ᠪᠠᠭ᠎ᠠ ᠰᠤᠷᠭᠠᠭᠤᠯᠢ ᠶᠢᠨ ᠲᠠᠭᠤᠤ ᠬᠦᠭᠵᠢᠮ ᠤᠨ ᠬᠢᠴᠢᠶᠡᠯᠯᠡᠭᠡ ᠳᠠᠬᠢ ᠮᠣᠩᠭᠤᠯ ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠶᠢᠨ ᠲᠤᠬᠠᠢ ᠲᠥᠬᠦᠮ ᠥᠭᠦᠯᠡᠬᠦ ᠨᠢ
ᠨᠡᠶᠢᠲᠡᠯᠡᠭᠰᠡᠨ ᠴᠠᠭ᠄
2024/8/16
                        ᠪᠤᠯᠤᠷ

教学研究7.png

      ᠠᠷᠠᠳ ᠤᠨ ᠲᠠᠭᠤᠤ ᠪᠤᠯ ᠮᠤᠩᠭᠤᠯ ᠦᠨᠳᠦᠰᠦᠳᠡᠨ ᠤ ᠤᠷᠳᠦ ᠤᠳᠠᠭᠠᠨ ᠴᠠᠭ ᠬᠤᠭᠤᠴᠠᠭᠠᠨ ᠤ ᠲᠤᠷᠰᠢ

ᠠᠷᠠᠳ ᠲᠦᠮᠡᠨ ᠤ ᠤᠢ ᠪᠢᠯᠢᠭ᠂ ᠠᠪᠢᠶᠠᠰ ᠤᠬᠠᠭᠠᠨ ᠢᠶᠠᠷ ᠢᠶᠠᠨ ᠡᠭᠦᠳᠦᠨ ᠪᠦᠳᠦᠭᠡᠵᠦ᠂ ᠦᠪᠡᠷ ᠤᠨ

ᠦᠨᠳᠦᠰᠦᠳᠡᠨ ᠤ ᠲᠤᠷ᠎ᠠ ᠰᠤᠨᠢᠷᠬᠠᠯ᠂ ᠭᠤᠸ᠎ᠠ ᠰᠠᠶᠢᠬᠠᠨ ᠤ ᠦᠨᠡᠳᠦ ᠲᠤᠷᠠᠰᠬᠠᠯ ᠤᠨ ᠬᠦᠰᠢᠶ᠎ᠡ ᠪᠤᠯᠭᠠᠨ

ᠰᠢᠳᠦᠭᠰᠡᠭᠡᠷ ᠢᠷᠡᠭᠰᠡᠨ ᠰᠤᠶᠤᠯ ᠤᠨ ᠦᠪ ᠶᠤᠮ᠃ ᠮᠣᠩᠭᠤᠯ ᠠᠷᠠᠳ ᠤᠨ ᠲᠠᠭᠤᠤ ᠪᠠᠷ ᠲᠠᠮᠵᠢᠭᠤᠯᠤᠨ᠂ ᠡᠴᠢᠭᠡ

ᠡᠬᠡ ᠪᠠᠨ ᠬᠦᠨᠳᠦᠯᠡᠬᠦ᠂ ᠦᠷ᠎ᠡ ᠬᠡᠤᠬᠡᠳ ᠢᠶᠠᠨ ᠬᠠᠶᠢᠷᠠᠯᠠᠬᠤ᠂ ᠠᠳᠤᠭᠤ ᠮᠠᠯ ᠢᠶᠠᠨ ᠭᠠᠮᠨᠠᠬᠤ᠂ ᠶᠠᠳᠠᠭᠤ ᠲᠤᠷᠤᠢ ᠶᠢ

ᠦᠷᠦ ᠡᠪᠡᠳᠬᠦ᠂ ᠬᠠᠷᠭᠢᠰ ᠲᠡᠷᠰᠯᠡᠬᠦᠦ ᠶᠢ ᠡᠰᠡᠷᠬᠦᠴᠡᠬᠦ᠂ ᠬᠤᠳᠠᠯ ᠬᠠᠭᠤᠷᠮᠠᠴᠢ ᠶᠢ ᠵᠢᠭᠰᠢᠬᠦ᠂ ᠬᠤᠯᠠᠭᠠᠢ ᠲᠡᠭᠡᠷᠡᠮ ᠢ

ᠬᠤᠷᠤᠰᠬᠤ ᠭᠡᠬᠦ ᠮᠡᠲᠦ ᠶᠢᠨ ᠤᠯᠠᠨ ᠵᠦᠢᠯ ᠤᠨ ᠶᠤᠰᠤ ᠰᠤᠷᠳᠠᠬᠤᠨ ᠤ ᠠᠭᠤᠯᠭ᠎ᠠ ᠶᠢ ᠦᠷᠭᠡᠨ ᠬᠡᠪᠴᠢᠶ᠎ᠡ ᠪᠠᠷ

ᠤᠯᠠᠮᠵᠢᠯᠠᠨ ᠰᠤᠷᠭᠠᠵᠦ ᠪᠠᠶᠢᠭᠰᠠᠨ ᠪᠦᠭᠡᠳ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠦᠯᠦ ᠪᠤᠯᠬᠤ ᠶᠢ ᠰᠤᠷᠴᠤ

ᠤᠶᠢᠯᠠᠭᠠᠳᠠᠭ᠃ ᠲᠠᠭᠤᠤ ᠳᠤ ᠠᠷᠠᠳ ᠤᠨ ᠵᠦᠢᠷ ᠰᠡᠴᠡᠨ ᠦᠭᠡ᠂ ᠬᠠᠪᠤᠲᠤ ᠦᠭᠡ᠂ ᠬᠤᠯᠪᠤᠭ᠎ᠠ ᠬᠤᠷᠰᠢᠶ᠎ᠠ ᠦᠭᠡ

ᠤᠯᠠᠨ ᠪᠠᠶᠢᠬᠤ ᠨᠢ ᠴᠦ ᠶᠤᠰᠤ ᠰᠤᠷᠳᠠᠬᠤᠨ ᠤ ᠬᠦᠮᠦᠵᠢᠯ ᠤᠨ ᠴᠢᠬᠤᠯᠠ ᠠᠭᠤᠯᠭ᠎ᠠ ᠪᠤᠯᠳᠠᠭ᠃ ᠭᠡᠪᠡᠴᠦ

ᠤᠳᠤ ᠶᠢᠨ ᠴᠠᠭ ᠦᠶ᠎ᠡ ᠶᠢᠨ ᠬᠤᠪᠢᠷᠠᠯᠳᠠ ᠪᠠ ᠮᠡᠳᠡᠭᠡ ᠵᠠᠩᠭᠢ ᠶᠢᠨ ᠨᠠᠶᠢᠭᠡᠮ ᠤᠨ ᠤᠷᠴᠢᠨ ᠠᠴᠠ ᠪᠤᠯᠵᠦ ᠬᠡᠤᠭᠡᠳ

ᠪᠠᠭᠠᠴᠤᠳ ᠤᠷᠤᠰᠬᠠᠯ ᠲᠠᠭᠤᠤ ᠳᠤ ᠤᠨᠴᠠᠭᠠᠢ ᠪᠠᠬ᠎ᠠ ᠲᠠᠢ ᠪᠠᠶᠢᠵᠦ᠂ ᠰᠤᠨᠤᠰᠴᠦ ᠲᠠᠭᠤᠯᠠᠬᠤ

ᠲᠠᠭᠤᠤ ᠨᠤᠭᠤᠳ ᠤᠨ ᠤᠯᠠᠩᠬᠢ ᠨᠢ ᠰᠢᠨ᠎ᠡ ᠪᠠᠷ ᠵᠤᠬᠢᠶᠠᠭᠳᠠᠭᠰᠠᠨ ᠤᠷᠤᠰᠬᠠᠯ ᠲᠠᠭᠤᠤ ᠪᠤᠶᠤ ᠡᠯᠧᠺᠲᠷᠤᠨ

ᠲᠤᠭᠯᠠᠭᠠᠮ ᠤᠨ ᠲᠤᠮᠳᠠᠬᠢ ᠲᠠᠭᠤᠤ ᠬᠦᠭᠵᠢᠮ ᠤᠳ ᠪᠠᠶᠢᠳᠠᠭ᠃ ᠡᠶᠢᠮᠦᠷᠬᠦᠤ ᠪᠠᠶᠢᠳᠠᠯ ᠳᠤ ᠪᠢᠳᠡ ᠡᠷᠬᠡᠪᠰᠢ

ᠠᠷᠠᠳ ᠤᠨ ᠲᠠᠭᠤᠤ ᠶᠢᠨ ᠠᠭᠤᠤ ᠶᠡᠭᠡ ᠭᠦᠨ ᠨᠠᠷᠢᠨ ᠲᠠᠯ᠎ᠠ ᠶᠢ ᠰᠠᠶᠢᠳᠤᠷ ᠦᠢᠯᠠᠭᠠᠵᠦ᠂ ᠠᠷᠠᠳ ᠤᠨ ᠲᠠᠭᠤᠤ ᠶᠢᠨ

ᠰᠢᠯᠢᠳᠡᠭ ᠲᠠᠯ᠎ᠠ ᠶᠢ ᠤᠯᠠᠮᠵᠢᠯᠠᠨ ᠬᠠᠮᠠᠭᠠᠯᠠᠵᠦ᠂ ᠵᠠᠯᠭᠠᠮᠵᠢᠯᠠᠨ ᠪᠠᠳᠠᠷᠠᠭᠤᠯᠬᠤ ᠴᠢᠬᠤᠯᠠᠲᠠᠢ ᠪᠠᠶᠢᠨ᠎ᠠ᠃

      ᠹ᠊ · ᠮᠡᠷᠭᠡᠵᠢᠬᠦ ᠪᠠᠭᠰᠢ ︽ᠮᠤᠩᠭᠤᠯ ᠲᠠᠭᠤᠤ ᠬᠦᠭᠵᠢᠮ ᠤᠨ ᠰᠤᠳᠤᠯᠤᠯ ᠤᠨ ᠲᠡᠭᠦᠪᠦᠷᠢ︾ ᠭᠡᠬᠦ

ᠨᠤᠮ ᠳᠤ ᠪᠠᠨ᠄ ︽ᠠᠷᠠᠳ ᠤᠨ ᠲᠠᠭᠤᠤ ᠨᠢ ᠬᠤᠶᠢᠴᠢ ᠦᠶ᠎ᠡ ᠶᠢᠨ ᠬᠢᠨ ᠢ ᠬᠦᠮᠦᠵᠢᠭᠦᠯᠬᠦ ᠲᠠᠯ᠎ᠠ ᠪᠠᠷ

ᠬᠦᠩᠭᠡᠪᠴᠢᠯᠡᠵᠦ ᠪᠤᠯᠤᠰᠢ ᠦᠭᠡᠢ ᠴᠢᠬᠤᠯᠠ ᠡᠭᠦᠷᠭᠡ ᠶᠢ ᠭᠦᠢᠴᠡᠳᠭᠡᠳᠡᠭ᠃ ᠲᠡᠬᠦᠨ ᠳᠤ ᠦᠬᠦᠮᠡᠯ ᠬᠦᠰᠢᠬᠦᠨ

ᠨᠤᠮᠯᠠᠯ᠂ ᠬᠠᠲᠠᠭᠤ ᠰᠢᠷᠦᠭᠦᠨ ᠵᠢᠮᠡᠯᠡᠯ ᠭᠡᠵᠦ ᠬᠠᠷᠠᠭᠳᠠᠬᠤ ᠦᠬᠡᠢ᠂ ᠬᠠᠷᠢᠨ ᠦᠯᠦ ᠦᠵᠡᠭᠳᠡᠬᠦ ᠲᠠᠶᠢᠮᠦ ᠨᠢᠭᠡ

ᠵᠦᠢᠯ ᠤᠨ ᠬᠦᠴᠦᠨ ᠴᠢᠳᠠᠯ ᠢᠶᠠᠷ ᠬᠦᠮᠦᠰ ᠤᠨ ᠦᠵᠡᠯ ᠤᠬᠠᠮᠰᠠᠷ ᠢ ᠠᠷᠭᠠᠮᠵᠢᠯᠠᠨ᠎ᠠ᠂ ᠦᠢᠯᠡ ᠠᠵᠢᠯᠯᠠᠭᠠᠨ ᠢ

ᠬᠦᠳᠦᠯᠦᠨ ᠵᠢᠯᠤᠭᠤᠳᠤᠨ᠎ᠠ᠃ ᠦᠭᠡ ᠶᠢ ᠦᠨᠠᠨ ᠢᠶᠠᠷ ᠬᠡᠯᠡᠪᠡᠰᠦ᠂ ᠦᠨᠦᠳᠦᠷ ᠤᠨ ᠵᠤᠩᠭᠢᠯᠠᠬᠤ ᠨᠢᠭᠡ ᠪᠦᠯᠦᠭ

ᠵᠠᠯᠠᠭᠤ ᠲᠡᠭᠦᠤᠨᠡᠷ ᠠᠷᠠᠳ ᠤᠨ ᠲᠠᠭᠤᠤ ᠶᠢ ᠮᠡᠳᠡᠬᠦ ᠦᠭᠡᠢ ᠪᠤᠶᠤ ᠰᠤᠨᠤᠰᠴᠦ ᠰᠤᠨᠢᠷᠬᠠᠬᠤ ᠲᠤᠷ᠎ᠠ ᠦᠬᠡᠢ ᠦᠵᠡᠭᠳᠡᠯ

ᠬᠠᠷᠠᠭᠳᠠᠨ᠎ᠠ︾ ᠭᠡᠵᠡᠢ᠃ ᠮᠡᠷᠭᠡᠵᠢᠬᠦ ᠪᠠᠭᠰᠢ ᠶᠢᠨ ᠶᠠᠷᠢᠶ᠎ᠠ ᠳᠤ ᠪᠢ ᠵᠤᠷᠢᠬᠵᠢᠵᠤ᠂ ᠤᠯᠠᠮᠵᠢᠯᠠᠯᠳᠤ ᠠᠷᠠᠳ ᠤᠨ

