2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/8/28
      ᠣᠶᠢᠷ᠎ᠠ ᠶᠢᠨ ᠡᠳᠦᠷ᠂ 6 ᠡᠳᠦᠷ ᠶᠠᠪᠤᠭᠳᠠᠭᠰᠠᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠬᠥᠬᠡᠬᠤᠲᠠ ᠳᠤ ᠥᠨᠳᠥᠷᠯᠡᠪᠡ᠃

1.webp.png

2.webp.png

                ᠤᠷᠤᠯᠳᠤᠭᠠᠨ ᠤ ᠠᠬᠤᠢ ᠲᠠᠯᠠᠪᠠᠢ

      ᠡᠨᠡ ᠤᠳᠠᠭᠠᠨ ᠤ ᠬᠤᠯᠪᠣᠭᠠᠲᠤ ᠤᠷᠤᠯᠳᠤᠭᠠᠨ ᠳᠤ ᠬᠥᠬᠡᠬᠤᠲᠠ᠂ ᠪᠤᠭᠤᠲᠤ ᠬᠤᠲᠠ᠂ ᠣᠷᠳᠣᠰ ᠬᠤᠳᠠ᠂

ᠤᠯᠠᠭᠠᠨᠴᠠᠪ ᠬᠤᠲᠠ ᠠᠴᠠ ᠢᠷᠡᠭᠰᠡᠨ 32  ᠠᠩᠭᠢ ᠶᠢᠨ 600 ᠰᠢᠬᠠᠮ ᠵᠠᠯᠠᠭᠤᠴᠤᠳ ᠪᠠᠭᠠᠴᠤᠳ ᠲᠠᠮᠢᠷᠴᠢᠨ

ᠣᠷᠣᠯᠴᠠᠵᠤ᠂ ᠪᠠᠭ᠎ᠠ ᠰᠤᠷᠭᠠᠭᠤᠯᠢ ᠶᠢᠨ ᠡᠷᠡᠭᠲᠡᠢ᠂ ᠡᠮᠡᠭᠲᠡᠢ ᠶᠢᠨ ᠬᠥᠬᠡ᠂ ᠬᠥᠬᠡᠭᠴᠢᠨ᠂ ᠤᠯᠠᠭᠠᠨ ᠳᠤᠭᠤᠶᠢᠯᠠᠩ

ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ᠂ ᠡᠮᠡᠭᠲᠡᠢ ᠶᠢᠨ ᠳᠤᠭᠤᠶᠢᠯᠠᠩ ᠭᠡᠵᠦ 8

ᠳᠤᠭᠤᠶᠢᠯᠠᠩ ᠬᠤᠪᠢᠶᠠᠵᠤ᠂ ᠵᠠᠭᠤ ᠰᠢᠬᠠᠮ ᠲᠠᠯᠠᠪᠤᠷ ᠰᠢᠷᠦᠭᠦᠨ ᠮᠥᠷᠦᠶᠢᠴᠡᠭᠡᠨ ᠶᠠᠪᠤᠭᠤᠯᠪᠠ᠃ ᠬᠤᠷᠴᠠ ᠰᠢᠷᠦᠭᠦᠨ

ᠮᠥᠷᠦᠶᠢᠴᠡᠭᠡᠨ ᠢᠶᠠᠷ ᠳᠠᠮᠵᠢᠨ᠂ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠭᠠᠷᠮᠠᠭᠠᠢ ᠢᠯᠡᠷᠡᠯ ᠢᠶᠠᠷ ᠪᠠᠭ᠎ᠠ

ᠰᠤᠷᠭᠠᠭᠤᠯᠢ ᠶᠢᠨ ᠡᠷᠡᠭᠲᠡᠢ᠂ ᠡᠮᠡᠭᠲᠡᠢ ᠶᠢᠨ ᠡᠯ᠎ᠡ ᠨᠠᠰᠤᠨ ᠤ ᠳᠤᠭᠤᠶᠢᠯᠠᠩ ᠵᠢᠴᠢ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠡᠷᠡᠭᠲᠡᠢ ᠡᠮᠡᠭᠲᠡᠢ ᠶᠢᠨ ᠳᠤᠭᠤᠶᠢᠯᠠᠩ ᠤᠨ ᠮᠠᠩᠯᠠᠢ ᠳᠤ ᠲᠣᠳᠤᠷᠠᠪᠠ᠃ ᠡᠭᠦᠨ ᠠᠴᠠ ᠭᠠᠳᠠᠨ᠎ᠠ᠂

ᠬᠤᠯᠪᠣᠭᠠᠲᠤ ᠤᠷᠤᠯᠳᠤᠭᠠᠨ ᠳᠤ ᠪᠠᠰᠠ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ᠂ ᠪᠡᠶ᠎ᠡ ᠶᠢᠨ ᠲᠠᠮᠢᠷ ᠤᠨ

ᠶᠣᠰᠣ ᠮᠣᠷᠠᠯ ᠬᠡᠪ ᠰᠤᠷᠲᠠᠯ ᠤᠨ ᠱᠠᠩᠨᠠᠯ᠂ ᠬᠠᠮᠤᠭ ᠤᠨ ᠰᠢᠯᠢᠳᠡᠭ ᠬᠠᠷᠪᠤᠭᠴᠢ᠂ ᠰᠢᠯᠢᠳᠡᠭ ᠬᠢᠨᠠᠭᠴᠢ᠂ ᠰᠢᠯᠢᠳᠡᠭ

ᠰᠤᠷᠭᠠᠭᠴᠢ᠂ ᠰᠢᠯᠢᠳᠡᠭ ᠲᠠᠮᠢᠷᠴᠢᠨ᠂ ᠪᠦᠬᠦ ᠣᠳᠣ ᠶᠢᠨ ᠤᠷᠤᠯᠳᠤᠭᠠᠨ ᠤ ᠲᠠᠮᠢᠷᠴᠢᠨ᠂ ᠰᠣᠨᠢᠷᠬᠠᠯᠲᠤ

ᠠᠵᠢᠯᠯᠠᠭᠠᠨ ᠤ ᠤᠷᠤᠯᠳᠤᠭᠠᠨ ᠵᠡᠷᠭᠡ ᠣᠯᠠᠨ ᠲᠥᠷᠥᠯ ᠤᠨ ᠱᠠᠩᠨᠠᠯ ᠢ ᠣᠯᠭᠤᠵᠤ᠂ ᠤᠷᠤᠯᠳᠤᠭᠠᠨ ᠤ ᠶᠠᠪᠤᠴᠠ ᠳᠤ

ᠲᠣᠪᠤᠶᠢᠮ᠎ᠠ ᠬᠤᠪᠢ ᠬᠥᠮᠦᠨ ᠪᠠ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠪᠠ᠃

3.png

4.png

                ᠡᠯ᠎ᠡ ᠳᠤᠭᠤᠶᠢᠯᠠᠩ ᠤᠨ ᠮᠠᠩᠯᠠᠢ ᠳᠤ ᠱᠠᠩᠨᠠᠯ ᠭᠠᠷᠳᠠᠭᠤᠯᠵᠤ ᠪᠠᠶᠢᠭ᠎ᠠ ᠨᠢ

      ᠤᠷᠤᠯᠳᠤᠭᠠᠨ ᠥᠨᠳᠦᠷᠯᠡᠬᠦ ᠶᠣᠰᠣᠯᠠᠯ ᠳᠡᠭᠡᠷ᠎ᠡ᠂ ᠳᠥᠷᠪᠡᠨ ᠬᠤᠲᠠ ᠶᠢᠨ ᠲᠥᠯᠥᠭᠡᠯᠡᠭᠴᠢᠳ ᠤᠨ ᠠᠩᠭᠢ

ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠭᠰᠠᠨ ᠤ ᠬᠠᠮᠲᠤ ᠲᠤᠭ ᠲᠤᠰᠢᠶᠠᠬᠤ

ᠶᠣᠰᠣᠯᠠᠯ ᠶᠠᠪᠤᠭᠤᠯᠤᠭᠰᠠᠨ ᠨᠢ ᠳᠠᠷᠠᠭ᠎ᠠ ᠬᠤᠭᠤᠴᠠᠭᠠᠨ ᠤ ᠬᠤᠯᠪᠣᠭᠠᠲᠤ ᠤᠷᠤᠯᠳᠤᠭᠠᠨ ᠤᠯᠠᠭᠠᠨᠴᠠᠪ ᠬᠤᠲᠠ ᠳᠤ

ᠶᠠᠪᠤᠭᠳᠠᠬᠤ ᠶᠢ ᠪᠡᠯᠭᠡᠳᠡᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠵᠣᠷᠢᠭ ᠰᠠᠨᠠᠭ᠎ᠠ ᠶᠢ

ᠦᠷᠭᠦᠯᠵᠢᠯᠡᠨ ᠤᠯᠠᠮᠵᠢᠯᠠᠨ ᠪᠠᠳᠠᠷᠠᠭᠤᠯᠬᠤ ᠪᠣᠯᠤᠨ᠎ᠠ᠃

5.png

                ᠤᠷᠠᠨ ᠰᠠᠶᠢᠬᠠᠨ ᠤ ᠲᠣᠭᠯᠠᠯᠲᠠ

       

      ᠡᠨᠡ ᠤᠳᠠᠭᠠᠨ ᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ︽ᠬᠥᠬᠡᠬᠤᠲᠠ ᠪᠤᠭᠤᠲᠤ ᠣᠷᠳᠣᠰ

ᠤᠯᠠᠭᠠᠨᠴᠠᠪ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ

ᠲᠥᠯᠥᠪᠵᠢᠭᠦᠯᠭᠡ︾ ᠶᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ

ᠪᠠᠶᠢᠨ᠎ᠠ᠃ ᠡᠭᠦᠨ ᠤ ᠬᠠᠮᠲᠤ ᠪᠠᠰᠠ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠤᠨ ᠥᠷᠭᠡᠨ ᠣᠯᠠᠨ

ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤ ᠥᠪᠡᠷ ᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠣᠯᠢᠯᠴᠠᠬᠤ

ᠲᠠᠪᠴᠠᠩ ᠬᠠᠩᠭᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map