠷ ᠤᠨ ᠡᠷᠭᠡ ᠦᠭᠡᠢ ᠰᠤᠷᠤᠯᠭ᠎ᠠ ᠳᠤ ᠪᠠᠨ

ᠴᠢᠷᠮᠠᠶᠢᠯᠳᠠ ᠲᠠᠢ ᠪᠠᠶᠢᠵᠤ᠂ ᠪᠡᠶ᠎ᠡ ᠪᠠᠨ ᠲᠠᠭᠠᠭᠠᠵᠤ᠂ ᠦᠪᠡᠷ ᠤᠨ ᠤᠬᠠᠮᠰᠠᠷ ᠠᠴᠠ ᠪᠠᠨ ᠰᠤᠷᠤᠯᠴᠠᠵᠤ᠂ ᠠᠪᠤ

ᠡᠵᠢ ᠪᠠᠨ ᠬᠠᠪᠰᠣᠷᠴᠣ᠂ ᠠᠮᠢᠳᠤᠷᠠᠯ ᠤᠨ ᠬᠦᠴᠢᠷ ᠵᠤᠪᠠᠯᠠᠩ ᠢ ᠤᠶᠢᠯᠠᠭᠠᠵᠤ ᠮᠡᠳᠡᠨ᠂ ᠠᠪᠤ ᠡᠵᠢ ᠶᠢᠨ ᠢᠶᠠᠨ

ᠶᠠᠳᠠᠷᠠᠭ᠎ᠠ ᠴᠢᠯᠡᠭᠡ ᠶᠢ ᠮᠡᠳᠡᠷᠡᠵᠤ᠂ ᠲᠤᠰᠠ ᠲᠡᠮ ᠪᠤᠯᠵᠤ ᠴᠢᠳᠠᠳᠠᠭ᠃ ᠨᠡᠩ ᠴᠤ ᠶᠠᠭᠤ ᠶᠢ ᠨᠢ ᠬᠢᠪᠡᠯ ᠠᠪᠤ

ᠡᠵᠢ ᠳᠤ ᠲᠤᠰᠠ ᠪᠤᠯᠵᠤ ᠴᠢᠳᠠᠬᠤ᠂ ᠶᠠᠮᠠᠷ ᠵᠦᠢᠯ ᠢ ᠠᠪᠤᠪᠠᠯ ᠠᠷᠪᠢᠯᠠᠨ ᠭᠠᠮᠨᠠᠵᠤ ᠴᠢᠳᠠᠬᠤ ᠶᠢ ᠪᠤᠳᠤᠯᠬᠢᠯᠠᠨ᠂

ᠦᠪᠡᠷ ᠤᠨ ᠪᠡᠶ᠎ᠡ᠂ ᠦᠪᠡᠷ ᠤᠨ ᠠᠪᠤ ᠡᠵᠢ ᠳᠤ ᠪᠠᠨ ᠠᠴᠢ ᠲᠤᠰᠠ ᠪᠤᠯᠬᠤ ᠬᠠᠷᠢᠭᠤᠴᠠᠯᠭᠠᠳᠤ ᠰᠡᠳᠬᠢᠯ ᠨᠢ ᠶᠠᠰᠤ

ᠴᠢᠰᠤᠨ ᠠᠴᠠ ᠨᠢ ᠡᠬᠢᠯᠡᠨ ᠤᠷᠭᠤᠨ ᠭᠠᠷᠴᠤ ᠢᠷᠡᠳᠡᠭ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠦᠤᠰᠢᠨ ᠬᠤᠰᠢᠭᠤᠨ ᠤ ᠲᠠᠪᠣᠳᠣᠭᠠᠷ ᠪᠠᠭ᠎ᠠ ᠰᠣᠷᠭᠠᠭᠤᠯᠢ

                               ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map