ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ 8 ᠳ᠋ᠤᠭᠠᠷ | ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ | ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠣᠯ ᠰᠡᠳᠦᠪ | ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠨᠠᠰᠤᠵᠢᠯ ᠤᠨ ᠠᠵᠢᠯ ᠤᠨ | ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ | ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠢᠳᠡᠪᠬᠢᠲᠡᠢ ᠨᠠᠰᠤᠵᠢᠯ ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ ᠶᠢᠨ ᠣᠨᠣᠯᠵᠢᠬᠤᠨ ᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠰᠤᠵᠢᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ ᠶᠢᠨ ᠫᠷᠤᠹᠧᠰᠰᠤᠷ ᠦ᠋ ᠢᠦᠢ ᠱᠤᠤ ᠲᠠᠶᠢᠯᠤᠮᠵᠢ ᠬᠢᠪᠡ᠃ ᠲᠥᠷᠥ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠭᠦᠸᠧ ᠵᠥᠩ᠂ ᠲᠥᠷᠥ ᠶᠢᠨ ᠶᠠᠪᠤᠳᠠᠯ ᠤᠨ ᠬᠤᠷᠢᠶᠠᠨ ᠤ | ᠭᠡᠰᠢᠭᠦᠨ ᠸᠠᠩ ᠰᠢᠶᠤᠤ ᠬᠤᠩ᠂ ᠱᠧᠨ ᠢ ᠴᠢᠨ ᠨᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | | | | | | 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ︽ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ | ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠶᠢᠰᠦᠳᠦᠭᠡᠷ ᠤᠳᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ | ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ | ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ | | | ᠯᠢ ᠴᠢᠶᠠᠩ ᠲᠣᠰ ᠲᠠᠶᠢᠯᠤᠮᠵᠢ ᠪᠠ ᠰᠠᠨᠠᠯ ᠢᠶᠠᠨ ᠰᠣᠯᠢᠯᠴᠠᠭᠰᠠᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ | ᠬᠥᠮᠦᠨ ᠠᠮᠠ ᠶᠢᠨ ᠨᠠᠰᠤᠵᠢᠯᠲᠠ ᠪᠣᠯ ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ | ᠦᠨᠳᠦᠰᠦᠨ ᠪᠠᠶᠢᠳᠠᠯ ᠮᠥᠨ᠃ ᠨᠠᠰᠤᠵᠢᠯᠲᠠ ᠶᠢᠨ ᠬᠥᠭᠵᠢᠯ ᠤᠨ ᠰᠢᠨ᠎ᠡ ᠪᠠᠶᠢᠳᠠᠯ ᠢ ᠪᠤᠰᠤᠳᠴᠢ | ᠬᠤᠪᠢᠰᠤᠩᠭᠤᠢ ᠪᠠᠷ ᠦᠵᠡᠬᠦ ᠬᠡᠷᠡᠭᠲᠡᠢ᠃ ᠨᠠᠰᠤᠵᠢᠯᠳᠠ ᠠᠴᠠ ᠪᠣᠯᠣᠭᠰᠠᠨ ᠥᠷᠢᠰᠥᠯᠳᠦᠭᠡᠨ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠮᠥᠷᠲᠡᠭᠡᠨ ᠪᠠᠰᠠ ᠨᠠᠰᠤᠵᠢᠯᠳᠠ ᠳᠤ ᠰᠢᠨ᠎ᠡ ᠬᠥᠭᠵᠢᠯᠲᠡ ᠶᠢᠨ ᠲᠣᠬᠢᠶᠠᠯ ᠬᠠᠳᠠᠭᠠᠯᠠᠭᠳᠠᠵᠤ᠂ | ᠨᠠᠰᠤᠵᠢᠭᠰᠠᠨ ᠬᠥᠮᠦᠨ ᠠᠮᠠ ᠴᠤ ᠨᠠᠨᠳᠢᠨ ᠡᠬᠢ ᠪᠠᠶᠠᠯᠢᠭ ᠪᠣᠯᠬᠤ ᠶᠢ ᠣᠯᠵᠤ ᠬᠠᠷᠠᠬᠤ ᠬᠡᠷᠡᠭᠲᠡᠢ᠃ ᠪᠠᠶᠢᠳᠠᠯ ᠢ | ᠠᠶᠠᠳᠠᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠪᠠᠨ | ᠴᠢᠩᠭᠠᠳᠬᠠᠵᠤ᠂ ᠤᠷᠢᠳᠴᠢᠯᠠᠭᠰᠠᠨ ᠪᠠᠶᠢᠷᠢᠯᠠᠭᠤᠯᠤᠯᠲᠠ ᠬᠢᠵᠦ᠂ ᠬᠥᠮᠦᠨ ᠠᠮᠠ ᠶᠢᠨ ᠨᠠᠰᠤᠵᠢᠯᠲᠠ ᠶᠢ | ᠠᠷᠭᠠᠴᠠᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠦᠢᠯᠡᠴᠢᠯᠡᠭᠡ᠂ | ᠪᠠᠯᠠ ᠮᠥᠩᠭᠦ ᠪᠠ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ | ᠠᠷᠭᠠᠴᠠᠭᠠᠬᠤ ᠶᠠᠪᠤᠴᠠ ᠳᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | ᠯᠢ ᠴᠢᠶᠠᠩ᠂ ︽ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠬᠤ︾ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠭᠡᠷ ᠲᠤ ᠪᠠᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠬᠦᠷᠲᠡᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ | ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠬᠡᠷ ᠲᠤ ᠨᠢ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ᠂ | ᠬᠠᠭᠤᠴᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠠᠷᠭ᠎ᠠ | ᠵᠠᠮ ᠢ ᠰᠦᠪᠡᠭᠴᠢᠯᠡᠨ᠎ᠡ᠃ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ | ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠬᠡᠨ᠂ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠥᠷᠨᠢᠭᠦᠯᠬᠦ ᠶᠢ ᠳᠡᠮᠵᠢᠨ᠎ᠡ᠃ ᠴᠢᠳᠠᠪᠤᠷᠢ ᠪᠠᠨ ᠠᠯᠳᠠᠭᠰᠠᠨ ᠨᠠᠰᠤᠲᠠᠳ ᠢ | ᠬᠠᠷᠠᠭᠠᠯᠵᠠᠨ ᠠᠰᠠᠷᠠᠬᠤ ᠬᠡᠷᠡᠭᠴᠡᠭᠡ ᠳᠤ ᠴᠢᠭᠯᠡᠭᠦᠯᠦᠨ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢᠨ | ᠦᠢᠯᠡᠳᠦᠯ ᠢ ᠭᠦᠨᠵᠡᠭᠡᠶ ᠠᠬᠢᠭᠤᠯᠵᠤ᠂ ᠰᠤᠪᠢᠯᠠᠯᠲᠠ ᠶᠢᠨ ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ | ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠶᠡᠭᠡ ᠭᠡᠪᠴᠢᠶᠡᠨ ᠤ | ᠮᠡᠷᠭᠡᠰᠢᠯ ᠴᠢᠳᠡᠪᠦᠷᠢ ᠶᠢᠨ ᠪᠣᠯᠪᠠᠰᠤᠷᠠᠯ ᠢ ᠦᠷᠨᠢᠬᠦᠯᠵᠦ᠂ ᠨᠠᠰᠣᠵᠢᠯ ᠤᠨ ᠰᠣᠪᠢᠯᠠᠯᠳᠡ ᠶᠢᠨ ᠠᠵᠢᠯ ᠮᠡᠷᠭᠡᠵᠢᠯ ᠤᠨ | ᠳᠡᠳᠠᠬᠤ ᠬᠦᠴᠣᠨ ᠢ ᠨᠡᠮᠡᠭᠳᠡᠭᠦᠯᠦᠨ᠎ᠡ᠃ ︽ᠥᠲᠡᠯᠦᠭᠰᠡᠳ ᠲᠤ ᠲᠦᠰᠢᠭ ᠲᠠᠢ ᠪᠠᠶᠢᠯᠭᠠᠬᠤ︾ ᠪᠡᠯᠡ ᠮᠥᠩᠭᠦ ᠶᠢᠨ | ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ | ᠲᠥᠯᠥᠪᠯᠡᠬᠦ ᠲᠦᠷᠢᠮ ᠢ ᠲᠡᠭᠦᠯᠳᠡᠷᠵᠢᠭᠦᠯᠵᠦ᠂ ᠤᠯᠠᠨ ᠲᠡᠰ ᠳᠠᠪᠬᠤᠷᠭ᠎ᠠ ᠤᠯᠠᠨ ᠲᠤᠯᠭᠠᠭᠤᠷᠢ ᠪᠦᠬᠦᠢ ᠨᠠᠰᠤᠵᠢᠯ ᠤᠨ | ᠳᠠᠭᠠᠳᠬᠠᠯ ᠤᠨ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠬᠦ ᠬᠡᠷᠡᠭᠲᠡᠢ᠃ ︽ᠥᠲᠡᠯᠦᠭᠰᠡᠳ ᠲᠤ ᠬᠢᠳᠡᠯ ᠲᠠᠢ | ᠪᠠᠶᠢᠯᠭᠠᠬᠤ︾ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠶᠢᠴᠤᠳ ᠤᠨ ᠬᠥᠮᠥᠨ ᠤ ᠬᠦᠴᠦᠨ ᠤ ᠡᠬᠢ | ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠨᠠᠰᠤᠲᠠᠶᠢᠴᠤᠳ ᠲᠤ ᠲᠣᠬᠢᠷᠠᠭᠰᠠᠨ ᠤᠯᠠᠨ ᠶᠠᠩᠵᠤᠲᠤ᠂ | ᠥᠪᠡᠷᠮᠢᠴᠡ ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢᠨ ᠪᠠᠭᠲᠠᠭᠠᠮᠵᠢ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂ ᠨᠠᠰᠤᠲᠠᠶᠢᠴᠤᠳ ᠤᠨ ᠬᠡᠷᠡᠭᠰᠡᠯ ᠢ | ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠳᠠᠯ ᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠪᠣᠯ ᠪᠥᠬᠦ ᠲᠠᠯ᠎ᠠ ᠶᠢᠨ | ᠴᠢᠨᠠᠷᠲᠠᠶ᠂ ᠣᠷᠳᠣ ᠬᠤᠭᠤᠴᠠᠭᠠᠨ ᠤ ᠴᠢᠨᠠᠷᠲᠠᠶ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠯᠠᠮ ᠨᠢᠭᠡ | ᠠᠯᠬᠤᠮ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠤᠳᠤᠯᠭ᠎ᠠ ᠶᠢ ᠲᠣᠭᠲᠠᠭᠠᠨ | ᠲᠡᠭᠦᠯᠳᠡᠷᠵᠢᠭᠦᠯᠵᠦ᠂ ᠨᠠᠰᠤᠵᠢᠯ ᠤᠨ ᠠᠵᠢᠯ ᠳᠤᠮᠳᠠᠬᠢ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠨᠠᠰᠤᠲᠠᠶᠢᠴᠤᠳ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | |