ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/27
         ᠥᠪᠥᠷ ᠰᠤᠷᠭᠠᠨ ᠰᠢᠨᠵᠢᠯᠡᠬᠦ ᠭᠠᠳᠠᠭᠠᠳᠤ ᠪᠢᠴᠢᠭ ﹇2024﹈ 229 ᠳ᠋ᠦ᠋ᠭᠡᠷ ᠲᠣᠭᠠᠲᠤ      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ           ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ           ᠬᠡᠯᠡᠯᠴᠡᠭᠡᠷ︾ ᠤᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠯᠠᠭᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠬᠠᠮᠤᠭ ᠤᠨ ᠰᠢᠨ᠎ᠡ ᠵᠢᠭᠠᠬᠤ ᠶᠢ ᠰᠣᠳᠤᠯᠬᠤ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ︵ᠳᠣᠷᠣᠭᠰᠢ ᠤᠷᠤᠯᠳᠤᠭᠠᠨ ᠭᠡᠵᠦ ᠳᠦᠭᠦᠮᠴᠢᠯᠡᠨ᠎ᠡ︶ ᠢ ᠭᠤᠣᠯᠯᠠᠨ ᠡᠷᠬᠢᠯᠡᠵᠦ᠂ ᠤᠷᠤᠯᠳᠤᠭᠠᠨ ᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠬᠤᠣᠰ ᠰᠢᠯᠢᠳᠡᠭ ᠡᠭᠦᠯᠡᠨ ᠬᠥᠭᠦᠷᠭᠡ︾ ᠶᠢᠨ ᠲᠥᠷᠥᠯ ᠵᠦᠢᠯ ᠤᠨ ᠳᠤᠭᠤᠶᠢᠯᠠᠩ ᠬᠠᠮᠵᠢᠨ ᠡᠷᠭᠢᠯᠡᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ  ᠤᠨ ᠬᠠᠮᠵᠢᠯᠴᠠᠭᠠᠨ ᠤ ᠣᠶᠤᠨᠴᠢ ᠲᠠᠪᠴᠠᠩ ︵ᠳᠣᠷᠣᠭᠰᠢ ᠲᠠᠪᠴᠠᠩ ᠭᠡᠵᠦ ᠳᠦᠭᠦᠮᠴᠢᠯᠡᠨ᠎ᠡ︶ ᠳᠡᠮᠵᠢᠪᠡ᠂ ᠡᠳᠦᠭᠡ ᠬᠤᠯᠪᠣᠭᠳᠠᠯ ᠪᠦᠬᠦᠢ ᠵᠦᠢᠯ ᠢ ᠮᠡᠳᠡᠭᠳᠡᠶ᠎ᠡ᠃      ᠨᠢᠭᠡ᠂ ᠤᠷᠤᠯᠳᠤᠭᠠᠨ ᠤ ᠴᠠᠭ      2024 ᠣᠨ ᠤ 8 ᠰᠠᠷ᠎ᠠ ᠶᠢᠨ 23 - 10 ᠰᠠᠷ᠎ᠠ ᠶᠢᠨ 31 ᠤ ᠡᠳᠦᠷ᠃      ᠬᠤᠶᠠᠷ᠂ ᠤᠷᠤᠯᠳᠤᠭᠠᠨ ᠤ ᠠᠭᠤᠯᠭ᠎ᠠ      ︵ᠨᠢᠭᠡ︶ ᠤᠷᠤᠯᠳᠤᠭᠠᠨ ᠳᠤ ᠣᠷᠣᠯᠴᠠᠬᠤ ᠡᠲᠡᠭᠡᠳ᠄ ᠡᠨᠡ ᠤᠳᠠᠭᠠᠨ ᠤ ᠤᠷᠤᠯᠳᠤᠭᠠᠨ ᠢ ᠪᠡᠭᠡᠵᠢᠩ ᠥᠪᠥᠷ ᠮᠣᠩᠭᠤᠯ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠥᠬᠦ ᠰᠤᠷᠤᠯᠭ᠎ᠠ ᠶᠢᠨ ᠱᠠᠲᠤᠨ ᠤ ᠬᠡᠯᠡ ᠪᠢᠴᠢᠭ ᠪᠠ ᠦᠵᠡᠯ ᠰᠠᠨᠠᠭ᠎ᠠ ᠤᠯᠤᠰ ᠲᠥᠷᠥ ︵ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︶ ᠶᠢᠨ ᠪᠠᠭᠰᠢ ᠨᠠᠷ ᠲᠤ ᠬᠠᠨᠳᠤᠭᠤᠯᠪᠠ᠃      ︵ᠬᠤᠶᠠᠷ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠭᠤᠣᠯ ᠰᠡᠳᠦᠪ᠄ ᠤᠷᠤᠯᠳᠤᠭᠠᠨ ᠳᠤ ᠣᠷᠣᠯᠴᠠᠬᠤ ᠪᠦᠲᠦᠭᠡᠯ ︽ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠢᠴᠢᠶᠡᠯ ᠲᠥᠷᠦᠯ ᠤᠨ           ᠵᠢᠭᠠᠨ ᠰᠤᠷᠭᠠᠯᠲᠠ ᠳᠤ ᠠᠭᠤᠰᠬᠠᠬᠤ︾ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠬᠥᠩᠭᠡᠷᠡᠭᠦᠯᠬᠦ︾ ᠵᠢᠴᠢ ᠰᠢᠨ᠎ᠡ ᠬᠢᠴᠢᠶᠡᠯ ᠤᠨ ᠪᠠᠷᠢᠮᠵᠢᠶᠠᠨ ᠤ ᠣᠶᠢᠯᠠᠭᠠᠭᠳᠠᠬᠤᠨ ᠤ ᠨᠠᠶᠢᠳᠠᠪᠤᠷᠢᠵᠢᠭᠤᠯᠤᠯᠲᠠ ᠳᠤ ᠢᠯᠡᠷᠡᠭᠦᠯᠵᠦ᠂ ᠲᠣᠭᠠᠵᠢᠭᠰᠠᠨ ᠮᠡᠷᠭᠡᠵᠢᠯ ᠢ ᠬᠡᠷᠡᠭᠯᠡᠬᠦ ᠪᠠ ᠦᠨᠡᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ           ᠴᠢᠬᠤᠯᠠᠴᠢᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ᠂ ᠡᠷᠡᠭᠦᠯ ᠥᠰᠦᠨ ᠪᠣᠶᠢᠵᠢᠯᠲᠠ ᠶᠢ ᠠᠬᠢᠭᠤᠯᠤᠨ᠎ᠠ᠃ ᠤᠷᠤᠯᠳᠤᠭᠠᠨ ᠳᠤ ᠣᠷᠣᠯᠴᠠᠬᠤ ᠪᠦᠲᠦᠭᠡᠯ ᠡᠷᠬᠡᠪᠰᠢ ᠵᠣᠬᠢᠬᠤ ᠰᠤᠷᠤᠯᠭ᠎ᠠ ᠶᠢᠨ ᠱᠠᠲᠤᠨ ᠤ ᠬᠢᠴᠢᠶᠡᠯ ᠲᠥᠷᠦᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠪᠣᠳᠠᠲᠠᠢ ᠪᠦᠲᠦᠭᠡᠯ ᠢ ᠪᠠᠭᠰᠢ ᠥᠪᠡᠷ ᠤᠨ ᠵᠢᠭᠠᠵᠤ ᠪᠠᠶᠢᠭ᠎ᠠ ᠬᠢᠴᠢᠶᠡᠯ ᠲᠥᠷᠥᠯ  ᠠᠴᠠ ᠰᠣᠩᠭᠤᠵᠤ ᠪᠣᠯᠤᠨ᠎ᠠ᠃      ︵ᠭᠤᠷᠪᠠ ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠱᠠᠭᠠᠷᠳᠠᠯᠭ᠎ᠠ᠄ ︵1︶ ᠡᠷᠬᠡᠪᠰᠢ ᠲᠤᠰ ᠬᠥᠮᠦᠨ ᠤ ᠠᠩᠬᠠᠨ ᠤ ᠪᠥᠲᠦᠭᠡᠯ︔ ︵2︶ ᠢᠯᠡ ᠨᠡᠶᠢᠲᠡᠯᠡᠵᠦ ᠥᠩᠭᠡᠷᠡᠭᠰᠡᠨ ᠦᠭᠡᠢ︔ ︵3︶ ᠪᠤᠰᠤᠳ ᠡᠯ᠎ᠡ ᠲᠥᠷᠥᠯ ᠤᠨ ᠤᠷᠤᠯᠳᠤᠭᠠᠨ ᠳᠤ ᠲᠤᠰᠬᠠᠢ ᠣᠷᠣᠯᠴᠠᠵᠤ ᠥᠩᠭᠡᠷᠡᠭᠰᠡᠨ ᠦᠭᠡᠢ᠂ ᠲᠤᠰᠬᠠᠶᠢᠯᠠᠨ ᠡᠨᠡ ᠤᠳᠠᠭᠠᠨ ᠤ ᠤᠷᠤᠯᠳᠤᠭᠠᠨ ᠳᠤ ᠵᠣᠷᠢᠭᠤᠯᠤᠭᠰᠠᠨ ᠪᠦᠲᠦᠭᠡᠯ᠃      ︵ᠲᠦᠷᠪᠡ︶ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠲᠤᠭ᠎ᠠ ᠬᠡᠮᠵᠢᠶ᠎ᠡ᠄ ᠤᠷᠤᠯᠳᠤᠭᠠᠨ ᠢ ᠰᠤᠷᠤᠯᠭ᠎ᠠ ᠶᠢᠨ ᠱᠠᠲᠤᠨ ᠤ ᠬᠢᠴᠢᠶᠡᠯ ᠲᠥᠷᠥᠯ ᠢᠶᠠᠷ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠳᠤᠭᠤᠶᠢᠯᠠᠩ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠳᠤᠭᠤᠶᠢᠯᠠᠩ ᠭᠡᠵᠦ ᠵᠢᠷᠭᠤᠭᠠᠨ ᠳᠤᠭᠤᠶᠢᠯᠠᠩ ᠬᠤᠪᠢᠶᠠᠨ᠎ᠠ᠃ ᠰᠤᠷᠭᠠᠭᠤᠯᠢ ᠨᠢᠭᠡ ᠪᠦᠷᠢ ᠶᠢᠨ ᠳᠤᠰᠠᠭᠠᠷ ᠳᠤᠭᠤᠶᠢᠯᠠᠩ ᠤᠨ ᠲᠤᠰᠢᠶᠠᠬᠤ ᠪᠦᠲᠦᠭᠡᠯ ᠤᠨ ᠲᠤᠭ᠎ᠠ 1 ᠠᠴᠠ ᠬᠡᠲᠦᠷᠡᠵᠦ ᠪᠣᠯᠬᠤ ᠦᠭᠡᠢ᠂ ᠰᠤᠷᠭᠠᠭᠤᠯᠢ ᠠᠯᠤᠰᠯᠠᠨ ᠳᠤᠭᠤᠶᠢᠯᠠᠩ ᠵᠣᠬᠢᠶᠠᠨ ᠪᠠᠶᠢᠭᠤᠯᠬᠤ ᠶᠢ ᠬᠦᠯᠢᠶᠡᠨ ᠠᠪᠬᠤ ᠦᠭᠡᠢ᠃      ︵ᠲᠠᠪᠤ︶ ᠤᠷᠤᠯᠳᠤᠭᠠᠨ ᠤ ᠶᠠᠪᠤᠴᠠ      1. ᠰᠦᠯᠵᠢᠶᠡᠨ ᠳᠤ ᠨᠡᠷ᠎ᠡ ᠮᠡᠳᠡᠭᠦᠯᠬᠦ᠃ 2024 ᠣᠨ ᠤ 8 ᠰᠠᠷ᠎ᠠ ᠶᠢᠨ 23 - 9 ᠰᠠᠷ᠎ᠠ ᠶᠢᠨ 8 ᠤ ᠡᠳᠦᠷ ᠪᠣᠯᠲᠠᠯ᠎ᠠ᠂ ᠡᠯ᠎ᠡ ᠰᠤᠷᠭᠠᠭᠤᠯᠢ ᠨᠢᠭᠡᠴᠢ ᠶᠢᠨ ᠬᠡᠯᠪᠡᠷᠢ ᠪᠠᠷ ᠵᠣᠬᠢᠶᠠᠨ ᠪᠠᠶᠢᠭᠤᠯᠤᠨ ᠨᠡᠷ᠎ᠡ ᠮᠡᠳᠡᠭᠦᠯᠬᠦ ᠶᠢᠨ ᠬᠠᠮᠲᠤ ᠨᠢᠭᠡ ᠤᠷᠤᠯᠳᠤᠭᠠᠨ ᠤ ᠬᠠᠷᠢᠭᠤᠴᠠᠯᠭᠠᠲᠠᠨ ᠢ ᠲᠣᠭᠲᠠᠭᠠᠵᠤ ᠬᠤᠶᠠᠷ ᠬᠡᠮᠵᠢᠯᠳᠦ ᠺᠣᠳ᠋ ᠢ ᠰᠢᠷᠪᠢᠨ ᠲᠤᠰ ᠰᠤᠷᠭᠠᠭᠤᠯᠢ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠲᠠᠭᠯᠠᠵᠤ᠂ ᠤᠷᠤᠯᠳᠤᠭᠠᠨ ᠳᠤ ᠣᠷᠣᠯᠴᠠᠬᠤ ᠠᠵᠢᠯ ᠤᠨ ᠴᠤᠭᠯᠠᠷᠠᠯ ︵ᠳᠠᠭᠠᠯᠳᠤᠭᠤᠯᠤᠯ 1 ᠶᠢ ᠨᠠᠷᠢᠨ ᠦᠵᠡᠭᠡᠷᠡᠢ︶ ᠳᠤ ᠣᠷᠣᠬᠤ ᠶᠢᠨ ᠬᠠᠮᠲᠤ ︽ᠬᠤᠶᠠᠳᠤᠭᠠᠷ ᠬᠤᠭᠤᠴᠠᠭᠠᠨ ᠤ ︿ᠲᠡᠮᠡᠭᠡᠨ ᠬᠤᠩᠬᠤ ᠬᠤᠨᠳᠠᠭᠠᠲᠤ﹀ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ︾ ᠶᠢ ᠳᠡᠭᠡᠭᠰᠢ ᠳᠠᠮᠵᠢᠭᠤᠯᠤᠨ᠂ ᠰᠦᠯᠵᠢᠶᠡᠨ ᠳᠤ ᠨᠡᠷ᠎ᠡ ᠮᠡᠳᠡᠭᠦᠯᠬᠦ ᠶᠢ ᠪᠡᠶᠡᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠡᠷᠬᠡᠪᠰᠢ ᠲᠤᠰ ᠤᠷᠤᠯᠳᠤᠭᠠᠨ ᠢ ᠬᠠᠷᠢᠭᠤᠴᠠᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ︽ᠬᠤᠶᠠᠳᠤᠭᠠᠷ ᠬᠤᠭᠤᠴᠠᠭᠠᠨ ᠤ ︿ᠲᠡᠮᠡᠭᠡᠨ ᠬᠤᠩᠬᠤ ᠬᠤᠨᠳᠠᠭᠠᠲᠤ﹀ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ︾ ︵ᠳᠠᠭᠠᠯᠳᠤᠭᠤᠯᠤᠯ 3︶ ᠶᠢ ᠲᠠᠭᠯᠠᠬᠤ ᠶᠢᠨ ᠬᠠᠮᠲᠤ 2024 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠠᠯᠪᠠᠨ ᠲᠠᠮᠠᠭ᠎ᠠ ᠳᠠᠷᠤᠭᠰᠠᠨ ᠬᠠᠷᠢᠯᠴᠠᠬᠤ ᠬᠦᠰᠦᠨᠦᠭᠲᠦ ᠶᠢᠨ ᠰᠢᠷᠪᠢᠯᠲᠡ ᠶᠢ ᠵᠣᠬᠢᠶᠠᠨ ᠪᠠᠶᠢᠭᠤᠯᠬᠤ ᠵᠦᠪᠯᠡᠯ ᠤᠨ ᠢᠮᠧᠯ ᠳᠤ ᠢᠯᠡᠭᠡᠨ᠎ᠡ᠃      2. ᠤᠷᠤᠯᠳᠤᠭᠠᠨ ᠳᠤ ᠣᠷᠣᠯᠴᠠᠬᠤ ᠪᠦᠲᠦᠭᠡᠯ ᠢ ᠳᠤᠰᠢᠶᠠᠬᠤ᠃ 2024 ᠣᠨ ᠤ 9 ᠰᠠᠷ᠎ᠠ ᠶᠢᠨ           9 - 9 ᠰᠠᠷ᠎ᠠ ᠶᠢᠨ 18 ᠤ ᠡᠳᠦᠷ ᠪᠣᠯᠲᠠᠯ᠎ᠠ᠂ ᠤᠷᠤᠯᠳᠤᠭᠠᠨ ᠳᠤ ᠣᠷᠣᠯᠴᠠᠬᠤ ᠪᠠᠭᠰᠢ ᠨᠠᠷ ᠡᠷᠬᠡᠪᠰᠢ ᠨᠡᠷ᠎ᠡ ᠮᠡᠳᠡᠭᠦᠯᠦᠭᠰᠡᠨ ᠭᠠᠷ ᠤᠲᠠᠰᠤᠨ ᠤ ᠨᠣᠮᠧᠷ ᠢᠶᠠᠷ ᠥᠪᠡᠷ ᠤᠨ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ ᠳᠤᠰᠢᠶᠠᠨ᠎ᠠ᠃ ᠤᠷᠤᠯᠳᠤᠭᠠᠨ ᠳᠤ ᠣᠷᠣᠯᠴᠠᠬᠤ ᠪᠦᠲᠦᠭᠡᠯ ᠳᠤ ᠵᠢᠭᠠᠨ ᠰᠤᠷᠭᠠᠯᠲᠠ ᠶᠢᠨ ᠸᠢᠳᠢᠣ᠋ ᠵᠢᠴᠢ ᠢᠵᠢ ᠪᠦᠷᠢᠳᠦᠭᠦᠯᠦᠭᠰᠡᠨ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠢ ᠪᠠᠭᠲᠠᠭᠠᠵᠤ᠂ ᠵᠢᠭᠠᠨ ᠰᠤᠷᠭᠠᠯᠲᠠ ᠶᠢᠨ ᠸᠢᠳᠢᠣ᠋  ᠶᠢᠨ ᠠᠭᠤᠯᠭ᠎ᠠ ᠶᠢ ᠳᠠᠭᠠᠯᠳᠤᠭᠤᠯᠤᠯ 4 ᠳᠤ ᠨᠠᠷᠢᠨ ᠦᠵᠡᠵᠦ᠂ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠳᠠᠭᠠᠯᠳᠤᠭᠤᠯᠤᠯ 5 ᠳᠤ ᠨᠠᠷᠢᠨ ᠦᠵᠡᠵᠦ᠂ ᠵᠣᠬᠢᠶᠠᠯ ᠲᠤᠰᠢᠶᠠᠬᠤ ᠵᠦᠭᠯᠡᠭᠦᠷ ᠢ ᠳᠠᠭᠠᠯᠳᠤᠭᠤᠯᠤᠯ 6 ᠳᠤ ᠨᠠᠷᠢᠨ ᠦᠵᠡᠭᠡᠷᠡᠢ᠃      3. ᠤᠷᠤᠯᠳᠤᠭᠠᠨ ᠤ ᠠᠩᠬᠠᠨ ᠤ ᠬᠢᠨᠠᠯᠲᠠ᠃ 2024 ᠣᠨ ᠤ 9 ᠰᠠᠷ᠎ᠠ ᠶᠢᠨ 18 ᠤ ᠡᠳᠦᠷ ᠠᠴᠠ ᠡᠮᠦᠨ᠎ᠡ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠠᠩᠬᠠᠨ ᠤ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠬᠤ ᠪᠥᠭᠡᠳ ᠵᠣᠬᠢᠶᠠᠨ ᠪᠠᠶᠢᠭᠤᠯᠬᠤ ᠵᠦᠪᠯᠡᠯ ᠲᠠᠢ ᠬᠠᠷᠢᠯᠴᠠᠵᠤ ᠲᠠᠪᠴᠠᠩ ᠤᠨ ᠳᠠᠩᠰᠠᠨ ᠤ ᠨᠣᠮᠧᠷ ᠢ ᠨᠡᠭᠡᠭᠡᠨ᠎ᠡ᠃ 2024 ᠣᠨ ᠤ 9 ᠰᠠᠷ᠎ᠠ ᠶᠢᠨ 19 - 9 ᠰᠠᠷ᠎ᠠ ᠶᠢᠨ 26 ᠤ ᠡᠳᠦᠷ ᠪᠣᠯᠲᠠᠯ᠎ᠠ᠂ ᠠᠩᠬᠠᠨ ᠤ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠷᠤᠯᠳᠤᠭᠠᠨ ᠤ ᠬᠢᠨᠠᠨ ᠳᠣᠭᠲᠠᠭᠠᠬᠤ ᠪᠠᠷᠢᠮᠵᠢᠶ᠎ᠠ ᠶᠢ ᠦᠨᠳᠦᠰᠦᠯᠡᠨ᠂ ᠲᠠᠪᠴᠠᠩ ᠢᠶᠠᠷ ᠳᠠᠮᠵᠢᠭᠤᠯᠤᠨ ᠲᠤᠰ ᠠᠶᠢᠮᠠᠭ ᠬᠤᠲᠠ ᠶᠢᠨ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠢ ᠬᠢᠨᠠᠨ ᠲᠣᠭᠲᠠᠭᠠᠵᠤ᠂ ᠰᠢᠯᠢᠳᠡᠭ ᠪᠦᠲᠦᠭᠡᠯ ᠢ ᠰᠢᠯᠭᠠᠷᠠᠭᠤᠯᠵᠤ ᠳᠠᠬᠢᠨ ᠬᠢᠨᠠᠯᠲᠠ ᠳᠤ ᠣᠷᠣᠭᠤᠯᠤᠨ᠎ᠠ᠂ ᠠᠩᠬᠠᠨ ᠤ ᠬᠢᠨᠠᠯᠲᠠ ᠶᠢᠨ ᠵᠦᠭᠯᠡᠭᠦᠷ ᠢ ᠳᠠᠭᠠᠯᠳᠤᠭᠤᠯᠤᠯ 7 ᠳᠤ ᠨᠠᠷᠢᠨ ᠦᠵᠡᠭᠡᠷᠡᠢ᠃ ᠡᠯ᠎ᠡ ᠠᠶᠢᠮᠠᠭ ᠬᠤᠲᠠ ᠶᠢᠨ ᠳᠤᠰᠠᠭᠠᠷ ᠳᠤᠭᠤᠶᠢᠯᠠᠩ ᠤᠨ ᠳᠠᠬᠢᠨ ᠬᠢᠨᠠᠯᠲᠠ  ᠳᠤ ᠣᠷᠣᠯᠴᠠᠬᠤ ᠪᠦᠲᠦᠭᠡᠯ ᠤᠨ ᠲᠤᠭ᠎ᠠ ᠶᠢ ᠲᠤᠰ ᠠᠶᠢᠮᠠᠭ ᠬᠤᠲᠠ ᠶᠢᠨ ᠵᠣᠬᠢᠬᠤ ᠰᠤᠷᠤᠯᠭ᠎ᠠ ᠶᠢᠨ ᠱᠠᠲᠤᠨ ᠤ ᠰᠤᠷᠭᠠᠭᠤᠯᠢ ᠶᠢᠨ ᠲᠣᠭᠠᠨ ᠤ ᠪᠦᠬᠦ ᠣᠷᠣᠨ ᠳᠤ ᠡᠵᠡᠯᠡᠬᠦ ᠬᠠᠷᠢᠴᠠᠯ ᠢᠶᠠᠷ ᠬᠤᠪᠢᠶᠠᠷᠢᠯᠠᠵᠤ᠂ ᠪᠣᠳᠠᠲᠠᠢ ᠬᠤᠪᠢᠶᠠᠷᠢᠯᠠᠬᠤ ᠣᠷᠣᠨ ᠲᠤᠭ᠎ᠠ ᠶᠢ ᠳᠠᠭᠠᠯᠳᠤᠭᠤᠯᠤᠯ 8 ᠳᠤ ᠨᠠᠷᠢᠨ           ᠦᠵᠡᠭᠡᠷᠡᠢ᠃ ᠡᠯ᠎ᠡ ᠠᠶᠢᠮᠠᠭ ᠬᠤᠲᠠ ᠶᠢᠨ ᠬᠢᠨ ᠳᠠᠬᠢᠨ ᠬᠢᠨᠠᠬᠤ ᠳᠤ ᠣᠷᠣᠯᠴᠠᠬᠤ ᠪᠦᠲᠦᠭᠡᠯ ᠳᠤ ᠬᠤᠰᠢᠭᠤ ᠰᠢᠶᠠᠨ᠂ ᠰᠢᠶᠠᠩ ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠪᠦᠲᠦᠭᠡᠯ ᠤᠨ ᠶᠡᠷᠦᠩᠬᠡᠢ ᠲᠤᠭ᠎ᠠ ᠶᠢ 50% ᠠᠴᠠ ᠲᠣᠣᠷ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠰᠢᠶᠠᠩ ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠤᠷᠭᠠᠭᠤᠯᠢ ᠶᠢᠨ ᠪᠦᠲᠦᠭᠡᠯ ᠤᠨ ᠶᠡᠷᠦᠩᠬᠡᠢ ᠲᠤᠭ᠎ᠠ ᠶᠢ 20% ᠠᠴᠠ ᠲᠣᠣᠷ᠎ᠠ ᠪᠠᠶᠢᠯᠭᠠᠵᠤ ᠪᠣᠯᠬᠤ ᠦᠭᠡᠢ᠃ ᠠᠩᠬᠠᠨ  ᠤ ᠬᠢᠨᠠᠯᠲᠠ ᠶᠢᠨ ᠦᠷ᠎ᠡ ᠳ᠋ᠦᠩ ᠢ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠳᠣᠪᠴᠢᠶᠠᠨ ᠤ ᠠᠯᠪᠠᠨ ᠰᠦᠯᠵᠢᠶᠡᠨ ᠳᠤ 3 ᠡᠳᠦᠷ ᠢᠯᠡ ᠨᠡᠶᠢᠲᠡᠯᠡᠨ᠎ᠡ᠃      4. ᠤᠷᠤᠯᠳᠤᠭᠠᠨ ᠤ ᠳᠠᠬᠢᠨ ᠬᠢᠨᠠᠯᠲᠠ᠃ 2024 ᠣᠨ ᠤ 9 ᠰᠠᠷ᠎ᠠ ᠶᠢᠨ 29 ᠤ ᠡᠳᠦᠷ ᠠᠴᠠ ᠡᠮᠦᠨ᠎ᠡ᠂ ᠵᠣᠬᠢᠶᠠᠨ ᠪᠠᠶᠢᠭᠤᠯᠬᠤ ᠵᠦᠪᠯᠡᠯ ᠥᠪᠥᠷ ᠮᠣᠩᠭᠤᠯ ᠪᠣᠯᠤᠨ ᠪᠡᠭᠡᠵᠢᠩ ᠠᠴᠠ ᠢᠷᠡᠭᠰᠡᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ  ᠤᠨ ᠵᠢᠭᠠᠬᠤ ᠶᠢ ᠰᠤᠳᠤᠯᠤᠭᠴᠢ ᠪᠣᠯᠤᠨ ᠨᠡᠷᠡᠲᠦ ᠪᠠᠭᠰᠢ ᠶᠢ ᠰᠢᠯᠭᠠᠷᠠᠭᠤᠯᠵᠤ ᠳᠠᠬᠢᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ 2024 ᠣᠨ  ᠤ 9 ᠰᠠᠷ᠎ᠠ ᠶᠢᠨ 29 - 10 ᠰᠠᠷ᠎ᠠ ᠶᠢᠨ 15 ᠤ ᠡᠳᠦᠷ ᠪᠣᠯᠲᠠᠯ᠎ᠠ᠂ ᠳᠠᠬᠢᠨ ᠬᠢᠨᠠᠯᠲᠠ ᠬᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠪᠴᠠᠩ ᠢᠶᠠᠷ ᠳᠠᠮᠵᠢᠭᠤᠯᠤᠨ ᠪᠡᠭᠡᠵᠢᠩ ᠥᠪᠥᠷ ᠮᠣᠩᠭᠤᠯ  ᠤᠨ ᠳᠠᠬᠢᠨ ᠬᠢᠨᠠᠯᠲᠠ ᠳᠤ ᠣᠷᠣᠬᠤ ᠪᠦᠲᠦᠭᠡᠯ ᠢ ᠬᠢᠨᠠᠨ ᠲᠣᠭᠲᠠᠭᠠᠵᠤ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ           ᠰᠢᠯᠭᠠᠷᠠᠭᠤᠯᠤᠨ᠎ᠠ᠃ ᠳᠠᠬᠢᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶᠡᠨ ᠳᠤ 5 ᠡᠳᠦᠷ ᠢᠯᠡ ᠨᠡᠶᠢᠲᠡᠯᠡᠨ᠎ᠡ᠃      5. ᠠᠬᠤᠢ ᠲᠠᠯᠠᠪᠠᠢ ᠶᠢᠨ ᠦᠵᠡᠭᠦᠯᠭᠡ᠃ 2024 ᠣᠨ ᠤ 10 ᠰᠠᠷ᠎ᠠ ᠶᠢᠨ ᠬᠤᠷᠢᠳ ᠲᠤ᠂ ᠵᠣᠬᠢᠶᠠᠨ ᠪᠠᠶᠢᠭᠤᠯᠬᠤ ᠺᠣᠮᠢᠰ ᠠᠴᠠ ᠨᠢᠭᠡᠳᠦᠭᠡᠷ ᠳᠡᠰ ᠤᠨ ᠱᠠᠩᠨᠠᠯ ᠤᠨ ᠰᠢᠯᠢᠳᠡᠭ ᠪᠦᠲᠦᠭᠡᠯ ᠢ ᠤᠷᠢᠵᠤ ᠠᠬᠤᠢ ᠲᠠᠯᠠᠪᠠᠢ ᠳᠤ ᠳᠡᠯᠭᠡᠨ ᠦᠵᠡᠭᠦᠯᠵᠦ᠂ ᠲᠤᠰᠬᠠᠢ ᠮᠡᠷᠭᠡᠵᠢᠯᠲᠡᠨ ᠢ ᠤᠷᠢᠵᠤ ᠠᠬᠤᠢ ᠲᠠᠯᠠᠪᠠᠢ ᠳᠤ ᠦᠨᠡᠯᠡᠯᠲᠡ ᠬᠢᠯᠭᠡᠬᠦ ᠶᠢᠨ ᠬᠠᠮᠲᠤ ᠱᠠᠩᠨᠠᠯ ᠣᠯᠤᠭᠰᠠᠨ ᠪᠠᠭᠰᠢ ᠶᠢᠨ ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠪᠣᠳᠠᠲᠠᠢ ᠲᠣᠬᠢᠷᠠᠭᠤᠯᠤᠯᠲᠠ ᠶᠢ ᠠᠰ ᠲᠤ ᠨᠢ ᠮᠡᠳᠡᠭᠳᠡᠨ᠎ᠡ᠃      ᠭᠤᠷᠪᠠ᠂ ᠤᠷᠤᠯᠳᠤᠭᠠᠨ ᠤ ᠦᠷ᠎ᠡ ᠳ᠋ᠦᠩ      ᠡᠨᠡ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠵᠢᠴᠢ ᠰᠢᠯᠢᠳᠡᠭ ᠱᠠᠩᠨᠠᠯ ᠢ ᠳᠣᠭᠲᠠᠭᠠᠵᠤ᠂ ᠵᠣᠬᠢᠶᠠᠨ ᠪᠠᠶᠢᠭᠤᠯᠬᠤ ᠵᠦᠪᠯᠡᠯ ᠤᠷᠤᠯᠳᠤᠭᠠᠨ ᠤ ᠪᠠᠶᠢᠳᠠᠯ ᠢ ᠦᠨᠳᠦᠰᠦᠯᠡᠨ ᠡᠴᠦᠰ ᠤᠨ ᠱᠠᠩᠨᠠᠯ ᠬᠦᠷᠲᠡᠬᠦ ᠬᠠᠷᠢᠴᠠᠯ ᠪᠠ ᠱᠠᠩᠨᠠᠯ ᠬᠦᠷᠲᠡᠬᠦ ᠨᠡᠷᠡᠰ ᠢ ᠲᠣᠭᠲᠠᠭᠠᠨ᠎ᠠ᠃ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠢᠷᠠᠭᠤ ᠠᠯᠳᠠᠷ ᠤᠨ ᠦᠨᠡᠮᠯᠡᠯ ᠢ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠠᠮᠲᠤᠷᠠᠨ ᠳᠠᠷᠤᠮᠠᠯᠯᠠᠨ ᠲᠠᠷᠬᠠᠭᠠᠨ᠎ᠠ᠃ ᠡᠭᠦᠨ ᠠᠴᠠ ᠭᠠᠳᠠᠨ᠎ᠠ᠂ ᠨᠢᠭᠡᠳᠦᠭᠡᠷ ᠳᠡᠰ ᠤᠨ ᠱᠠᠩᠨᠠᠯ ᠤᠨ ᠪᠦᠲᠦᠭᠡᠯ ᠤᠨ ᠰᠢᠯᠢᠳᠡᠭ ᠢ ᠰᠣᠩᠭᠤᠵᠤ ᠲᠠᠪᠴᠠᠩ ᠪᠠ ᠪᠦᠬᠦ ᠰᠦᠯᠵᠢᠶ᠎ᠡ ᠪᠠᠷ ᠳᠡᠯᠭᠡᠷᠡᠭᠦᠯᠦᠨ ᠨᠡᠪᠲᠡᠷᠡᠭᠦᠯᠵᠦ᠂ ᠱᠠᠩᠨᠠᠯ ᠣᠯᠤᠭᠰᠠᠨ ᠰᠢᠯᠢᠳᠡᠭ ᠪᠠᠭᠰᠢ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠠᠮᠢᠶ᠎ᠠ ᠪᠦᠬᠦᠢ ᠠᠵᠢᠯᠯᠠᠭ᠎ᠠ ᠳᠤ ᠤᠷᠢᠭᠳᠠᠨ ᠣᠷᠣᠯᠴᠠᠵᠤ ᠳᠡᠯᠭᠡᠨ ᠦᠵᠡᠭᠦᠯᠬᠦ ᠪᠣᠯᠤᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ ᠡᠨᠡ ᠤᠳᠠᠭᠠᠨ ᠤ ᠤᠷᠤᠯᠳᠤᠭᠠᠨ ᠪᠣᠯ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠮᠲᠤᠷᠠᠨ ᠡᠷᠬᠢᠯᠡᠭᠰᠡᠨ ᠲᠣᠮᠣ ᠬᠡᠯᠪᠡᠷᠢ ᠶᠢᠨ ᠤᠷᠤᠯᠳᠤᠭᠠᠨ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ  ᠬᠠᠮᠵᠢᠯᠴᠠᠭᠠᠨ ᠤ ︽ᠭᠤᠷᠪᠠᠨ ᠨᠢᠭᠡ · ᠭᠤᠷᠪᠠᠨ ᠠᠳᠠᠯᠢ︾ ᠰᠢᠨ᠎ᠡ ᠵᠠᠭᠪᠤᠷ ᠤᠨ ᠴᠢᠬᠤᠯᠠ ᠠᠭᠤᠯᠭ᠎ᠠ᠂ ᠪᠡᠭᠡᠵᠢᠩ ᠥᠪᠥᠷ ᠮᠣᠩᠭᠤᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠲᠠᠪᠴᠠᠩ ᠮᠥᠨ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ  ᠪᠡᠶ᠎ᠡ ᠶᠢᠨ ᠲᠠᠮᠢᠷ︶ ᠤᠨ ᠲᠣᠪᠴᠢᠶ᠎ᠠ ᠤᠷᠤᠯᠳᠤᠭᠠᠨ ᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠷᠤᠯᠳᠤᠭᠠᠨ ᠳᠤ ᠨᠡᠷ᠎ᠡ ᠮᠡᠳᠡᠭᠦᠯᠬᠦ ᠪᠠ ᠠᠩᠬᠠᠨ ᠤ ᠬᠢᠨᠠᠯᠲᠠ ᠬᠢᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠤᠷᠤᠯᠳᠤᠭᠠᠨ ᠢ ᠴᠠᠭ ᠲᠤᠬᠠᠢ ᠳᠤ ᠨᠢ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠡᠩ ᠤᠨ ᠳᠤᠮᠳᠠᠳᠤ ᠪᠠᠭ᠎ᠠ ᠰᠤᠷᠭᠠᠭᠤᠯᠢ ᠳᠤ ᠳᠠᠮᠵᠢᠭᠤᠯᠤᠨ ᠲᠠᠷᠬᠠᠭᠠᠵᠤ᠂ ᠤᠷᠤᠯᠳᠤᠭᠠᠨ ᠢ ᠤᠷᠤᠭᠰᠢᠲᠠᠢ  ᠥᠷᠨᠢᠭᠦᠯᠬᠦ ᠶᠢ ᠦᠨᠡᠨ ᠬᠦ ᠪᠠᠲᠤᠯᠠᠬᠤ ᠪᠠᠲᠤᠯᠠᠨ᠎ᠠ᠃      ︵ᠬᠤᠶᠠᠷ︶ ᠥᠷᠭᠡᠨ ᠬᠡᠪᠴᠢᠶᠡᠨ ᠳᠤ ᠰᠢᠯᠭᠠᠷᠠᠭᠤᠯᠤᠨ᠎ᠠ᠃ ᠡᠯ᠎ᠡ ᠡᠩ ᠤᠨ ᠳᠤᠮᠳᠠᠳᠤ ᠪᠠᠭ᠎ᠠ ᠰᠤᠷᠭᠠᠭᠤᠯᠢ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠠᠵᠠ ᠲᠣᠬᠢᠶᠠᠯ ᠢ ᠠᠳᠬᠤᠵᠤ᠂ ᠤᠷᠤᠯᠳᠤᠭᠠᠨ ᠢᠶᠠᠷ ᠭᠠᠷᠳᠠᠴᠠ ᠪᠣᠯᠭᠠᠨ᠂ ᠲᠣᠭᠠᠵᠢᠭᠤᠯᠤᠭᠰᠠᠨ ᠴᠠᠭ ᠦᠶ᠎ᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠤᠰ ᠰᠤᠷᠭᠠᠭᠤᠯᠢ ᠶᠢᠨ ᠭᠤᠣᠯᠯᠠᠭᠴᠢ ᠪᠠᠭᠰᠢ ᠶᠢᠨ ᠡᠩᠨᠡᠭᠡ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠪᠠᠭᠰᠢ ᠶᠢ ᠢᠳᠡᠪᠬᠢᠲᠡᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠵᠤ᠂ ᠪᠠᠭᠰᠢ ᠨᠠᠷ ᠤᠨ ᠤᠷᠤᠯᠳᠤᠭᠠᠨ ᠳᠤ ᠣᠷᠣᠯᠴᠠᠬᠤ ᠶᠢ ᠵᠢᠯᠣᠭᠤᠳᠬᠤ ᠶᠢᠨ ᠬᠠᠮᠲᠤ ᠮᠡᠷᠭᠡᠵᠢᠯ᠂ ᠲᠠᠯᠠᠪᠤᠷ ᠵᠡᠷᠭᠡ ᠴᠢᠬᠤᠯᠠ ᠪᠦᠬᠦᠢ ᠳᠡᠮᠵᠢᠯᠭᠡ ᠬᠠᠩᠭᠠᠨ᠎ᠠ᠃      ︵ᠭᠤᠷᠪᠠ︶ ᠪᠣᠭᠤᠮᠲᠠ ᠶᠢ ᠴᠢᠩᠭ᠎ᠠ ᠠᠳᠬᠤᠨ᠎ᠠ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠪᠣᠯᠤᠨ ᠡᠯ᠎ᠡ ᠡᠩ ᠤᠨ ᠳᠤᠮᠳᠠᠳᠤ ᠪᠠᠭ᠎ᠠ ᠰᠤᠷᠭᠠᠭᠤᠯᠢ ᠤᠷᠤᠯᠳᠤᠭᠠᠨ ᠳᠤ ᠣᠷᠣᠯᠴᠠᠬᠤ ᠪᠠᠭᠰᠢ ᠶᠢᠨ ᠮᠣᠷᠠᠯ ᠰᠤᠷᠲᠠᠯ ᠪᠣᠯᠤᠨ ᠤᠷᠤᠯᠳᠤᠭᠠᠨ ᠳᠤ ᠣᠷᠣᠯᠴᠠᠬᠤ ᠪᠦᠲᠦᠭᠡᠯ ᠤᠨ ᠠᠭᠤᠯᠭ᠎ᠠ ᠶᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠨ᠂ ᠪᠠᠭᠰᠢ ᠶᠢᠨ ᠮᠣᠷᠠᠯ ᠰᠤᠷᠲᠠᠯ ᠢ ᠵᠦᠷᠢᠴᠡᠵᠦ ᠪᠣᠯᠬᠤ ᠦᠭᠡᠢ᠃ ᠳᠡᠭᠡᠭᠰᠢ ᠲᠤᠰᠢᠶᠠᠭᠰᠠᠨ ᠤᠷᠤᠯᠳᠤᠭᠠᠨ ᠳᠤ ᠣᠷᠣᠯᠴᠠᠬᠤ ᠪᠦᠲᠦᠭᠡᠯ ᠡᠷᠬᠡᠪᠰᠢ ᠠᠩᠬᠠᠨ ᠤ ᠡᠭᠦᠳᠦᠯᠲᠡ ᠶᠢᠨ ᠴᠢᠨᠠᠷ᠂ ᠦᠨᠡᠨ ᠪᠣᠳᠠᠲᠤ ᠴᠢᠨᠠᠷ ᠢ ᠪᠠᠲᠤᠯᠠᠨ᠎ᠠ᠂ ᠬᠠᠭᠤᠯᠬᠤ ᠪᠤᠶᠤ ᠪᠤᠰᠤᠳ ᠤᠨ ᠪᠦᠲᠦᠭᠡᠯ ᠢ ᠬᠤᠯᠠᠭᠠᠶᠢᠯᠠᠵᠤ ᠪᠣᠯᠬᠤ ᠦᠭᠡᠢ᠂ ᠬᠡᠷᠪᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠤᠶᠤ ᠮᠡᠳᠡᠯᠭᠡ ᠶᠢᠨ ᠥᠮᠴᠢᠯᠡᠯ ᠤᠨ ᠡᠷᠬᠡ ᠳᠤ ᠬᠤᠯᠪᠣᠭᠳᠠᠬᠤ ᠵᠢᠭᠤᠷᠠᠯᠳᠤᠭᠠᠨ ᠲᠠᠢ ᠪᠣᠯ ᠤᠷᠤᠯᠳᠤᠭᠠᠨ ᠳᠤ ᠣᠷᠣᠯᠴᠠᠬᠤ ᠪᠠᠭᠰᠢ ᠥᠪᠡᠷ ᠢᠶᠠᠨ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠭᠤᠷᠮᠠᠭ ᠵᠣᠬᠢᠶᠠᠭᠰᠠᠨ ᠢ ᠣᠯᠵᠤ ᠮᠡᠳᠡᠪᠡᠯ᠂ ᠵᠣᠬᠢᠶᠠᠨ ᠪᠠᠶᠢᠭᠤᠯᠬᠤ ᠵᠦᠪᠯᠡᠯ ᠲᠡᠳᠡᠨ ᠤ ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠦᠴᠦᠨ ᠦᠭᠡᠢ ᠪᠣᠯᠭᠠᠬᠤ ᠶᠢᠨ ᠬᠠᠮᠲᠤ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠰᠤᠷᠭᠠᠨ ᠬᠥᠮᠥᠵᠢᠯ ︵ᠰᠤᠷᠭᠠᠨ ᠬᠥᠮᠦᠵᠢᠯ ᠪᠡᠶ᠎ᠡ  ᠶᠢᠨ ᠲᠠᠮᠢᠷ︶ ᠤᠨ ᠲᠣᠪᠴᠢᠶ᠎ᠠ ᠳᠤ ᠮᠡᠳᠡᠭᠳᠡᠨ᠎ᠡ᠃      ᠵᠣᠬᠢᠶᠠᠨ ᠪᠠᠶᠢᠭᠤᠯᠬᠤ ᠵᠦᠪᠯᠡᠯ ᠤᠨ ᠬᠠᠷᠢᠯᠴᠠᠬᠤ ᠬᠥᠮᠦᠨ᠄ ᠯᠢ ᠢ ᠹᠧᠩ      ᠬᠠᠷᠢᠯᠴᠠᠬᠤ ᠤᠲᠠᠰᠤ᠄ 010-88512948᠂ 13699236693      ᠢᠮᠧᠯ᠄ 3629@cnu.edu.cn      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠷᠢᠯᠴᠠᠬᠤ ᠬᠥᠮᠦᠨ᠄ ᠰᠢᠦᠢ ᠽᠢ ᠵᠢᠶᠠᠨ᠂ ᠢᠦᠢ ᠵᠢᠶᠧ      ᠬᠠᠷᠢᠯᠴᠠᠬᠤ ᠤᠲᠠᠰᠤ᠄ 0471 - 2857134      ᠳᠠᠭᠠᠯᠳᠤᠭᠤᠯᠤᠯ          1. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠤᠶᠠᠷ ᠬᠡᠮᠵᠢᠯᠳᠦ ᠺᠣᠳ᠋      2. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ      3. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ      4. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠤᠨ ᠸᠢᠳᠢᠤ᠋ ᠶᠢᠨ ᠱᠠᠭᠠᠷᠳᠠᠯᠭ᠎ᠠ      5. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ ᠵᠠᠭᠪᠤᠷ      6. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠢ ᠲᠤᠰᠢᠶᠠᠬᠤ ᠵᠦᠭᠯᠡᠭᠦᠷ      7. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠩᠬᠠᠨ ᠤ ᠬᠢᠨᠠᠯᠲᠠ ᠶᠢᠨ ᠵᠦᠭᠯᠡᠭᠦᠷ      8. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠡᠯ᠎ᠡ ᠠᠶᠢᠮᠠᠭ ᠬᠤᠲᠠ ᠶᠢᠨ ᠳᠠᠬᠢᠨ ᠬᠢᠨᠠᠭᠰᠠᠨ ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ               2024 ᠣᠨ ᠤ 8 ᠰᠠᠷ᠎ᠠ ᠶᠢᠨ 23 ᠤ ᠡᠳᠦᠷ    ᠳᠠᠭᠠᠯᠳᠤᠭᠤᠯᠤᠯ 1᠄ 1. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠵᠢᠴᠢ ᠬᠠᠷᠢᠯᠴᠠᠬᠤ ᠬᠤᠶᠠᠷ ᠬᠡᠮᠵᠢᠯᠳᠦ ᠺᠣᠳ᠋ .docxᠳᠠᠭᠠᠯᠳᠤᠭᠤᠯᠤᠯ 2᠄ 2. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠬᠦᠰᠦᠨᠦᠭᠲᠦ .docxᠳᠠᠭᠠᠯᠳᠤᠭᠤᠯᠤᠯ 3᠄ 3. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠬᠠᠷᠢᠯᠴᠠᠬᠤ ᠬᠦᠰᠦᠨᠦᠭᠲᠦ .docxᠳᠠᠭᠠᠯᠳᠤᠭᠤᠯᠤᠯ 4᠄ 4. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠤᠨ ᠸᠢᠳᠢᠤ᠋ ᠶᠢᠨ ᠱᠠᠭᠠᠷᠳᠠᠯᠭ᠎ᠠ .docxᠳᠠᠭᠠᠯᠳᠤᠭᠤᠯᠤᠯ 5᠄ 5. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠤᠨ ᠵᠠᠭᠪᠤᠷ .docxᠳᠠᠭᠠᠯᠳᠤᠭᠤᠯᠤᠯ 6᠄ 6. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠪᠦᠲᠦᠭᠡᠯ ᠢ ᠲᠤᠰᠢᠶᠠᠬᠤ ᠵᠦᠭᠯᠡᠭᠦᠷ .docxᠳᠠᠭᠠᠯᠳᠤᠭᠤᠯᠤᠯ 7᠄ 7. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠩᠬᠠᠨ ᠤ ᠬᠢᠨᠠᠯᠲᠠ ᠶᠢᠨ ᠵᠦᠭᠯᠡᠭᠦᠷ .docxᠳᠠᠭᠠᠯᠳᠤᠭᠤᠯᠤᠯ 8᠄ 8. ᠬᠤᠶᠠᠳᠤᠭᠠᠷ ᠬᠤᠭᠤᠴᠠᠭᠠᠨ ᠤ ︽ᠲᠡᠮᠡᠭᠡᠨ ᠬᠤᠩᠬᠤ ᠬᠤᠨᠳᠠᠭᠠᠲᠤ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠡᠯ᠎ᠡ ᠠᠶᠢᠮᠠᠭ ᠬᠤᠲᠠ ᠶᠢᠨ ᠳᠠᠬᠢᠨ ᠬᠢᠨᠠᠭᠰᠠᠨ ᠣᠷᠣᠨ ᠲᠤᠭ᠎ᠠ ᠶᠢᠨ ᠬᠤᠪᠢᠶᠠᠷᠢᠯᠠᠯᠲᠠ ᠶᠢᠨ ᠬᠦᠰᠦᠨᠦᠭᠲᠦ .docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map