ᠲᠠᠭᠤᠤ ᠶᠢ ᠡᠵᠡᠮᠰᠢᠵᠦ ᠤᠶᠢᠯᠠᠭᠠᠬᠤ ᠨᠢ ᠶᠡᠭᠡ ᠴᠢᠬᠤᠯᠠ ᠪᠠᠶᠢᠵᠦ᠂ ᠠᠷᠠᠳ ᠤᠨ ᠲᠠᠭᠤᠤ ᠶᠢᠨ ᠵᠢᠭᠠᠨ

ᠰᠤᠷᠭᠠᠯᠳᠠ ᠨᠢ ᠬᠤᠶᠢᠴᠢ ᠦᠶ᠎ᠡ ᠪᠠᠨ ᠬᠦᠮᠦᠵᠢᠭᠦᠯᠦᠨ ᠰᠤᠷᠭᠠᠬᠤ ᠦᠢᠯᠡᠳᠦᠯ ᠲᠠᠢ ᠭᠡᠰᠡᠨ ᠢ          

ᠦᠢᠯᠠᠭᠠᠯ᠎ᠠ᠃ ᠡᠶᠢᠮᠦ ᠠᠴᠠ ᠨᠢᠭᠡ ᠦᠨᠳᠦᠰᠦᠨ ᠱᠠᠳᠤᠨ ᠤ ᠲᠠᠭᠤᠤ ᠬᠦᠭᠵᠢᠮ ᠤᠨ ᠪᠠᠭᠰᠢ ᠪᠤᠯᠤᠭᠰᠠᠨ ᠤ

ᠬᠤᠪᠢ ᠳᠤ ᠤᠯᠠᠮᠵᠢᠯᠠᠯᠳᠦ ᠰᠤᠶᠤᠯ ᠢ ᠬᠤᠶᠢᠴᠢ ᠦᠶ᠎ᠡ ᠶᠢᠨ ᠬᠢᠨ ᠳᠤ ᠪᠠᠨ ᠡᠵᠡᠮᠰᠢᠬᠦᠯᠵᠦ᠂ ᠮᠤᠩᠭᠤᠯ ᠠᠷᠠᠳ ᠤᠨ

ᠲᠠᠭᠤᠤ ᠶᠢ ᠰᠤᠷᠤᠭᠴᠢᠳ ᠲᠤ ᠪᠠᠨ ᠵᠢᠭᠠᠨ ᠰᠤᠷᠭᠠᠬᠤ ᠨᠢ ᠲᠤᠩ ᠤᠳᠬ᠎ᠠ ᠠᠭᠤᠯᠭ᠎ᠠ ᠲᠠᠢ ᠶᠠᠪᠤᠳᠠᠯ ᠪᠤᠯᠬᠤ          

ᠶᠤᠮ᠃ ᠲᠤᠰ ᠦᠭᠦᠯᠡᠯ ᠳᠤ ᠪᠠᠭ᠎ᠠ ᠰᠤᠷᠭᠠᠭᠤᠯᠢ ᠶᠢᠨ ᠲᠠᠭᠤᠤ ᠬᠦᠭᠵᠢᠮ ᠤᠨ ᠬᠢᠴᠢᠶᠡᠯ ᠳᠠᠬᠢ ᠮᠤᠩᠭᠤᠯ

ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠶᠢᠨ ᠲᠤᠬᠠᠢ ᠪᠤᠳᠤᠯ ᠰᠠᠨᠠᠯ ᠢᠶᠠᠨ ᠤᠯᠠᠨ ᠲᠠᠢ ᠬᠤᠪᠢᠶᠠᠯᠴᠠᠶ᠎ᠠ ᠭᠡᠰᠡᠨ

ᠶᠤᠮ᠃

      ᠨᠢᠭᠡ᠂ ᠠᠷᠠᠳ ᠤᠨ ᠲᠠᠭᠤᠤ ᠶᠢᠨ ᠤᠷᠴᠢᠨ ᠠᠬᠤᠢ ᠳᠤ ᠨᠢ ᠠᠭᠤᠰᠬᠠᠬᠤ ᠵᠢᠭᠠᠨ ᠰᠤᠷᠭᠠᠯᠳᠠ

      ᠠᠷᠠᠳ ᠤᠨ ᠲᠠᠭᠤᠤ ᠨᠢ ᠠᠯᠢ ᠡᠷᠲᠡ ᠪᠠᠯᠠᠷ ᠡᠷᠲᠡᠨ ᠤ ᠦᠶ᠎ᠡ ᠳᠤ ᠠᠩ ᠠᠩᠨᠠᠯ᠂ ᠬᠦᠳᠡᠯᠮᠦᠷᠢ

ᠦᠢᠯᠡᠳᠪᠦᠷᠢᠯᠡᠯ᠂ ᠲᠠᠬᠢᠯᠭ᠎ᠠ ᠶᠤᠰᠤᠯᠠᠯ ᠵᠡᠷᠭᠡ ᠠᠵᠢᠯᠯᠠᠭᠠᠨ ᠲᠠᠢ ᠬᠠᠮᠳᠦ ᠪᠠᠷ ᠡᠭᠦᠰᠴᠦ᠂ ᠬᠦᠮᠦᠨ ᠲᠦᠷᠦᠯᠬᠢᠳᠡᠨ ᠤ

ᠠᠮᠢᠳᠤᠷᠠᠯ ᠦᠢᠯᠡᠳᠦᠯᠭᠡ ᠲᠠᠢ ᠮᠠᠰᠢ ᠨᠢᠭᠲᠠ ᠤᠶᠠᠯᠳᠤᠭᠰᠠᠨ ᠪᠠᠶᠢᠳᠠᠭ᠃ ᠠᠷᠠᠳ ᠤᠨ ᠲᠠᠭᠤᠤ ᠪᠤᠯ ᠠᠷᠠᠳ

ᠲᠦᠮᠡᠨ ᠤ ᠠᠮᠢᠳᠤᠷᠠᠯ ᠳᠤᠮᠳᠠ ᠠᠴᠠ ᠢᠷᠡᠯ ᠲᠠᠢ ᠪᠠᠶᠢᠵᠦ᠂ ᠠᠷᠠᠳ ᠲᠦᠮᠡᠨ ᠤ ᠠᠮᠢᠳᠤᠷᠠᠯ ᠤᠨ ᠲᠤᠷᠰᠢᠯᠭ᠎ᠠ ᠶᠢᠨ

ᠬᠤᠷᠠᠮᠳᠤᠯ ᠪᠤᠯᠬᠤᠷ ᠲᠤᠩ ᠴᠢᠩᠭ᠎ᠠ ᠠᠮᠢᠳᠤᠷᠠᠯ ᠤᠨ ᠤᠨᠴᠠᠯᠢᠭᠲᠤ ᠴᠢᠨᠠᠷ ᠲᠠᠢ ᠪᠠᠶᠢᠳᠠᠭ᠃ ᠪᠢᠳᠡ ᠲᠠᠭᠤᠤ

ᠬᠦᠭᠵᠢᠮ ᠤᠨ ᠬᠢᠴᠢᠶᠡᠯᠯᠡᠭᠡ ᠳᠤ ᠪᠠᠨ ᠠᠷᠠᠳ ᠤᠨ ᠲᠠᠭᠤᠤ ᠶᠢᠨ ᠡᠨᠡ ᠭᠦ ᠤᠨᠴᠠᠯᠢᠭ ᠢ ᠠᠰᠢᠭᠯᠠᠨ᠂

ᠰᠤᠷᠤᠭᠴᠢᠳ ᠲᠤ ᠲᠠᠭᠤᠤ ᠳᠠᠬᠢ ᠲᠦᠷᠢ ᠶᠢ ᠲᠠᠨᠢᠭᠤᠯᠤᠨ᠂ ᠠᠬᠤᠢ ᠪᠠᠶᠢᠳᠠᠯ ᠢ ᠮᠡᠳᠡᠭᠦᠯᠦᠨ᠂ ᠠᠷᠠᠳ ᠤᠨ

ᠲᠠᠭᠤᠤ ᠳᠤ ᠢᠯᠡᠷᠡᠭᠰᠡᠨ ᠲᠤᠬᠠᠢ ᠶᠢᠨ ᠪᠠᠶᠢᠳᠠᠯ ᠢ ᠲᠠᠬᠢᠨ ᠢᠯᠡᠷᠡᠬᠦᠯᠬᠦ ᠶᠢ ᠵᠤᠷᠢᠨ᠎ᠠ᠃ ᠠᠷᠠᠳ ᠤᠨ ᠲᠠᠭᠤᠤ ᠶᠢᠨ

ᠵᠢᠭᠠᠨ ᠰᠤᠷᠭᠠᠯᠳᠠ ᠨᠢ ᠪᠤᠰᠤᠳ ᠲᠦᠷᠦᠯ ᠤᠨ ᠲᠠᠭᠤᠤ ᠬᠦᠭᠵᠢᠮ ᠤᠨ ᠵᠢᠭᠠᠨ ᠰᠤᠷᠭᠠᠯᠳᠠ ᠲᠠᠢ ᠪᠠᠭ᠋ᠠᠨ

ᠢᠯᠭᠠᠭ᠎ᠠ ᠲᠠᠢ ᠪᠠᠶᠢᠵᠦ᠂ ᠰᠤᠷᠤᠭᠴᠢᠳ ᠠᠮᠢᠳᠤᠷᠠᠯ ᠤᠨ ᠠᠭᠤᠷ ᠠᠮᠢᠰᠬᠤᠯ᠂ ᠤᠷᠴᠢᠨ ᠠᠬᠤᠢ ᠶᠢ ᠬᠦᠨᠵᠡᠭᠡᠢ

ᠮᠡᠳᠡᠷᠡᠪᠡᠯ ᠠᠷᠠᠳ ᠤᠨ ᠲᠠᠭᠤᠤ ᠶᠢᠨ ᠭᠤᠸ᠎ᠠ ᠰᠠᠶᠢᠬᠠᠨ ᠢ ᠤᠶᠢᠯᠠᠭᠠᠬᠤ ᠳᠤ ᠨᠠᠩ ᠰᠠᠶᠢᠨ ᠪᠤᠯᠤᠨ᠎ᠠ᠃ ᠪᠠᠭᠰᠢ ᠠᠴᠠ

ᠵᠢᠭᠠᠨ ᠰᠤᠷᠭᠠᠯᠳᠠ ᠳᠤ ᠪᠠᠨ ᠠᠷᠠᠳ ᠤᠨ ᠲᠠᠭᠤᠤ ᠶᠢᠨ ᠠᠭᠤᠷ ᠠᠮᠢᠰᠬᠤᠯ ᠢ ᠪᠤᠢ ᠪᠤᠯᠭᠠᠵᠦ᠂ ᠰᠤᠷᠤᠭᠴᠢᠳ

ᠲᠡᠬᠦᠨ ᠤ ᠲᠤᠮᠳᠠ ᠠᠴᠠ ᠨᠦᠯᠦᠭᠡ ᠬᠦᠷᠳᠡᠵᠦ᠂ ᠠᠷᠠᠳ ᠤᠨ ᠲᠠᠭᠤᠤ ᠶᠢᠨ ᠲᠠᠲᠠᠬᠤ ᠬᠦᠴᠦᠨ ᠢ ᠮᠡᠳᠡᠷᠡᠵᠦ ᠡᠬᠦᠨ ᠤ

ᠤᠯᠠᠮ ᠠᠴᠠ ᠪᠠᠭ᠋ᠠᠷᠬᠠᠨ᠎ᠠ᠃ ᠠᠳᠠᠯᠢ ᠪᠤᠰᠤ ᠲᠦᠷᠦᠯ ᠤᠨ ᠲᠠᠭᠤᠤ ᠶᠢᠨ ᠠᠬᠤᠢ ᠪᠠᠶᠢᠳᠠᠯ ᠢ ᠦᠨᠳᠦᠰᠦᠯᠡᠨ ᠠᠳᠠᠯᠢ

ᠪᠤᠰᠤ ᠪᠠᠶᠢᠳᠠᠯ ᠢ ᠲᠤᠬᠢᠷᠠᠭᠤᠯᠤᠨ᠂ ᠵᠢᠭᠠᠨ ᠰᠤᠷᠭᠠᠯᠳᠠ ᠶᠢᠨ ᠦᠷ᠎ᠡ ᠪᠦᠳᠦᠮᠵᠢ ᠶᠢ ᠤᠯᠠᠨ ᠲᠠᠯ᠎ᠠ ᠪᠠᠷ

ᠲᠡᠭᠡᠭᠰᠢᠯᠡᠭᠦᠯᠦᠨ᠎ᠡ᠃ ᠰᠤᠷᠤᠭᠴᠢᠳ ᠲᠤ ᠨᠡᠩ ᠰᠠᠶᠢᠨ ᠨᠦᠯᠦᠭᠡ ᠦᠭᠭᠦ ᠶᠢᠨ ᠲᠦᠯᠦᠭᠡ ᠪᠠᠰᠠ ᠠᠷᠠᠳ ᠤᠨ

ᠲᠠᠭᠤᠤ ᠶᠢᠨ ᠤᠷᠠᠯᠢᠬᠴᠢᠳ ᠢ ᠲᠤᠰᠬᠠᠢ ᠤᠷᠢᠵᠦ᠂ ᠰᠤᠷᠤᠭᠴᠢᠳ ᠤᠨ ᠠᠷᠠᠳ ᠤᠨ ᠲᠠᠭᠤᠤ ᠶᠢᠨ ᠲᠤᠬᠠᠢ

ᠲᠦᠷᠦᠭᠳᠡᠯ ᠢ ᠬᠦᠨᠵᠡᠭᠡᠶᠢᠷᠡᠬᠦᠯᠵᠦ ᠪᠤᠯᠤᠨ᠎ᠠ᠃

      ᠤᠯᠠᠮᠵᠢᠯᠠᠯᠳᠦ ᠮᠤᠩᠭᠤᠯ ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠳᠤ ᠣᠷᠣᠨ ᠨᠤᠲᠤᠭ ᠤᠨ ᠰᠤᠶᠤᠯ

ᠠᠮᠢᠳᠤᠷᠠᠯ ᠤᠨ ᠠᠭᠤᠯᠭ᠎ᠠ ᠶᠢ ᠤᠷᠤᠭᠤᠯᠵᠦ᠂ ᠰᠤᠷᠤᠭᠴᠢ ᠶᠢᠨ ᠰᠤᠷᠤᠯᠴᠠᠬᠤ ᠰᠤᠨᠢᠷᠬᠠᠯ ᠢ ᠲᠠᠳᠠᠵᠦ᠂

ᠰᠤᠷᠤᠭᠴᠢᠳ ᠤᠨ ᠠᠮᠢᠳᠤᠯᠢᠭ ᠢᠶᠠᠷ᠂ ᠭᠦᠨᠵᠡᠭᠡᠢ ᠪᠠᠷ ᠠᠷᠠᠳ ᠤᠨ ᠲᠠᠭᠤᠤ ᠰᠤᠷᠤᠯᠴᠠᠬᠤ ᠳᠤ ᠬᠠᠪᠰᠤᠷᠤᠮᠵᠢ

ᠪᠤᠯᠭᠠᠨ᠎ᠠ᠃ ᠬᠤᠷᠴᠢᠨ ᠠᠷᠠᠳ ᠤᠨ ᠲᠠᠭᠤᠤ ︽ᠴᠤᠬᠤᠷ︾ ᠢ ᠬᠦᠮᠦᠰ ᠠᠨᠳᠠᠢ ᠪᠦᠵᠢᠭᠯᠡᠬᠦ ᠳᠤ          

ᠳᠠᠭᠤᠯᠠᠳᠠᠭ᠃ ᠲᠤᠰ ᠲᠠᠭᠤᠤ ᠶᠢ ᠵᠢᠭᠠᠬᠤ ᠳᠤ ᠪᠠᠨ ᠤᠷᠢᠳ ᠢᠶᠠᠷ ᠠᠨᠳᠠᠢ ᠪᠥᠵᠢᠭ ᠤᠨ ᠲᠤᠮᠤᠭ ᠦᠯᠢᠭᠡᠷ ᠢ ᠵᠢᠷᠤᠭ

ᠬᠠᠪᠰᠤᠷᠭᠠᠨ ᠰᠤᠷᠤᠭᠴᠢ ᠳᠤ ᠪᠠᠨ ᠶᠠᠷᠢᠵᠦ ᠦᠭᠭᠦᠨ ᠰᠤᠷᠤᠭᠴᠢ ᠶᠢ ᠲᠤᠰ ᠲᠠᠭᠤᠤ ᠶᠢᠨ ᠤᠷᠴᠢᠨ ᠠᠬᠤᠢ ᠳᠤ

ᠲᠠᠳᠠᠨ ᠤᠷᠤᠭᠤᠯᠬᠤ ᠭᠡᠭᠦ ᠮᠠᠳᠤ᠃

      ᠬᠤᠶᠠᠷ᠂ ᠠᠷᠠᠳ ᠤᠨ ᠲᠠᠭᠤᠤ ᠳᠤ ᠠᠶᠢᠵᠠᠮᠳᠦ ᠬᠦᠳᠡᠯᠦᠯ ᠬᠠᠪᠰᠤᠷᠭᠠᠬᠤ ᠵᠢᠭᠠᠨ ᠰᠤᠷᠭᠠᠯᠳᠠ

      ᠠᠶᠢᠵᠠᠮᠳᠦ ᠬᠦᠳᠡᠯᠦᠯ ᠤᠨ ᠵᠢᠭᠠᠨ ᠰᠤᠷᠭᠠᠯᠳᠠ ᠶᠢᠨ ᠠᠷᠭ᠎ᠠ ᠪᠤᠯ ᠦᠷᠭᠡᠨ ᠤᠯᠠᠨ ᠲᠠᠭᠤᠤ ᠬᠦᠭᠵᠢᠮ ᠤᠨ

ᠪᠠᠭᠰᠢ ᠨᠠᠷ ᠤᠨ ᠵᠢᠭᠠᠨ ᠰᠤᠷᠭᠠᠯᠳᠠ ᠲᠤᠮᠳᠠ ᠨᠡᠶᠢᠳᠠᠮ ᠬᠡᠷᠡᠭᠯᠡᠭᠳᠡᠳᠡᠭ ᠠᠷᠭ᠎ᠠ ᠶᠢᠨ ᠨᠢᠭᠡ ᠪᠠᠶᠢᠵᠦ᠂ ᠲᠡᠷᠡ ᠨᠢ

ᠬᠦᠳᠡᠯᠭᠡᠭᠡᠨ ᠤ ᠲᠤᠭᠯᠠᠯᠳᠠ ᠶᠢᠨ ᠨᠢᠭᠡ ᠲᠦᠷᠦᠯ ᠪᠤᠯᠤᠨ᠎ᠠ᠃ ᠲᠠᠭᠤᠤ ᠬᠦᠭᠵᠢᠮ ᠤᠨ ᠭᠤᠸ᠎ᠠ ᠰᠠᠶᠢᠬᠠᠨ ᠢ

ᠤᠶᠢᠯᠠᠭᠠᠬᠤ ᠪᠠ ᠢᠯᠡᠳᠭᠡᠬᠦ ᠳᠤ ᠬᠠᠮᠤᠭ ᠤᠨ ᠡᠷᠳᠡᠨ ᠤ ᠪᠠᠶᠢᠭᠠᠯᠢᠯᠢᠬ ᠠᠷᠭ᠎ᠠ ᠬᠡᠯᠪᠡᠷᠢ ᠪᠤᠯ ᠲᠠᠷᠦᠢ ᠬᠦᠳᠡᠯᠦᠯ

ᠪᠠᠷᠢᠯ ᠪᠠᠶᠢᠵᠦ᠂ ᠬᠦᠳᠡᠯᠦᠯ ᠢᠶᠠᠷ ᠰᠡᠳᠬᠢᠯ ᠢᠶᠠᠨ ᠢᠯᠡᠳᠭᠡᠳᠡᠭ᠃ ᠬᠦᠳᠡᠯᠦᠯ ᠪᠠᠷᠢᠯ ᠨᠢ ᠨᠢᠭᠤᠷ ᠲᠠᠯ᠎ᠠ ᠠᠴᠠ

ᠦᠵᠡᠪᠡᠯ ᠮᠦᠴᠢ ᠶᠢᠨ ᠬᠡᠷᠡᠭᠯᠡᠯᠳᠡ᠂ ᠭᠡᠪᠡᠴᠦ ᠮᠦᠨ ᠴᠢᠨᠠᠷ ᠲᠡᠭᠡᠷ᠎ᠡ ᠪᠠᠨ ᠲᠠᠭᠤᠤ ᠬᠦᠭᠵᠢᠮ ᠤᠨ

ᠰᠤᠷᠤᠯᠴᠠᠯᠭ᠎ᠠ ᠳᠠᠬᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ ᠶᠤᠮ᠃ ᠠᠶᠢᠵᠠᠮᠳᠦ ᠬᠦᠳᠡᠯᠦᠯ ᠤᠨ ᠵᠢᠭᠠᠨ

ᠰᠤᠷᠭᠠᠯᠳᠠ ᠨᠢ ᠠᠶᠢᠵᠠᠮ ᠴᠤᠬᠢᠯᠭ᠎ᠠ ᠲᠠᠢ ᠪᠡᠶ᠎ᠡ ᠶᠢᠨ ᠬᠦᠳᠡᠯᠦᠯ ᠢᠶᠠᠷ ᠲᠠᠮᠵᠢᠨ ᠰᠤᠷᠤᠭᠴᠢᠳ ᠲᠤ ᠲᠠᠭᠤᠤ

ᠬᠦᠭᠵᠢᠮ ᠢ ᠤᠶᠢᠯᠠᠭᠠᠭᠤᠯᠵᠦ᠂ ᠲᠡᠭᠦᠨ ᠤ ᠰᠤᠷᠤᠯᠴᠠᠬᠤ ᠬᠠᠨᠳᠤᠰᠢ ᠨᠢ ᠲᠠᠭᠤᠤ ᠬᠦᠭᠵᠢᠮ ᠤᠨ ᠡᠯᠧᠮᠧᠨ᠋ᠲ ᠤᠨ

ᠮᠡᠳᠡᠷᠡᠮᠵᠢ ᠪᠠ ᠢᠯᠡᠷᠡᠯ ᠪᠠᠶᠢᠵᠦ᠂ ᠲᠠᠭᠤᠤ ᠬᠦᠭᠵᠢᠮ ᠤᠨ ᠮᠡᠳᠡᠷᠡᠮᠵᠢ ᠶᠢ ᠢᠯᠡᠳᠭᠡᠵᠦ ᠢᠯᠡᠷᠡᠭᠦᠯᠬᠦ ᠶᠠᠪᠤᠳᠠᠯ

ᠪᠤᠯᠤᠨ᠎ᠠ᠃

      ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠳᠤ ᠨᠠᠶᠢᠳᠠᠮ ᠲᠠᠭᠤᠯᠠᠭᠠᠳ ᠪᠠᠶᠢᠪᠠᠯ ᠰᠤᠷᠤᠭᠴᠢ ᠶᠢᠨ ᠨᠠᠰᠤ

ᠵᠢᠯ ᠤᠨ ᠤᠨᠴᠠᠯᠢᠭ ᠲᠤ ᠨᠠᠶᠢᠴᠡᠬᠦ ᠦᠭᠡᠢ ᠪᠠᠶᠢᠵᠦ ᠦᠷ᠎ᠡ ᠠᠰᠢᠭ ᠠᠨᠠᠶᠢᠬᠠᠨ ᠪᠠᠶᠢᠳᠠᠭ᠃ ᠰᠤᠷᠤᠭᠴᠢ ᠶᠢᠨ

ᠬᠦᠭᠡᠷᠦᠭᠦᠨ ᠬᠦᠳᠡᠯᠦᠮᠡᠳᠡᠬᠡᠢ ᠴᠢᠨᠠᠷ ᠢ ᠦᠨᠳᠦᠰᠦᠯᠡᠵᠦ᠂ ᠪᠢᠳᠡ ᠲᠠᠭᠤᠯᠠᠬᠤ ᠶᠢᠨ ᠰᠠᠭᠤᠷᠢᠨ ᠲᠡᠭᠡᠷ᠎ᠡ ᠪᠠᠰᠠ

ᠰᠤᠷᠤᠭᠴᠢ ᠶᠢ ᠲᠠᠭᠠᠭᠤᠯᠤᠨ ᠠᠷᠠᠳ ᠤᠨ ᠲᠠᠭᠤᠤ ᠳᠤ ᠨᠠᠶᠢᠴᠡᠭᠰᠡᠨ ᠲᠦᠭᠦᠮᠬᠡᠨ ᠪᠦᠵᠢᠭ ᠪᠤᠶᠤ ᠠᠶᠢᠵᠠᠮᠳᠦ

ᠬᠦᠳᠡᠯᠦᠯ ᠢ ᠬᠠᠪᠰᠤᠷᠭᠠᠵᠦ ᠪᠤᠯᠤᠨ᠎ᠠ᠃ ᠪᠠᠭ᠎ᠠ ᠰᠤᠷᠭᠠᠭᠤᠯᠢ ᠶᠢᠨ ᠲᠠᠭᠤᠤ ᠬᠦᠭᠵᠢᠮ ᠤᠨ ᠰᠤᠷᠭᠠᠨ ᠬᠦᠮᠦᠵᠢᠯ ᠳᠤ

ᠪᠦᠵᠢᠭ ᠪᠠ ᠠᠶᠢᠵᠠᠮᠳᠦ ᠬᠦᠳᠡᠯᠦᠯ ᠪᠤᠯ ᠴᠢᠬᠤᠯᠠ ᠦᠢᠯᠡᠳᠦᠯ ᠲᠠᠢ ᠪᠠᠶᠢᠵᠦ᠂ ᠡᠭᠦᠨ ᠢᠶᠠᠷ ᠲᠠᠮᠵᠢᠨ ᠰᠤᠷᠤᠭᠴᠢᠳ

ᠲᠠᠭᠤᠤ ᠬᠦᠭᠵᠢᠮ ᠤᠨ ᠬᠡᠮᠨᠡᠯ ᠢ ᠢᠯᠡᠷᠡᠭᠦᠯᠦᠨ᠂ ᠲᠠᠭᠤᠤ ᠬᠦᠭᠵᠢᠮ ᠤᠨ ᠡᠯᠧᠮᠧᠨ᠋ᠲ ᠢ ᠠᠮᠢᠳᠤᠯᠢᠭ ᠪᠡᠶ᠎ᠡ ᠶᠢᠨ

ᠬᠦᠳᠡᠯᠦᠯ ᠪᠤᠯᠭᠠᠨ ᠬᠤᠪᠢᠷᠠᠭᠠᠵᠤ᠂ ᠲᠠᠭᠤᠤ ᠬᠦᠭᠵᠢᠮ ᠤᠨ ᠬᠠᠶᠢᠷ᠎ᠠ ᠰᠡᠳᠬᠢᠯᠭᠡ ᠶᠢ ᠬᠦᠢᠴᠡᠳ ᠮᠡᠳᠡᠷᠡᠵᠦ

ᠲᠡᠶᠢᠯᠦᠨ᠎ᠡ᠃ ᠪᠠᠭᠰᠢ ᠠᠴᠠ ᠠᠷᠠᠳ ᠤᠨ ᠲᠠᠭᠤᠤ ᠳᠤ ᠲᠤᠬᠢᠷᠠᠭᠰᠠᠨ ᠲᠦᠭᠦᠮ ᠬᠢᠯᠪᠠᠷ ᠪᠦᠵᠢᠭ ᠤᠨ ᠬᠦᠳᠡᠯᠦᠯ ᠢ

ᠵᠤᠬᠢᠶᠠᠨ ᠨᠠᠶᠢᠷᠠᠭᠤᠯᠵᠦ᠂ ᠰᠤᠷᠤᠭᠴᠢᠳ ᠤᠨ ᠲᠠᠭᠤᠤ ᠬᠦᠭᠵᠢᠮ ᠤᠨ ᠠᠶᠢᠵᠠᠮ ᠴᠤᠬᠢᠯᠭ᠎ᠠ ᠳᠠᠬᠢ ᠲᠦᠷᠦᠭᠳᠡᠯ ᠢ

ᠴᠢᠩᠭᠠᠳᠬᠠᠵᠦ᠂ ᠠᠷᠠᠳ ᠤᠨ ᠲᠠᠭᠤᠤ ᠶᠢᠨ ᠬᠡᠪ ᠨᠠᠮᠪᠠ ᠶᠢ ᠤᠨᠤᠪᠴᠢᠳᠠᠢ ᠡᠵᠡᠮᠰᠢᠬᠦ ᠳᠤ ᠬᠠᠪᠰᠤᠷᠤᠮᠵᠢ ᠪᠤᠯᠭᠠᠵᠦ᠂

ᠰᠤᠷᠤᠭᠴᠢ ᠶᠢᠨ ᠰᠤᠷᠤᠯᠴᠠᠬᠤ ᠲᠤᠷ᠎ᠠ ᠪᠠᠬ᠎ᠠ ᠶᠢ ᠬᠦᠭᠵᠢᠬᠡᠵᠦ᠂ ᠠᠷᠠᠳ ᠤᠨ ᠲᠠᠭᠤᠤ ᠰᠤᠷᠤᠯᠴᠠᠬᠤ ᠰᠤᠨᠢᠷᠬᠠᠯᠳᠦ

ᠴᠢᠨᠠᠷ ᠪᠠ ᠪᠡᠶ᠎ᠡ ᠪᠠᠨ ᠲᠠᠭᠠᠭᠠᠬᠤ ᠴᠢᠨᠠᠷ ᠢ ᠬᠦᠮᠦᠵᠢᠭᠦᠯᠦᠨ᠎ᠡ᠃ ᠮᠤᠩᠭᠤᠯ ᠠᠷᠠᠳ ᠤᠨ ᠰᠤᠶᠤᠯ ᠤᠷᠠᠯᠢᠭ ᠲᠤ

ᠶᠤᠤᠬᠤᠷ᠂ ᠠᠨᠳᠠᠢ ᠮᠡᠳᠦ ᠶᠢᠨ ᠲᠠᠭᠤᠯᠠᠵᠦ ᠪᠦᠵᠢᠭᠯᠡᠬᠦ ᠶᠢ ᠬᠠᠪᠰᠤᠷᠭᠠᠭᠰᠠᠨ ᠤᠷᠠᠯᠢᠭ ᠤᠯᠠᠨ ᠪᠠᠶᠢᠳᠠᠭ᠃ ᠡᠳᠡᠭᠡᠷ

ᠶᠡᠷᠤᠩᠬᠡᠶᠢᠯᠡᠭᠰᠡᠨ ᠤᠷᠠᠯᠢᠭ ᠨᠢ ᠴᠢᠯᠤᠭᠡᠳᠡᠢ᠂ ᠠᠮᠢᠳᠤᠯᠢᠭ᠂ ᠴᠤᠪᠤᠭᠤᠯᠢᠭ ᠪᠠᠶᠢᠵᠦ᠂ ᠪᠠᠭᠰᠢ ᠠᠴᠠ ᠡᠳᠡᠭᠡᠷ

ᠶᠡᠷᠤᠩᠬᠡᠶᠢᠯᠡᠭᠰᠡᠨ ᠤᠷᠠᠯᠢᠭ ᠤᠨ ᠤᠨᠴᠠᠯᠢᠭ ᠢ ᠠᠰᠢᠭᠯᠠᠨ᠂ ᠲᠠᠭᠤᠤ ᠶᠢᠨ ᠬᠡᠮᠨᠡᠯ ᠠᠶᠢᠵᠠᠮ ᠢ ᠨᠢ ᠦᠨᠳᠦᠰᠦᠯᠡᠵᠦ᠂

ᠪᠡᠶ᠎ᠡ ᠴᠤᠭᠴᠠ ᠶᠢᠨ ᠲᠦᠭᠦᠮ ᠬᠦᠳᠡᠯᠦᠯ ᠵᠤᠬᠢᠶᠠᠨ ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠳᠤ ᠪᠠᠨ

ᠠᠰᠢᠭᠯᠠᠵᠤ ᠪᠤᠯᠤᠨ᠎ᠠ᠃ ᠪᠠᠭᠰᠢ ᠠᠴᠠ ᠪᠤᠳᠠᠰ ᠤᠨ ᠪᠤᠰᠤ ᠰᠤᠶᠤᠯ ᠤᠨ ᠦᠪ ᠪᠤᠯᠬᠤ ᠠᠨᠳᠠᠢ ᠪᠦᠵᠢᠭ ᠳᠠᠬᠢ

ᠲᠠᠯᠠᠪᠠᠢ ᠳᠤ ᠤᠷᠤᠬᠤ᠂ ᠠᠯᠴᠢᠭᠤᠷ ᠰᠠᠵᠢᠯᠠᠬᠤ᠂ ᠮᠦᠷ ᠰᠤᠯᠢᠬᠤ ᠵᠡᠷᠭᠡ ᠦᠨᠳᠦᠰᠦᠨ ᠬᠦᠳᠡᠯᠭᠡᠭᠡᠨ ᠢ ᠵᠢᠭᠠᠨ

ᠰᠤᠷᠭᠠᠵᠦ᠂ ᠰᠤᠷᠤᠭᠴᠢ ᠶᠢ ᠲᠠᠭᠠᠭᠤᠯᠤᠨ ᠲᠠᠭᠤᠯᠠᠬᠤ ᠶᠢᠨ ᠲᠠᠭᠠᠦ ᠪᠦᠵᠢᠭᠯᠡᠵᠦ᠂ ᠰᠤᠷᠤᠭᠴᠢ ᠶᠢᠨ ᠠᠷᠠᠳ ᠤᠨ

ᠲᠠᠭᠤᠤ ᠰᠤᠷᠬᠤ ᠤᠷᠮ᠎ᠠ ᠪᠠᠬ᠎ᠠ ᠶᠢ ᠬᠦᠭᠵᠢᠭᠡᠬᠦ ᠶᠢᠨ ᠬᠠᠮᠳᠦ ᠲᠠᠭᠤᠤ ᠪᠠᠨ ᠡᠵᠡᠮᠰᠢᠬᠦ ᠳᠤ ᠬᠠᠪᠰᠤᠷᠤᠮᠵᠢ ᠪᠤᠯᠭᠠᠵᠤ

ᠪᠤᠯᠤᠨ᠎ᠠ᠃

      ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠲᠤᠮᠳᠠ ᠬᠦᠳᠡᠯᠦᠯ ᠲᠤᠬᠢᠷᠠᠭᠤᠯᠬᠤ ᠳᠤ ᠪᠠᠨ ᠠᠯᠢ

ᠴᠢᠳᠠᠬᠤ ᠪᠠᠷ ᠲᠦᠭᠦᠮ ᠰᠢᠭ ᠬᠦᠳᠡᠯᠦᠯ ᠢ ᠰᠤᠩᠭᠤᠵᠤ᠂ ᠬᠦᠴᠢᠷ ᠬᠦᠳᠡᠯᠦᠯ ᠢ ᠰᠤᠷᠤᠭᠴᠢ ᠪᠡᠶᠡᠯᠡᠬᠦᠯᠵᠤ ᠲᠠᠶᠢᠯᠬᠦ

ᠦᠬᠡᠢ ᠠᠴᠠ ᠪᠤᠯᠵᠦ ᠰᠤᠷᠤᠯᠴᠠᠬᠤ ᠤᠷᠮ᠎ᠠ ᠪᠠᠬ᠎ᠠ ᠶᠢ ᠨᠢ ᠨᠦᠯᠦᠬᠡᠯᠡᠬᠦ ᠠᠴᠠ ᠬᠢᠴᠢᠶᠡᠨ᠎ᠡ᠃ ᠡᠭᠦᠨ ᠳᠤ ᠪᠠᠰᠠ

ᠰᠤᠷᠤᠭᠴᠢ ᠪᠦᠬᠦᠨ ᠬᠦᠭ ᠠᠶᠢᠵᠠᠮ ᠳᠤ ᠬᠦᠳᠡᠯᠬᠦ ᠤᠶᠢᠯᠠᠭᠠᠭᠳᠠᠬᠤᠨ ᠢ ᠪᠠᠷᠢᠮᠳᠠᠯᠠᠶ᠎ᠠ᠃ ᠠᠶᠢᠵᠠᠮᠳᠦ ᠬᠦᠳᠡᠯᠦᠯ ᠨᠢ

ᠪᠦᠵᠢᠭ ᠲᠠᠢ ᠠᠳᠠᠯᠢ ᠦᠬᠡᠢ᠂ ᠬᠦᠳᠡᠯᠦᠯ ᠤᠨ ᠮᠡᠷᠭᠡᠰᠢᠯ ᠤᠨ ᠴᠢᠨᠠᠷ ᠢ ᠱᠠᠭᠠᠷᠳᠠᠬᠤ ᠦᠬᠡᠢ ᠪᠠᠶᠢᠵᠦ᠂ ᠪᠠᠭᠰᠢ ᠠᠴᠠ

ᠰᠤᠷᠤᠭᠴᠢ ᠪᠦᠬᠦᠨ ᠬᠦᠳᠡᠯᠦᠯ ᠢ ᠪᠡᠶᠡᠯᠡᠬᠦᠯᠬᠦ ᠪᠦᠭᠡᠳ ᠪᠡᠶᠡᠯᠡᠭᠦᠯᠬᠦ ᠬᠦᠳᠡᠯᠦᠯ ᠨᠢ ᠲᠦᠭᠦᠮ ᠠᠪᠰᠠᠷᠬᠠᠨ᠂

ᠠᠶᠠᠨᠳᠠᠭᠠᠨ ᠪᠠᠶᠢᠬᠤ ᠶᠢ ᠠᠩᠬᠠᠷᠤᠨ᠎ᠠ᠃ ᠡᠶᠢᠮᠦ ᠠᠴᠠ ᠠᠷᠠᠳ ᠤᠨ ᠲᠠᠭᠤᠤ ᠶᠢ ᠵᠢᠭᠠᠬᠤ ᠶᠠᠪᠤᠴᠠ ᠳᠤ ᠠᠶᠢᠵᠠᠮᠳᠤ

ᠬᠦᠳᠡᠯᠦᠯ ᠢᠶᠠᠨ ᠡᠮᠬᠢᠯᠡᠨ ᠲᠢᠭᠯᠡᠬᠦ ᠳᠤ ᠠᠷᠠᠳ ᠤᠨ ᠲᠠᠭᠤᠤ ᠶᠢᠨ ᠤᠭ ᠴᠤᠭᠴᠠ ᠶᠢᠨ ᠡᠯᠧᠮᠧᠨ᠋ᠲ ᠢ ᠠᠯᠢ

ᠴᠢᠳᠠᠬᠤ ᠪᠠᠷ ᠤᠨᠤᠪᠴᠢᠳᠠᠢ ᠢᠯᠡᠳᠭᠡᠨ᠂ ᠡᠭᠦᠨ ᠤ ᠰᠠᠭᠤᠷᠢᠨ ᠲᠡᠭᠡᠷ᠎ᠡ ᠲᠠᠬᠢᠨ ᠬᠦᠳᠡᠯᠦᠯ ᠤᠨ ᠭᠤᠸ᠎ᠠ ᠰᠠᠶᠢᠬᠠᠨ ᠢ

ᠬᠦᠭᠡᠬᠡᠴᠡᠯᠳᠤᠨ᠎ᠡ᠃

      ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠲᠤᠮᠳᠠ ᠬᠦᠳᠡᠯᠦᠯ ᠲᠤᠭᠯᠠᠬᠤ ᠳᠤ ᠪᠠᠨ ᠲᠤᠳᠤᠭᠠᠳᠤ

ᠰᠡᠳᠬᠢᠯ ᠠᠴᠠ ᠪᠠᠨ ᠡᠭᠦᠰᠬᠦ ᠶᠢ ᠬᠦᠨᠳᠦᠳᠭᠡᠨ᠎ᠡ᠃ ᠠᠶᠢᠵᠠᠮᠳᠦ ᠬᠦᠳᠡᠯᠦᠯ ᠤᠨ ᠶᠠᠪᠤᠴᠠ ᠳᠤ ᠰᠤᠷᠤᠭᠴᠢ ᠶᠢᠨ

ᠤᠷᠮ᠎ᠠ ᠰᠡᠳᠬᠢᠯᠭᠡ ᠪᠤᠯ ᠲᠤᠩ ᠴᠢᠬᠤᠯᠠ ᠨᠢᠭᠡᠨ ᠡᠯᠧᠮᠧᠨ᠋ᠲ ᠪᠤᠯᠤᠨ᠎ᠠ᠃ ᠨᠢᠭᠡ ᠤᠳᠠᠭ᠎ᠠ ᠪᠢ ᠲᠦᠷᠪᠡᠳᠦᠭᠡᠷ

ᠤᠨ ᠤ ᠰᠤᠷᠤᠭᠴᠢᠳ ᠲᠤ ᠠᠨᠳᠠᠢ ᠶᠢᠨ ᠠᠭᠤᠯᠭ᠎ᠠ ᠶᠢ ᠤᠷᠤᠵᠦ᠂ ᠠᠨᠳᠠᠢ ᠶᠢᠨ ᠲᠠᠭᠤᠤ ᠶᠢ ᠲᠠᠭᠤᠯᠠᠬᠤ ᠶᠢᠨ ᠬᠠᠮᠳᠤ

ᠲᠦᠭᠦᠮᠭᠡᠨ ᠠᠨᠳᠠᠢ ᠪᠦᠵᠢᠭ ᠤᠨ ᠬᠦᠳᠡᠯᠦᠯ ᠲᠤᠬᠢᠷᠠᠭᠤᠯᠤᠭᠰᠠᠨ ᠪᠠᠶᠢᠨ᠎ᠠ᠃ ᠢᠷᠠᠭᠤ ᠰᠠᠶᠢᠬᠠᠨ ᠠᠨᠳᠠᠢ ᠶᠢᠨ

ᠲᠠᠭᠤᠤ ᠳᠤ ᠰᠤᠷᠤᠭᠴᠢᠳ ᠬᠤᠶᠠᠷ ᠬᠦᠮᠦᠨ ᠨᠢᠭᠡ ᠲᠤᠭᠤᠶᠢᠯᠠᠩ ᠪᠤᠯᠵᠤ ᠠᠯᠴᠢᠭᠤᠷ ᠰᠠᠵᠢᠯᠠᠵᠤ ᠡᠷᠬᠢᠯᠳᠤᠨ

ᠤᠷᠤᠨ ᠢᠶᠠᠨ ᠰᠤᠯᠢᠬᠤ ᠬᠦᠳᠡᠯᠦᠯ ᠢ ᠪᠡᠶᠡᠯᠡᠭᠦᠯᠦᠭᠰᠡᠨ ᠪᠠᠶᠢᠨ᠎ᠠ᠃ ᠰᠤᠷᠤᠭᠴᠢᠳ ᠤᠨ ᠬᠦᠳᠡᠯᠭᠡᠭᠡᠨ ᠨᠡᠯᠢᠶᠡᠳ ᠲᠡᠷᠢ

ᠲᠡᠭᠰᠢ ᠪᠤᠯᠪᠠᠴᠤ ᠬᠤᠭᠤᠷᠤᠨᠳᠤ ᠪᠠᠨ ᠰᠤᠯᠢᠯᠴᠠᠭ᠎ᠠ ᠦᠭᠡᠢ ᠲᠤᠯᠠ ᠵᠠᠷᠢᠮ ᠨᠢ ᠲᠤᠷᠤᠭᠰᠢ ᠪᠠᠨ ᠬᠠᠷᠠᠵᠦ

ᠬᠤᠭᠤᠷᠤᠨᠳᠤ ᠪᠠᠨ ᠨᠢᠳᠤᠨ ᠬᠠᠷᠠᠴᠠᠨ ᠤ ᠰᠤᠯᠢᠯᠴᠠᠭ᠎ᠠ ᠲᠤᠳᠠᠮᠠᠭ᠂ ᠴᠢᠷᠠᠢ ᠶᠢᠨ ᠢᠯᠡᠷᠡᠯ ᠨᠢ ᠪᠠᠶᠠᠯᠢᠭ ᠰᠠᠶᠢᠬᠠᠨ

ᠪᠢᠰᠢ ᠬᠠᠷᠠᠭᠳᠠᠯ᠎ᠠ᠃ ᠪᠢ ᠰᠤᠷᠤᠭᠴᠢ ᠶᠢᠨ ᠡᠶᠢᠮᠦᠷᠬᠦᠤ ᠰᠡᠳᠭᠢᠯᠭᠡ ᠦᠬᠡᠢ ᠲᠤᠭᠯᠠᠵᠤ ᠪᠠᠶᠢᠬᠤ ᠶᠢ ᠰᠡᠷᠡᠨ ᠮᠡᠳᠡᠵᠦ

ᠰᠤᠷᠤᠭᠴᠢᠳ ᠲᠤ ᠪᠠᠨ ᠲᠠᠭᠤᠤ ᠬᠦᠭᠵᠢᠮ ᠢ ᠪᠡᠶᠡᠴᠢᠯᠠᠨ ᠤᠶᠢᠯᠠᠭᠠᠬᠤ ᠳᠤ ᠤᠷᠮ᠎ᠠ ᠰᠡᠳᠬᠢᠯᠭᠡ ᠲᠠᠢ ᠪᠠᠶᠢᠬᠤ ᠶᠢ

ᠱᠠᠭᠠᠷᠳᠠᠵᠦ᠂ ᠰᠡᠳᠬᠢᠯᠭᠡ ᠨᠢ ᠰᠡᠳᠬᠢᠯ ᠤᠨ ᠤᠭ ᠠᠴᠠ ᠪᠠᠨ ᠤᠨᠳᠤᠷᠴᠦ ᠲᠠᠭᠤᠤ ᠬᠦᠭᠵᠢᠮ ᠢ ᠲᠠᠭᠠᠰᠢᠶᠠᠨ᠎ᠠ᠂

ᠦᠬᠡᠢ ᠪᠤᠯ ᠪᠢᠳᠡᠨ ᠤ ᠡᠨᠡ ᠬᠦ ᠲᠤᠭᠯᠠᠯᠳᠠ ᠨᠢ ᠶᠡᠬᠡᠩᠬᠢ ᠦᠨ᠎ᠡ ᠦᠷᠳᠡᠭ ᠢᠶᠠᠨ ᠠᠯᠳᠠᠬᠤ ᠶᠢ ᠰᠠᠨᠠᠭᠤᠯᠤᠭᠰᠠᠨ

ᠪᠠᠶᠢᠨ᠎ᠠ᠃ ᠡᠭᠦᠨ ᠤ ᠬᠠᠮᠳᠤ ᠰᠤᠷᠤᠭᠴᠢᠳ ᠲᠤ ᠪᠠᠨ ᠠᠨᠳᠠᠢ ᠶᠢᠨ ᠲᠤᠬᠠᠢ ᠦᠯᠢᠭᠡᠷ ᠶᠠᠷᠢᠬᠤ᠂ ᠲᠦᠷᠰᠦ

ᠰᠢᠩᠭᠡᠭᠡᠯᠳᠡ ᠰᠤᠨᠢᠷᠬᠠᠭᠤᠯᠬᠤ ᠵᠡᠷᠭᠡ ᠶᠢ ᠤᠶᠠᠯᠳᠤᠭᠤᠯᠵᠤ ᠵᠢᠭᠠᠨ ᠰᠤᠷᠭᠠᠭᠰᠠᠨ ᠪᠠᠶᠢᠨ᠎ᠠ᠃ ᠡᠭᠦᠨ ᠳᠤ

ᠰᠤᠷᠤᠭᠴᠢᠳ ᠪᠠᠰᠠ ᠲᠠᠭᠤᠤ ᠬᠦᠭᠵᠢᠮ ᠢ ᠬᠢᠨᠠᠮᠠᠭᠠᠢ ᠰᠤᠨᠤᠰᠴᠦ᠂ ᠦᠪᠡᠷᠰᠠᠳ ᠤᠨ ᠲᠤᠳᠤᠭᠠᠳᠤ ᠰᠡᠳᠬᠢᠯ ᠤᠨ

ᠰᠤᠨᠤᠷ ᠤᠨ ᠰᠡᠷᠡᠯ ᠢ ᠪᠤᠢ ᠪᠤᠯᠭᠠᠵᠤ᠂ ᠪᠠᠶ᠎ᠡ ᠪᠠᠨ ᠲᠠᠭᠠᠭᠠᠵᠤ ᠰᠡᠷᠡᠨ ᠤᠶᠢᠯᠠᠭᠠᠬᠤ ᠠᠷᠭ᠎ᠠ ᠶᠢ ᠬᠡᠷᠡᠭᠯᠡᠵᠦ          

ᠪᠤᠯᠤᠨ᠎ᠠ᠃ ᠡᠨᠡ ᠦᠶ᠎ᠡ ᠳᠤ ᠲᠡᠳᠡᠨ ᠤ ᠠᠩᠬᠠᠷᠤᠯ ᠨᠢ ᠶᠡᠭᠡ ᠲᠦᠪᠯᠡᠷᠡᠵᠦ᠂ ᠤᠷᠮ᠎ᠠ ᠰᠡᠳᠬᠢᠯᠭᠡ ᠨᠢ ᠠᠶᠠᠨᠳᠠᠭᠠᠨ

ᠢᠯᠡᠷᠡᠬᠦ ᠪᠤᠯᠤᠨ᠎ᠠ᠃

      ᠭᠤᠷᠪᠠ᠂ ᠠᠷᠠᠳ ᠤᠨ ᠲᠠᠭᠤᠤ ᠶᠢ ᠲᠠᠬᠢᠨ ᠬᠤᠪᠢᠷᠠᠭᠠᠨ ᠰᠢᠨ᠎ᠡ ᠮᠠᠶ᠋ᠢᠭ ᠤᠨ ᠲᠠᠭᠤᠤ ᠬᠦᠭᠵᠢᠮ ᠤᠨ

ᠨᠠᠶᠢᠷᠠᠯᠭ᠎ᠠ ᠪᠠᠷ ᠲᠠᠭᠤᠯᠠᠬᠤ ᠵᠢᠭᠠᠨ ᠰᠤᠷᠭᠠᠯᠳᠠ

      ᠲᠠᠭᠤᠤ ᠬᠦᠭᠵᠢᠮ ᠤᠨ ᠰᠤᠷᠭᠠᠨ ᠬᠦᠮᠦᠵᠢᠯ ᠤᠨ ᠠᠵᠢᠯᠯᠠᠭᠴᠢ ᠪᠤᠯᠤᠭᠰᠠᠨ ᠤ ᠬᠤᠪᠢ  ᠳᠤ᠂ ᠪᠢᠳᠡ

ᠤᠯᠠᠮᠵᠢᠯᠠᠯᠳᠤ ᠤᠷᠠᠯᠢᠭ ᠤᠨ ᠤᠯᠠᠮᠵᠢᠯᠠᠯ ᠢ ᠬᠦᠨᠳᠦᠳᠬᠡᠵᠤ᠂ ᠰᠤᠷᠤᠭᠴᠢ  ᠶᠢ ᠪᠠᠶᠠᠰᠤᠩᠭᠤᠢ ᠰᠤᠷᠬᠤ ᠤᠷᠴᠢᠨ ᠳᠤ

ᠠᠷᠠᠳ ᠤᠨ ᠲᠠᠭᠤᠤ ᠰᠤᠷᠭᠠᠬᠤ ᠶᠢ ᠠᠩᠬᠠᠷᠤᠨ᠎ᠠ᠃ ᠪᠠᠭᠰᠢ ᠠᠴᠠ ᠰᠤᠷᠤᠭᠴᠢᠳ ᠤᠨ ᠠᠷᠠᠳ ᠤᠨ ᠲᠠᠭᠤᠤ

ᠰᠤᠨᠢᠷᠬᠠᠬᠤ᠂ ᠠᠷᠠᠳ ᠤᠨ ᠲᠠᠭᠤᠤ ᠲᠠᠭᠤᠯᠠᠬᠤ ᠶᠢ ᠰᠤᠷᠤᠭᠴᠢ ᠶᠢᠨ ᠬᠦᠯᠢᠶᠡᠬᠦ ᠰᠤᠨᠢᠷᠬᠠᠯᠳᠤ ᠲᠠᠯ᠎ᠠ ᠠᠴᠠ ᠤᠴᠢᠵᠦ

ᠵᠢᠯᠤᠭᠤᠳᠤᠨ᠂ ᠠᠷᠠᠳ ᠤᠨ ᠲᠠᠭᠤᠤ ᠶᠢᠨ ᠭᠤᠸ᠎ᠠ ᠰᠠᠶᠢᠬᠠᠨ ᠢ ᠭᠦᠢᠴᠡᠳ ᠪᠠᠳᠠᠷᠠᠭᠤᠯᠤᠨ᠎ᠠ᠃ ᠤᠳᠤᠬᠢ ᠨᠠᠶᠢᠭᠡᠮ ᠤᠨ

ᠰᠤᠶᠤᠯ ᠤᠨ ᠬᠡᠯᠪᠡᠷᠢ ᠶᠢᠨ ᠤᠯᠠᠨ ᠡᠰᠢᠳᠦ ᠬᠦᠭᠵᠢᠯᠳᠡ ᠶᠢᠨ ᠪᠠᠶᠢᠳᠠᠯ ᠠᠴᠠ ᠦᠵᠡᠪᠡᠯ᠂ ᠬᠦᠮᠦᠰ ᠤᠨ ᠰᠤᠶᠤᠯ ᠤᠨ

ᠬᠡᠷᠡᠭᠴᠡᠭᠡ ᠪᠠᠰᠠ ᠬᠤᠪᠢᠷᠠᠯᠳᠠ ᠭᠠᠷᠴᠤ ᠪᠠᠶᠢᠨ᠎ᠠ᠃ ᠲᠠᠭᠤᠤ ᠬᠦᠭᠵᠢᠮ ᠤᠨ ᠬᠢᠴᠢᠶᠡᠯᠯᠡᠭᠡ ᠳᠠᠬᠢ ᠤᠯᠠᠮᠵᠢᠯᠠᠯᠳᠤ

ᠠᠷᠠᠳ ᠤᠨ ᠲᠠᠭᠤᠤ  ᠶᠢᠨ ᠵᠢᠭᠠᠨ ᠰᠤᠷᠭᠠᠯᠳᠠ ᠶᠢᠨ ᠶᠠᠪᠤᠴᠠ ᠳᠤ ᠰᠢᠨ᠎ᠡ ᠲᠠᠭᠤᠤ ᠬᠦᠭᠵᠢᠮ ᠤᠨ ᠨᠠᠶᠢᠷᠠᠯᠭ᠎ᠠ ᠲᠠᠢ

ᠠᠷᠠᠳ ᠤᠨ ᠲᠠᠭᠤᠤ ᠶᠢ ᠠᠰᠢᠭᠯᠠᠵᠤ ᠪᠤᠯᠤᠨ᠎ᠠ᠃ ᠤᠷᠴᠢᠮ ᠤᠨ ᠵᠢᠯ ᠳᠤ ᠮᠠᠨ ᠤ ᠤᠷᠤᠨ ᠳᠤ ᠤᠯᠠᠨ ᠤᠷᠠᠯᠢᠬᠴᠢᠨ

ᠮᠤᠩᠭᠤᠯ ᠠᠷᠠᠳ ᠤᠨ ᠲᠠᠭᠤᠤ ᠪᠠᠷ ᠡᠬᠢ ᠮᠠᠲ᠋ᠧᠷᠢᠶᠠᠯ ᠪᠤᠯᠭᠠᠵᠤ ᠵᠤᠬᠢᠬᠤ ᠴᠠᠭ ᠦᠶ᠎ᠡ ᠶᠢᠨ ᠤᠨᠴᠠᠯᠢᠭᠳᠤ ᠰᠢᠨ᠎ᠡ

ᠴᠠᠭ ᠡᠷᠢᠨ ᠤ ᠠᠷᠠᠳ ᠤᠨ ᠲᠠᠭᠤᠤ ᠶᠢ ᠵᠤᠬᠢᠶᠠᠨ ᠪᠦᠳᠦᠭᠡᠵᠤ᠂ ᠰᠢᠨ᠎ᠡ ᠪᠠᠷ ᠤᠷᠠᠯᠢᠭ ᠤᠨ ᠲᠠᠶᠢᠰᠠᠨ ᠳᠤ ᠲᠤᠭᠯᠠᠵᠤ

ᠪᠠᠶᠢᠬᠤ ᠶᠤᠮ᠃ ᠲᠡᠳᠡ ᠢᠵᠠᠭᠤᠷ ᠤᠷᠠᠯᠢᠭ ᠪᠤᠯᠤᠨ ᠡᠯ᠎ᠡ ᠵᠦᠢᠯ ᠤᠨ ᠤᠷᠠᠯᠢᠭ ᠤᠨ ᠬᠡᠯᠪᠡᠷᠢ ᠶᠢ ᠵᠤᠷᠢᠭᠳᠠᠢ

ᠤᠶᠠᠯᠳᠤᠭᠤᠯᠤᠨ᠂ ᠤᠯᠠᠮᠵᠢᠯᠠᠯᠳᠤ ᠠᠷᠠᠳ ᠤᠨ ᠲᠠᠭᠤᠤ ᠶᠢᠨ ᠬᠠᠭᠤᠴᠢᠨ ᠬᠡᠪ ᠨᠠᠮᠪᠠ ᠶᠢ ᠬᠠᠳᠠᠭᠠᠯᠠᠭᠰᠠᠨ ᠰᠠᠭᠤᠷᠢᠨ

ᠲᠡᠭᠡᠷ᠎ᠡ ᠤᠳᠤ ᠶᠢᠨ ᠰᠤᠨᠢᠷᠬᠠᠯᠳᠠᠢ ᠤᠷᠠᠯᠢᠭ ᠤᠨ ᠬᠡᠪ ᠨᠠᠮᠪᠠ ᠶᠢ ᠤᠶᠠᠯᠳᠤᠭᠤᠯᠤᠨ ᠲᠤᠭᠯᠠᠵᠤ ᠪᠠᠶᠢᠨ᠎ᠠ᠃ ᠠᠨᠳᠠ

ᠬᠠᠮᠳᠤᠯᠢᠭ ᠤᠨ ︽ᠵᠠᠩᠭᠠᠷ ᠤᠨ ᠮᠠᠭᠳᠠᠭᠠᠯ︾ ᠭᠡᠬᠦ ᠪᠦᠳᠦᠭᠡᠯ ᠢᠶᠠᠷ ᠠᠪᠴᠤ ᠬᠡᠯᠡᠪᠡᠯ᠂ ᠤᠤᠯ ᠤᠨ ᠲᠠᠩ ᠭᠠᠭᠴᠠ

ᠲᠤᠪᠰᠢᠭᠤᠷ ᠢᠶᠠᠷ ᠬᠦᠭᠵᠢᠮᠳᠡᠵᠦ ᠲᠠᠭᠤᠯᠠᠬᠤ ᠬᠡᠯᠪᠡᠷᠢ ᠶᠢ ᠬᠤᠪᠢᠷᠠᠭᠤᠯᠵᠤ᠂ ᠤᠯᠠᠨ ᠮᠦᠷᠳᠦ ᠲᠠᠭᠤᠤ ᠬᠦᠭᠵᠢᠮ  ᠤᠨ

ᠲᠠᠭᠤᠯᠠᠬᠤ ᠬᠡᠯᠪᠡᠷᠢ ᠶᠢ ᠠᠰᠢᠭᠯᠠᠨ᠂ ᠤᠯᠠᠨ ᠬᠦᠮᠦᠨ ᠤ ᠬᠦᠭᠡᠮᠡᠢ ᠶᠢᠨ ᠬᠠᠪᠰᠤᠷᠤᠯ  ᠢ ᠤᠷᠤᠭᠤᠯᠤᠨ᠂ ᠲᠠᠭᠤᠨ

ᠮᠦᠷ ᠤᠨ ᠬᠤᠭᠤᠷᠤᠨᠳᠤᠬᠢ ᠠᠪᠴᠠᠯᠳᠤᠭ᠎ᠠ ᠪᠠ ᠶᠠᠷᠢᠯᠴᠠᠭ᠎ᠠ ᠶᠢ ᠪᠤᠢ ᠪᠤᠯᠭᠠᠭᠰᠠᠨ ᠠᠴᠠ ᠲᠠᠶᠢᠰᠠᠨ ᠤ

ᠲᠤᠭᠯᠠᠯᠳᠠ ᠶᠢᠨ ᠦᠷ᠎ᠡ ᠠᠰᠢᠭ ᠨᠠᠩ ᠰᠠᠶᠢᠨ ᠪᠤᠯᠤᠭᠰᠠᠨ ᠪᠠᠶᠢᠨ᠎ᠠ᠃ ᠬᠤᠶᠠᠳᠠᠬᠢ ᠤᠳᠠᠭᠠᠨ ᠤ ᠵᠤᠬᠢᠶᠠᠨ

ᠪᠦᠳᠦᠭᠡᠯᠭᠡ ᠶᠢᠨ ᠲᠤᠭᠯᠠᠯᠳᠠ ᠪᠠᠷ ᠲᠠᠮᠵᠢᠨ᠂ ᠮᠤᠩᠭᠤᠯ ᠦᠨᠳᠦᠰᠦᠳᠡᠨ ᠤ ᠤᠯᠠᠮᠵᠢᠯᠠᠯᠳᠤ ᠲᠠᠭᠤᠤ ᠬᠦᠭᠵᠢᠮ ᠤᠨ

ᠬᠡᠪ ᠨᠠᠮᠪᠠ ᠶᠢ ᠤᠳᠤ ᠦᠶ᠎ᠠ ᠶᠢᠨ ᠭᠡᠪ ᠨᠠᠮᠪᠠ ᠲᠠᠢ ᠤᠶᠠᠯᠳᠤᠭᠤᠯᠤᠨ᠂ ᠤᠯᠠᠮᠵᠢᠯᠠᠯᠳᠤ ᠲᠠᠭᠤᠤ ᠬᠦᠭᠵᠢᠮ ᠤᠨ

ᠤᠷᠠᠯᠢᠭ ᠤᠨ ᠭᠤᠸ᠎ᠠ ᠰᠠᠶᠢᠬᠠᠨ ᠢ ᠰᠤᠨᠤᠰᠤᠭᠴᠢᠳ ᠲᠤ ᠤᠯᠠᠮ ᠰᠠᠶᠢᠨ ᠤᠶᠢᠯᠠᠭᠠᠭᠤᠯᠬᠤ ᠪᠤᠯᠤᠭᠰᠠᠨ          

ᠪᠠᠶᠢᠨ᠎ᠠ᠃ ᠶᠠᠭ ᠡᠳᠡᠭᠡᠷ ᠤᠨᠴᠠᠯᠢᠭ ᠨᠢ ᠬᠡᠤᠬᠡᠳ ᠪᠠᠭᠠᠴᠤᠳ ᠤᠨ ᠰᠤᠨᠢᠷᠬᠠᠯ ᠢ ᠲᠠᠲᠠᠵᠤ ᠲᠠᠶᠢᠯᠬᠦ          

ᠪᠤᠯᠤᠨ᠎ᠠ᠃ ᠡᠶᠢᠮᠦᠷᠭᠦᠦ ᠴᠠᠭ ᠦᠶᠡᠳᠦ ᠴᠢᠨᠠᠷ ᠲᠠᠢ ᠰᠢᠨ᠎ᠡ  ᠪᠠᠷ ᠵᠤᠬᠢᠶᠠᠭᠳᠠᠵᠤ ᠪᠠᠶᠢᠭ᠎ᠠ ᠲᠠᠭᠤᠤ ᠶᠢ ᠬᠢᠴᠢᠶᠡᠯ ᠤᠨ

ᠲᠠᠩᠬᠢᠮ ᠳᠤ ᠠᠭᠤᠰᠬᠠᠨ ᠤᠷᠤᠭᠤᠯᠪᠠᠯ ᠰᠤᠷᠤᠭᠴᠢ ᠲᠠᠭᠤᠯᠠᠬᠤ ᠲᠤᠷᠠᠳᠠᠢ᠂ ᠪᠠᠭᠰᠢ ᠵᠢᠭᠠᠬᠤ ᠲᠤᠷᠠᠲᠠᠢ ᠪᠠᠶᠢᠳᠠᠬ᠃

      ᠲᠦᠷᠪᠡ᠂ ᠠᠷᠠᠳ ᠤᠨ ᠲᠠᠭᠤᠤ ᠶᠢ ᠤᠯᠠᠨ ᠵᠠᠭᠤᠴᠢᠳᠦ ᠮᠠᠰᠢᠨ ᠢᠶᠠᠷ ᠵᠤᠬᠢᠰᠳᠠᠢ ᠬᠠᠪᠰᠤᠷᠭᠠᠨ ᠰᠤᠷᠬᠤ

ᠵᠢᠭᠠᠨ ᠰᠤᠷᠭᠠᠯᠳᠠ

      ᠰᠤᠷᠭᠠᠭᠤᠯᠢ ᠠᠴᠠ ᠮᠡᠳᠡᠭᠡ ᠵᠠᠩᠬᠢᠴᠢᠯᠠᠯᠳᠠ ᠶᠢᠨ ᠤᠷᠠᠯᠢᠭ ᠤᠨ ᠬᠢᠴᠢᠶᠡᠯ ᠤᠨ ᠡᠬᠢ ᠪᠠᠶᠠᠯᠢᠭ ᠢ ᠨᠡᠭᠡᠭᠡᠨ

ᠬᠦᠭᠵᠢᠭᠦᠯᠵᠦ᠂ ᠠᠭᠤᠯᠭ᠎ᠠ ᠪᠤᠯᠤᠨ ᠠᠷᠭ᠎ᠠ ᠶᠢᠨ ᠲᠠᠯ᠎ᠠ ᠪᠠᠷ ᠤᠷᠠᠯᠢᠭ ᠤᠨ ᠬᠢᠴᠢᠶᠡᠯ ᠤᠨ ᠤᠷᠤᠨ ᠵᠠᠢ ᠶᠢ

ᠦᠷᠭᠡᠳᠭᠡᠵᠦ᠂ ᠤᠷᠠᠯᠢᠭ ᠤᠨ ᠵᠢᠭᠠᠨ ᠰᠤᠷᠭᠠᠯᠳᠠ ᠶᠢ ᠨᠠᠩ ᠰᠢᠭᠤᠳ ᠴᠢᠨᠠᠷ᠂ ᠦᠢᠯᠡᠳᠦᠯᠴᠡᠬᠦ ᠴᠢᠨᠠᠷ ᠪᠤᠯᠤᠨ ᠴᠠᠭ

ᠦᠶᠡᠳᠦ ᠴᠢᠨᠠᠷ ᠲᠠᠢ ᠪᠤᠯᠭᠠᠵᠤ᠂ ᠰᠤᠷᠤᠭᠴᠢᠳ ᠤᠨ ᠰᠤᠷᠤᠯᠴᠠᠬᠤ ᠠᠷᠭ᠎ᠠ ᠮᠠᠶ᠋ᠢᠭ ᠤᠨ ᠬᠤᠪᠢᠷᠠᠭᠤᠯᠤᠯᠳᠠ ᠶᠢ

ᠠᠭᠢᠭᠤᠯᠬᠤ ᠬᠡᠷᠡᠭᠳᠡᠢ ᠭᠡᠵᠡᠢ᠃ ᠢᠯᠠᠩᠭᠤᠶ᠎ᠠ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠤᠷᠠᠯᠢᠭ ᠤᠨ

ᠬᠢᠴᠢᠶᠡᠯ ᠢ ᠡᠮᠬᠢᠯᠡᠨ ᠨᠡᠶᠢᠯᠡᠬᠦᠯᠵᠦ᠂ ᠲᠤᠭᠠᠴᠢᠯᠠᠭᠰᠠᠨ᠂ ᠮᠡᠳᠡᠭᠡ ᠵᠠᠩᠬᠢᠴᠢᠯᠠᠭᠰᠠᠨ ᠤᠷᠠᠯᠢᠭ ᠤᠨ ᠬᠢᠴᠢᠶᠡᠯ ᠤᠨ ᠡᠬᠢ

ᠪᠠᠶᠠᠯᠢᠭ ᠤᠨ ᠲᠡᠪᠴᠡᠩ ᠢ ᠢᠳᠡᠪᠬᠢᠳᠡᠢ ᠪᠠᠶᠢᠭᠤᠯᠵᠤ᠂ ᠨᠧᠲ ᠰᠦᠯᠵᠢᠶ᠎ᠡ ᠶᠢᠨ ᠮᠡᠳᠡᠭᠡ ᠵᠠᠩᠭᠢ ᠶᠢᠨ ᠬᠡᠮᠵᠢᠶ᠎ᠡ ᠶᠡᠭᠡ᠂

ᠦᠵᠡᠵᠦ ᠰᠤᠨᠤᠰᠬᠤ ᠶᠢ ᠤᠶᠠᠯᠳᠤᠭᠤᠯᠤᠭᠰᠠᠨ᠂ ᠬᠠᠷᠢᠯᠴᠠᠨ ᠦᠢᠯᠡᠳᠦᠯᠴᠡᠵᠦ ᠬᠠᠮᠳᠤᠪᠡᠷ ᠡᠳ᠋ᠯᠡᠬᠦ ᠵᠡᠷᠭᠡ

ᠲᠠᠪᠠᠭᠤᠯᠢᠭ ᠲᠠᠯ᠎ᠠ ᠶᠢ ᠬᠦᠢᠴᠡᠳ ᠠᠰᠢᠭᠯᠠᠨ᠂ ᠵᠢᠭᠠᠨ ᠰᠤᠷᠭᠠᠯᠳᠠ ᠶᠢᠨ ᠰᠢᠨ᠎ᠡ ᠡᠬᠢ ᠪᠠᠶᠠᠯᠢᠭ ᠢ ᠨᠡᠭᠡᠭᠡᠨ

ᠬᠦᠭᠵᠢᠬᠦᠯᠵᠦ᠂ ᠵᠢᠭᠠᠨ ᠰᠤᠷᠭᠠᠯᠳᠠ ᠶᠢᠨ ᠠᠷᠭ᠎ᠠ ᠮᠠᠶ᠋ᠢᠭ ᠤᠨ ᠬᠤᠪᠢᠷᠠᠯᠳᠠ ᠪᠠ ᠰᠢᠨ᠎ᠡ ᠶᠢ ᠡᠭᠦᠳᠦᠨ ᠪᠦᠳᠦᠭᠡᠭᠦ ᠶᠢ

ᠠᠭᠢᠭᠤᠯᠬᠤ ᠬᠡᠷᠡᠭᠳᠡᠢ᠃ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠯᠦᠭᠡᠯᠡᠭᠦᠯᠦᠭᠰᠡᠨ ᠤᠳᠤ ᠦᠶ᠎ᠡ ᠶᠢᠨ ᠰᠤᠷᠭᠠᠨ

ᠬᠦᠮᠦᠵᠢᠭᠦᠯᠬᠦ ᠮᠡᠷᠭᠡᠵᠢᠯ ᠨᠢ ᠲᠠᠭᠤᠤ ᠬᠦᠭᠵᠢᠮ ᠤᠨ ᠵᠢᠭᠠᠨ ᠰᠤᠷᠭᠠᠯᠳᠠ ᠶᠢᠨ ᠪᠠᠭᠳᠠᠭᠠᠮᠵᠢ ᠶᠢ ᠶᠡᠭᠡ ᠪᠠᠷ

ᠦᠷᠭᠡᠳᠭᠡᠵᠦ᠂ ᠵᠢᠭᠠᠬᠤ ᠠᠷᠭ᠎ᠠ ᠪᠠᠷᠢᠯ ᠪᠤᠯᠤᠨ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠪᠠᠶᠠᠯᠢᠬᠵᠢᠭᠤᠯᠵᠤ᠂

ᠲᠠᠭᠤᠤ ᠬᠦᠭᠵᠢᠮ ᠤᠨ ᠬᠦᠮᠦᠵᠢᠯ ᠳᠤ ᠦᠷᠭᠡᠨ ᠠᠭᠤᠳᠠᠮ ᠠᠰᠢᠭᠯᠠᠯᠳᠠ ᠶᠢᠨ ᠪᠤᠯᠤᠮᠵᠢ ᠲᠠᠢ ᠪᠤᠯᠤᠭᠰᠠᠨ          

ᠶᠤᠮ᠃ ᠪᠠᠭᠰᠢ ᠨᠠᠷ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠴᠢᠷᠮᠠᠶᠢᠨ ᠰᠤᠷᠤᠯᠴᠠᠵᠤ᠂ ᠲᠡᠭᠦᠨ ᠤ

ᠬᠠᠷᠠᠭ᠎ᠠ ᠰᠤᠨᠤᠷ ᠢ ᠤᠶᠠᠯᠳᠤᠭᠤᠯᠵᠤ᠂ ᠲᠠᠭᠤ ᠲᠦᠷᠰᠦ ᠶᠢ ᠨᠢᠭᠡᠲᠦᠭᠦᠯᠦᠨ᠂ ᠲᠦᠷᠰᠦᠯᠢᠭ ᠮᠦᠷᠳᠡᠭᠡᠨ ᠴᠢᠨᠠᠷ

ᠰᠠᠶᠢᠳᠠᠢ᠂ ᠮᠡᠳᠡᠭᠡ ᠵᠠᠩᠬᠢ ᠶᠢᠨ ᠬᠡᠮᠵᠢᠶ᠎ᠡ ᠶᠡᠭᠡ᠂ ᠡᠬᠢ ᠪᠠᠶᠠᠯᠢᠭ ᠦᠷᠭᠡᠨ ᠲᠡᠯᠭᠡᠷ ᠵᠡᠷᠭᠡ ᠲᠠᠪᠠᠭᠤᠯᠢᠭ ᠲᠠᠯ᠎ᠠ ᠶᠢ

ᠠᠰᠢᠭᠯᠠᠨ ᠵᠢᠭᠠᠨ ᠰᠤᠷᠭᠠᠯᠳᠠ ᠳᠤ ᠪᠠᠨ ᠦᠢᠯᠡᠴᠢᠯᠡᠬᠦᠯᠬᠦ ᠶᠤᠰᠤᠳᠠᠢ᠃

      ᠲᠠᠭᠤᠤ ᠬᠦᠭᠵᠢᠮ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠲᠤᠮᠳᠠ ᠤᠯᠠᠨ ᠵᠠᠭᠤᠴᠢᠳᠦ

ᠮᠠᠰᠢᠨ ᠢ ᠵᠤᠬᠢᠰᠳᠠᠢ ᠠᠰᠢᠭᠯᠠᠵᠤ ᠬᠡᠷᠡᠭᠯᠡᠪᠡᠯ᠂ ᠵᠢᠭᠠᠨ ᠰᠤᠷᠭᠠᠯᠲᠠ ᠶᠢᠨ ᠦᠷ᠎ᠡ ᠠᠰᠢᠭ ᠢ ᠮᠡᠳᠡᠭᠳᠡᠮ᠎ᠡ

ᠲᠡᠭᠡᠭᠰᠢᠯᠡᠬᠦᠯᠵᠦ ᠪᠤᠯᠤᠨ᠎ᠠ᠃ ᠡᠨᠡ ᠨᠢ ᠠᠷᠠᠳ ᠤᠨ ᠲᠠᠭᠤᠤ ᠶᠢᠨ ᠵᠢᠭᠠᠨ ᠰᠤᠷᠭᠠᠯᠳᠠ ᠶᠢᠨ ᠲᠤᠮᠳᠠ ᠪᠠᠰᠠ ᠢᠯᠡᠷᠢ

ᠮᠡᠳᠡᠭᠳᠡᠵᠦ ᠪᠠᠶᠢᠬᠤ ᠶᠤᠮ᠃ ᠤᠯᠠᠨ ᠵᠠᠭᠤᠴᠢᠳᠦ ᠮᠠᠰᠢᠨ ᠨᠢ ᠰᠤᠷᠤᠭᠴᠢᠳ ᠢ ᠤᠷᠠᠯᠢᠭ ᠤᠨ ᠲᠠᠯ᠎ᠠ ᠪᠠᠷ

ᠨᠦᠯᠦᠭᠡᠯᠡᠵᠦ᠂ ᠭᠤᠸ᠎ᠠ ᠰᠠᠶᠢᠬᠠᠨ ᠤ ᠰᠡᠷᠡᠭᠳᠡᠯ ᠤᠯᠭᠤᠬᠤ ᠳᠤ ᠲᠦᠭᠦᠮ ᠪᠠᠶᠢᠵᠤ᠂ ᠨᠢᠳᠤᠨ ᠬᠠᠷᠠᠭ᠎ᠠ ᠶᠢ

ᠨᠡᠭᠡᠭᠡᠭᠳᠡᠭᠦᠯᠦᠨ᠂ ᠪᠤᠳᠤᠯ ᠰᠡᠳᠬᠢᠭᠦᠢ ᠶᠢ ᠲᠡᠯᠡᠭᠦ ᠶᠤᠮ᠃ ᠪᠠᠭᠰᠢ ᠠᠴᠠ ᠤᠯᠠᠨ ᠵᠠᠭᠤᠴᠢᠳᠦ ᠮᠠᠰᠢᠨ ᠢ ᠠᠰᠢᠭᠯᠠᠨ

ᠠᠷᠠᠳ ᠤᠨ ᠲᠠᠭᠤᠤ ᠲᠠᠢ ᠬᠤᠯᠪᠤᠭᠳᠠᠭᠰᠠᠨ ᠵᠢᠷᠤᠭ ᠲᠦᠷᠰᠦ᠂ ᠲᠠᠭᠤᠨ ᠰᠢᠩᠭᠡᠭᠡᠯᠲᠠ᠂ ᠲᠦᠷᠰᠦ ᠰᠢᠩᠭᠡᠭᠡᠯᠲᠠ ᠶᠢ

ᠰᠤᠨᠢᠷᠬᠠᠭᠤᠯᠤᠨ ᠦᠵᠡᠬᠦᠯᠬᠦ ᠪᠠᠷ ᠲᠠᠮᠵᠢᠨ ᠰᠤᠷᠤᠭᠴᠢᠳ ᠤᠨ ᠬᠠᠶᠢᠷ᠎ᠠ ᠰᠡᠳᠬᠢᠯᠭᠡ ᠲᠠᠭᠤᠤ ᠬᠦᠭᠵᠢᠮ᠂

ᠲᠦᠷᠰᠦᠯᠢᠭ ᠪᠤᠳᠤᠭ ᠵᠢᠷᠤᠭ ᠵᠢᠴᠢ ᠰᠡᠳᠬᠢᠯ ᠢ ᠬᠦᠳᠡᠯᠭᠡᠮ᠎ᠡ ᠲᠠᠭᠤᠤ ᠠᠶᠠᠰ ᠲᠤ ᠨᠦᠯᠦᠭᠡᠯᠡᠭᠳᠡᠨ ᠠᠷᠠᠳ ᠤᠨ

ᠲᠠᠭᠤᠤ ᠶᠢᠨ ᠤᠷᠴᠢᠨ ᠠᠬᠤᠢ ᠶᠢᠨ ᠲᠤᠬᠠᠢ ᠲᠦᠷᠦᠭᠳᠡᠯ ᠡᠭᠦᠰᠴᠦ᠂ ᠠᠷᠠᠳ ᠤᠨ ᠲᠠᠭᠤᠤ ᠶᠢᠨ ᠠᠶᠠᠯᠭᠤ᠂

ᠠᠭᠤᠯᠭ᠎ᠠ᠂ ᠰᠡᠳᠬᠢᠯᠭᠡ ᠵᠡᠷᠭᠡ ᠶᠢ ᠡᠵᠡᠮᠰᠢᠬᠦ ᠳᠤ ᠲᠦᠭᠦᠮ ᠪᠤᠯᠴᠢᠬᠠᠨ᠎ᠠ᠃ ᠤᠳᠤ ᠦᠶ᠎ᠡ ᠶᠢᠨ ᠰᠤᠷᠭᠠᠨ

ᠬᠦᠮᠦᠵᠢᠯ ᠤᠨ ᠮᠡᠷᠭᠡᠵᠢᠯ ᠢ ᠵᠦᠢ ᠵᠤᠬᠢᠰᠳᠠᠢ ᠬᠡᠷᠡᠭᠯᠡᠵᠦ᠂ ᠲᠡᠭᠦᠨ ᠤ ᠬᠠᠷᠠᠭ᠎ᠠ ᠰᠤᠨᠤᠷ ᠢ ᠤᠶᠠᠯᠳᠤᠭᠤᠯᠵᠦ᠂ ᠲᠠᠭᠤ

ᠲᠦᠷᠰᠦ ᠶᠢ ᠨᠢᠭᠡᠳᠦᠭᠦᠯᠦᠨ᠂ ᠡᠬᠢ ᠰᠤᠷᠪᠤᠯᠵᠢ ᠡᠯᠪᠡᠭ ᠪᠠᠶᠠᠯᠢᠭ ᠵᠡᠷᠭᠡ ᠲᠠᠪᠠᠭᠤᠯᠢᠭ ᠲᠠᠯ᠎ᠠ ᠶᠢ ᠠᠷᠠᠳ ᠤᠨ

ᠲᠠᠭᠤᠤ ᠶᠢᠨ ᠵᠢᠭᠠᠨ ᠰᠤᠷᠭᠠᠯᠳᠠ ᠳᠤ ᠪᠠᠨ ᠦᠢᠯᠡᠴᠢᠭᠦᠯᠦᠨ᠂ ᠠᠷᠠᠳ ᠤᠨ ᠲᠠᠭᠤᠤ ᠶᠢ ᠲᠠᠭᠤᠯᠠᠵᠦ ᠰᠤᠷᠬᠤ ᠳᠤ

ᠲᠦᠭᠦᠮ ᠪᠤᠯᠭᠠᠨ᠎ᠠ᠃ ᠢᠩᠬᠢᠪᠡᠯ ᠲᠠᠩ ᠴᠤᠯᠭᠤᠢ ᠠᠷᠠᠳ ᠤᠨ ᠲᠠᠭᠤᠤ ᠶᠢ ᠲᠠᠭᠠᠭᠤᠯᠵᠦ ᠲᠠᠭᠤᠯᠠᠬᠤ ᠠᠴᠠ

ᠵᠠᠶᠢᠯᠠᠰᠬᠢᠨ᠂ ᠰᠤᠷᠤᠭᠴᠢ ᠶᠢᠨ ᠠᠷᠠᠳ ᠤᠨ ᠲᠠᠭᠤᠤ ᠰᠤᠷᠬᠤ ᠤᠷᠮ᠎ᠠ ᠪᠠᠬ᠎ᠠ ᠶᠢ ᠬᠦᠭᠵᠢᠬᠡᠬᠦ ᠪᠤᠯᠤᠨ᠎ᠠ᠃

      ᠲᠠᠪᠤ᠂ ᠠᠷᠠᠳ ᠤᠨ ᠲᠠᠭᠤᠤ ᠶᠢ ᠦᠢᠯᠡᠳᠦᠯᠭᠡ ᠬᠦᠳᠡᠯᠭᠡᠭᠡᠨ ᠢᠶᠠᠷ ᠲᠠᠮᠵᠢᠨ ᠰᠤᠷᠤᠯᠴᠠᠬᠤ ᠵᠢᠭᠠᠨ ᠰᠤᠷᠭᠠᠯᠳᠠ

      ᠤᠨᠤᠯ ᠪᠠ ᠦᠢᠯᠡᠳᠦᠯᠭᠡ ᠶᠢ ᠵᠡᠷᠭᠡ ᠪᠠᠷ ᠴᠢᠬᠤᠯᠠᠴᠢᠯᠠᠵᠦ᠂ ᠤᠨᠤᠯ ᠤᠨ ᠮᠡᠳᠡᠯᠭᠡ ᠶᠢᠨ ᠵᠢᠭᠠᠨ

ᠰᠤᠷᠭᠠᠯᠳᠠ ᠨᠢ ᠪᠠᠳᠦ ᠪᠠᠬᠢ ᠤᠨᠤᠯ ᠤᠨ ᠰᠠᠭᠤᠷᠢ ᠶᠢ ᠲᠠᠯᠪᠢᠵᠦ᠂ ᠦᠢᠯᠡᠳᠦᠯᠭᠡ ᠪᠤᠯ ᠠᠷᠠᠳ ᠤᠨ ᠲᠠᠭᠤᠤ ᠶᠢ

ᠰᠤᠷᠤᠯᠴᠠᠬᠤ ᠳᠤ ᠵᠢᠩᠭᠢᠨᠢ ᠦᠢᠯᠡᠳᠦᠯ ᠦᠵᠡᠭᠦᠯᠦᠨ᠎ᠡ᠃ ᠰᠤᠷᠤᠭᠴᠢᠳ ᠠᠷᠠᠳ ᠤᠨ ᠲᠠᠭᠤᠤ ᠶᠢ ᠲᠠᠭᠤᠯᠠᠬᠤ ᠳᠤ

ᠲᠠᠭᠤᠤ ᠶᠢᠨ ᠦᠭᠡ ᠶᠢᠨ ᠠᠭᠤᠯᠤᠭᠳᠠᠬᠤᠨ ᠪᠠ ᠲᠠᠭᠤᠯᠠᠬᠤ ᠦᠶᠡᠰ ᠤᠨ ᠬᠦᠭ ᠠᠶᠠᠯᠭᠤ ᠶᠢ ᠨᠢ ᠦᠢᠯᠠᠭᠠᠬᠤ ᠶᠢ

ᠵᠤᠷᠢᠬᠵᠢᠭᠤᠯᠤᠨ᠎ᠠ᠃ ᠰᠤᠷᠤᠭᠴᠢᠳ ᠲᠤ ᠲᠤᠭᠯᠠᠯᠳᠠ ᠶᠢᠨ ᠲᠡᠪᠴᠡᠩ ᠬᠠᠩᠭᠠᠵᠤ᠂ ᠬᠢᠴᠢᠶᠡᠯ ᠤᠨ ᠲᠠᠩᠬᠢᠮ᠂

ᠰᠤᠷᠭᠠᠭᠤᠯᠢ ᠠᠴᠠ ᠡᠷᠭᠢᠯᠡᠭᠰᠡᠨ ᠦᠳᠡᠰᠢᠯᠡᠭᠡ᠂ ᠲᠤᠰᠬᠠᠢ ᠬᠠᠷᠢᠭᠤ ᠮᠡᠳᠡᠭᠦᠯᠦᠯᠳᠡ ᠶᠢᠨ ᠲᠤᠭᠯᠠᠯᠳᠠ ᠨᠢ ᠪᠦᠷ

ᠰᠤᠷᠤᠭᠴᠢᠳ ᠤᠨ ᠰᠤᠷᠤᠭᠰᠠᠨ ᠵᠦᠢᠯ ᠢᠶᠠᠨ ᠲᠡᠯᠭᠡᠨ ᠦᠵᠡᠬᠦᠯᠬᠦ ᠲᠤᠬᠢᠶᠠᠯ ᠲᠡᠪᠴᠡᠩ ᠪᠤᠯᠵᠤ          

ᠪᠤᠯᠤᠨ᠎ᠠ᠃ ᠤᠷᠠᠯᠢᠭ ᠤᠨ ᠦᠢᠯᠡᠳᠦᠯᠭᠡ ᠳᠤ ᠤᠷᠤᠯᠴᠠᠬᠤ ᠪᠠᠷ ᠲᠠᠮᠵᠢᠨ ᠠᠷᠠᠳ ᠤᠨ ᠲᠠᠭᠤᠤ ᠶᠢᠨ ᠵᠢᠭᠠᠨ

ᠰᠤᠷᠭᠠᠯᠳᠠ ᠶᠢᠨ ᠦᠷ᠎ᠡ ᠠᠰᠢᠭ ᠢ ᠲᠡᠭᠡᠭᠰᠢᠯᠡᠬᠦᠯᠵᠦ ᠪᠤᠯᠤᠨ᠎ᠠ᠃ ᠬᠢᠴᠢᠶᠡᠯ ᠤᠨ ᠲᠠᠩᠬᠢᠮ ᠤᠨ ᠵᠢᠭᠠᠨ

ᠰᠤᠷᠭᠠᠯᠳᠠ ᠠᠴᠠ ᠭᠠᠳᠠᠨ᠎ᠠ ᠬᠢᠴᠢᠶᠡᠯ ᠤᠨ ᠭᠠᠳᠠᠨᠠᠬᠢ ᠬᠦᠳᠡᠯᠭᠡᠭᠡᠨ ᠢᠶᠠᠷ ᠲᠠᠮᠵᠢᠵᠦ ᠠᠷᠠᠳ ᠤᠨ ᠲᠠᠭᠤᠤ ᠶᠢᠨ ᠵᠢᠭᠠᠨ

ᠰᠤᠷᠭᠠᠯᠳᠠ ᠬᠢᠵᠦ᠂ ᠰᠤᠷᠤᠭᠴᠢᠳ ᠢ ᠢᠯᠡᠭᠦᠬᠡᠨ ᠤᠷᠠᠯᠢᠭ ᠤᠨ ᠲᠠᠶᠢᠰᠠᠨ ᠳᠤ ᠭᠠᠷᠭᠠᠵᠤ᠂ ᠲᠡᠳᠡᠨᠦᠰ ᠤᠨ

ᠰᠤᠷᠤᠯᠴᠠᠬᠤ ᠤᠷᠮ᠎ᠠ ᠪᠠᠬ᠎ᠠ᠂ ᠢᠳᠡᠭᠡᠯ ᠢ ᠲᠡᠭᠡᠭᠰᠢᠯᠡᠬᠦᠯᠬᠦ ᠪᠠᠷ ᠲᠠᠮᠵᠢᠨ᠂ ᠨᠡᠩ ᠲᠦᠭᠦᠮ ᠲᠦᠳᠡ ᠵᠠᠮ ᠢᠶᠠᠷ

ᠠᠷᠠᠳ ᠤᠨ ᠲᠠᠭᠤᠤ ᠶᠢᠨ ᠲᠤᠬᠠᠢ ᠪᠡᠶᠡᠴᠢ ᠤᠶᠢᠯᠠᠭᠠᠯᠳᠠ ᠬᠢᠯᠭᠡᠵᠦ ᠪᠤᠯᠤᠨ᠎ᠠ᠃ ᠪᠢᠳᠡ ᠨᠢᠭᠡ ᠤᠳᠠᠭ᠎ᠠ

ᠰᠤᠷᠤᠭᠴᠢ ᠶᠢ ᠵᠤᠬᠢᠶᠠᠨ ᠪᠠᠶᠢᠭᠤᠯᠵᠤ ᠬᠤᠳᠠ ᠶᠢᠨ ᠬᠡᠤᠭᠡᠳ ᠪᠠᠭᠠᠴᠤᠳ ᠤᠨ ᠨᠠᠶᠢᠷᠠᠯ ᠲᠠᠭᠤᠤ ᠶᠢᠨ

ᠤᠷᠤᠯᠳᠤᠭᠠᠨ ᠳᠤ ᠤᠷᠤᠯᠴᠠᠨ ︽ᠰᠢᠭᠰᠢᠷᠭᠡ ᠶᠢᠨ ᠲᠠᠭᠤᠤ︾ ᠭᠡᠬᠦ ᠠᠷᠠᠳ ᠤᠨ ᠲᠠᠭᠤᠤ ᠶᠢ ᠰᠤᠩᠭᠤᠵᠤ ᠨᠠᠶᠢᠷᠠᠯ

ᠲᠠᠭᠤᠤ ᠪᠤᠯᠭᠠᠨ ᠬᠤᠪᠢᠷᠠᠭᠤᠯᠤᠨ ᠨᠠᠶᠢᠷᠠᠭᠤᠯᠤᠭᠠᠳ ᠲᠠᠭᠤᠯᠠᠭᠰᠠᠨ ᠶᠤᠮ᠃ ᠤᠷᠤᠯᠳᠤᠭᠠᠨ ᠪᠠᠷᠠᠭᠠᠳ ᠨᠢᠭᠡ ᠭᠡᠰᠡᠭ

ᠬᠤᠭᠤᠴᠠᠭ᠎ᠠ ᠦᠩᠭᠡᠷᠡᠭᠰᠡᠨ ᠳᠤ ᠨᠢᠭᠡ ᠰᠤᠷᠤᠭᠴᠢ ᠵᠠᠮ ᠶᠠᠪᠤᠵᠤ ᠪᠠᠶᠢᠭᠠᠳ ᠦᠪᠡᠷ ᠤᠨ ᠡᠷᠬᠡ ᠦᠭᠡᠢ ᠲᠤᠰ

ᠲᠠᠭᠤᠤ ᠶᠢ ᠭᠢᠩᠰᠢᠨ ᠲᠠᠭᠤᠯᠠᠵᠤ ᠪᠠᠶᠢᠪᠠ᠃ ᠡᠭᠦᠨ ᠠᠴᠠ ᠦᠵᠡᠬᠦ ᠳᠤ ᠤᠷᠤᠯᠳᠤᠭᠠᠨ ᠢᠶᠠᠷ ᠲᠠᠮᠵᠢᠭᠠᠳ ᠡᠨᠡ ᠭᠦ

︽ᠰᠢᠭᠰᠢᠷᠭᠡ ᠶᠢᠨ ᠲᠠᠭᠤᠤ︾ ᠬᠡᠬᠦ ᠠᠷᠠᠳ ᠤᠨ ᠲᠠᠭᠤᠤ ᠨᠢ ᠰᠤᠷᠤᠭᠴᠢ ᠶᠢᠨ ᠴᠡᠭᠡᠵᠢᠨ ᠳᠤ ᠭᠦᠨ ᠬᠠᠳᠠᠩᠰᠢᠭᠰᠠᠨ

ᠪᠠᠶᠢᠨ᠎ᠠ᠃

      ᠠᠮᠠᠷᠠᠯᠳᠠ ᠶᠢᠨ ᠴᠠᠭ ᠢ ᠠᠰᠢᠭᠯᠠᠨ ᠰᠤᠷᠤᠭᠴᠢᠳ ᠬᠦᠳᠡᠭᠡ ᠨᠤᠳᠤᠭ ᠲᠤ ᠬᠦᠷᠴᠦ ᠲᠤᠬᠠᠢ ᠶᠢᠨ ᠭᠠᠵᠠᠷ ᠲᠤ

ᠲᠠᠭᠤᠯᠠᠭᠳᠠᠵᠤ ᠪᠠᠶᠢᠭ᠎ᠠ ᠠᠷᠠᠳ ᠤᠨ ᠲᠠᠭᠤᠤ ᠶᠢ ᠰᠤᠨᠤᠰᠴᠤ ᠦᠢᠯᠠᠭᠠᠵᠤ ᠪᠤᠯᠤᠨ᠎ᠠ᠃ ᠲᠤᠬᠠᠢ ᠶᠢᠨ ᠭᠠᠵᠠᠷ ᠤᠨ

ᠲᠠᠭᠤᠴᠢᠳ ᠤᠨ ᠲᠠᠭᠤᠯᠠᠬᠤ ᠶᠢ ᠰᠤᠨᠢᠷᠬᠠᠵᠤ᠂ ᠠᠷᠠᠳ ᠤᠨ ᠲᠠᠭᠤᠤ ᠦᠷᠭᠡᠨ ᠢᠶᠠᠷ ᠲᠠᠷᠬᠠᠭᠳᠠᠵᠤ ᠪᠠᠶᠢᠭ᠎ᠠ

ᠭᠠᠵᠠᠷ ᠲᠤ ᠦᠢᠷᠠᠳᠴᠤ᠂ ᠲᠤᠬᠠᠢ ᠶᠢᠨ ᠭᠠᠵᠠᠷ ᠤᠨ ᠠᠷᠠᠳ ᠤᠨ ᠲᠠᠭᠤᠤ ᠳᠤ ᠠᠭᠤᠯᠤᠭᠳᠠᠭᠰᠠᠨ ᠦᠨᠡᠨ ᠪᠤᠳᠠᠳᠠᠢ

ᠰᠡᠳᠬᠢᠯᠭᠡ ᠶᠢ ᠤᠶᠢᠯᠠᠭᠠᠵᠤ ᠪᠤᠯᠤᠨ᠎ᠠ᠃ ᠠᠷᠠᠳ ᠤᠨ ᠲᠠᠭᠤᠤ ᠪᠤᠯ ᠠᠷᠠᠳ ᠤᠨ ᠠᠮᠢᠳᠤᠷᠠᠯ ᠠᠴᠠ ᠢᠷᠡᠯ ᠲᠠᠢ᠂

ᠡᠶᠢᠮᠦᠷᠭᠦᠤ ᠤᠷᠴᠢᠨ ᠲᠤᠭᠤᠷᠢᠨ ᠨᠢ ᠰᠤᠷᠤᠭᠴᠢᠳ ᠢ ᠠᠷᠠᠳ ᠤᠨ ᠲᠠᠭᠤᠤ ᠲᠠᠢ ᠤᠯᠠᠮ ᠤᠶᠢᠷᠠᠳᠤᠭᠤᠯᠬᠤ          

ᠪᠤᠯᠤᠨ᠎ᠠ᠃

      ᠠᠷᠠᠳ ᠤᠨ ᠲᠠᠭᠤᠤ ᠪᠤᠯ ᠬᠦᠮᠦᠨ ᠲᠦᠷᠦᠯᠬᠢᠳᠡᠨ ᠤ ᠰᠤᠶᠤᠯ ᠤᠨ ᠬᠠᠮᠤᠭ ᠤᠨ ᠦᠨᠡᠳᠦ ᠪᠦᠷᠢᠯᠳᠦᠭᠦᠨ

ᠪᠤᠯᠬᠤ ᠮᠦᠷᠳᠡᠭᠡᠨ ᠪᠤᠳᠠᠰ ᠤᠨ ᠪᠤᠰᠤ ᠰᠤᠶᠤᠯ ᠤᠨ ᠦᠪ ᠤᠨ ᠴᠢᠬᠤᠯᠠ ᠨᠢᠭᠡ ᠪᠦᠷᠢᠯᠳᠤᠭᠦᠨ ᠪᠤᠯᠤᠨ᠎ᠠ᠃

ᠠᠷᠠᠳ ᠤᠨ ᠤᠯᠠᠮᠵᠢᠯᠠᠯᠳᠤ ᠰᠤᠶᠤᠯ ᠤᠷᠠᠯᠢᠭ ᠢ ᠬᠤᠶᠢᠴᠢ ᠦᠶ᠎ᠡ ᠳᠤ ᠪᠠᠨ ᠤᠯᠠᠮᠵᠢᠯᠠᠨ ᠡᠵᠡᠮᠰᠢᠬᠦᠯᠵᠦ᠂ ᠮᠤᠩᠭᠤᠯ

ᠠᠷᠠᠳ ᠤᠨ ᠲᠠᠭᠤᠤ ᠶᠢ ᠰᠤᠷᠤᠭᠴᠢᠳ ᠲᠤ ᠵᠢᠭᠠᠨ ᠰᠤᠷᠭᠠᠬᠤ ᠨᠢ ᠪᠢᠳᠡᠨ ᠤ ᠵᠠᠶᠢᠯᠠᠭᠤᠯᠵᠤ ᠪᠤᠯᠤᠰᠢ ᠦᠬᠡᠢ ᠡᠭᠦᠷᠭᠡ

ᠬᠠᠷᠢᠭᠤᠴᠠᠯᠭ᠎ᠠ ᠪᠤᠯᠬᠤ ᠶᠤᠮ᠃ ᠡᠶᠢᠮᠦ ᠠᠴᠠ ᠪᠢᠳᠡᠨ ᠤ ᠰᠠᠭᠤᠷᠢ ᠰᠤᠷᠭᠠᠨ ᠰᠤᠷᠭᠠᠨ ᠬᠦᠮᠦᠵᠢᠯ᠂ ᠦᠨᠳᠦᠰᠦᠨ

ᠱᠠᠲᠤᠨ ᠳᠤ ᠠᠵᠢᠯᠯᠠᠵᠤ ᠪᠠᠶᠢᠭ᠎ᠠ ᠲᠠᠭᠤᠤ ᠬᠦᠭᠵᠢᠮ ᠤᠨ ᠪᠠᠭᠰᠢ ᠨᠠᠷ ᠤᠯᠠᠮᠵᠢᠯᠠᠯᠳᠤ ᠲᠠᠭᠤᠤ ᠤᠷᠠᠯᠢᠭ᠂ ᠰᠤᠶᠤᠯ

ᠤᠷᠠᠯᠢᠭ ᠢ ᠬᠤᠶᠢᠴᠢ ᠦᠶ᠎ᠡ ᠳᠤ ᠪᠠᠨ ᠤᠶᠢᠯᠠᠭᠠᠭᠤᠯᠵᠦ ᠡᠵᠡᠮᠰᠢᠭᠦᠯᠦᠨ᠂ ᠤᠯᠠᠮᠵᠢᠯᠠᠬᠤ ᠡᠨᠡ ᠭᠦ ᠬᠦᠨᠳᠦ ᠡᠭᠦᠷᠭᠡ ᠶᠢ

ᠡᠭᠦᠷᠭᠡᠯᠡᠵᠦ ᠠᠪᠴᠤ ᠬᠢᠶ᠎ᠡ᠃

 

     ᠵᠡᠬᠦᠯᠳᠡ

      [1]ᠳ᠋᠊ · ᠪᠠᠳᠤ · ᠮᠤᠩᠭᠤᠯ ᠠᠷᠠᠳ ᠤᠨ ᠲᠠᠭᠤᠤ ᠶᠢᠨ ᠲᠠᠤᠭᠡᠨ ᠡᠬᠢ ᠰᠤᠷᠪᠤᠯᠵᠢ ᠪᠠ ᠲᠧᠺᠰᠲ

ᠰᠤᠳᠤᠯᠤᠯ · ᠪᠡᠭᠡᠵᠢᠩ᠄ ᠦᠨᠳᠤᠰᠤᠳᠠᠨ ᠤ ᠭᠡᠪᠯᠡᠯ ᠤᠨ ᠬᠤᠷᠢᠶ᠎ᠠ

      [2]ᠪᠤᠷᠵᠢᠭᠢᠨ ᠰᠠᠶᠢᠨᠪᠠᠶᠠᠷ · ᠬᠤᠷᠴᠢᠨ ᠠᠷᠠᠳ ᠤᠨ ᠲᠠᠭᠤᠤ ᠶᠢᠨ ᠰᠤᠳᠤᠯᠤᠯ · ᠲᠦᠡᠭᠯᠢᠶᠤᠤ᠄ ᠦᠪᠦᠷ

ᠮᠤᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶ᠎ᠠ

      [3]ᠰᠢ ᠰᠠᠶᠢᠨ᠂ ᠪᠤᠤ ᠵᠦ · ᠮᠤᠩᠭᠤᠯ ᠠᠷᠠᠳ ᠤᠨ ᠲᠤᠮᠤᠭ ᠦᠯᠢᠭᠡᠷ · ᠭᠦᠭᠡᠬᠤᠳᠠ᠄ ᠦᠪᠦᠷ

ᠮᠤᠩᠭᠤᠯ ᠤᠨ ᠬᠡᠪᠯᠡᠯ ᠤᠨ ᠪᠦᠯᠦᠭᠯᠡᠯ᠂ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ

      [4]ᠱᠢ ᠶᠦᠩ᠂ ᠸᠠᠩ ᠢ ᠰᠢᠶᠠᠩ · ᠠᠨᠳᠠ ᠬᠠᠮᠳᠤᠯᠢᠭ ᠤᠨ ᠲᠠᠯ᠎ᠠ ᠨᠤᠳᠤᠭ ᠤᠨ ᠲᠠᠭᠤᠤ

ᠬᠦᠭᠵᠢᠮ ᠤᠨ ᠭᠠᠳᠠᠭᠠᠳᠦ ᠳᠠᠬᠢ ᠲᠠᠷᠬᠠᠭᠠᠯᠳᠠ᠂ ᠲᠠᠯ᠎ᠠ ᠨᠤᠳᠤᠭ ᠤᠨ ᠲᠠᠭᠤᠤ ᠬᠦᠭᠵᠢᠮ ᠤᠨ ᠰᠤᠶᠤᠯ ᠤᠨ

ᠤᠯᠠᠮᠵᠢᠯᠠᠯ ᠵᠢᠴᠢ ᠰᠤᠳᠤᠯᠤᠯ ᠲᠡᠪᠴᠡᠩ

      [5]ᠤᠷᠠᠯᠢᠬ ᠤᠨ ᠬᠢᠴᠢᠶᠡᠯ ᠤᠨ ᠪᠠᠷᠢᠮᠵᠢᠶ᠎ᠠ · 2022

      [6]ᠳᠠᠭᠤᠤ ᠭᠦᠭᠵᠢᠮ ᠤᠨ ᠬᠢᠴᠢᠶᠡᠯ ᠤᠨ ᠪᠠᠷᠢᠮᠵᠢᠶ᠎ᠠ · 2011

        ᠠᠵᠢᠯᠯᠠᠵᠤ ᠪᠠᠶᠢᠭ᠎ᠠ ᠪᠠᠶᠢᠭᠤᠯᠭ᠎ᠠ᠄ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ 

                               ︵ᠮᠦᠡᠭᠭᠦᠨᠴᠢᠮᠡᠭ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map