2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ    ᠵᠠᠮ︾ ᠳᠤᠮᠳᠠᠳᠤ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠵᠤᠰᠠᠯᠠᠩ ᠡᠬᠢᠯᠡᠪᠡ
ᠨᠡᠶᠢᠲᠡᠯᠡᠭᠰᠡᠨ ᠴᠠᠭ᠄
2024/8/30
      ᠳᠤᠮᠳᠠᠳᠤ ᠣᠷᠣᠰ᠂ ᠳᠤᠮᠳᠠᠳᠤ ᠮᠣᠩᠭᠤᠯ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠶᠢᠨ ᠲᠠᠰᠢᠷᠠᠮ ᠢᠶᠠᠷ᠂ ᠣᠶᠢᠷ᠎ᠠ ᠳᠤ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠤᠨ ᠳᠤᠮᠳᠠᠳᠤ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠵᠤᠰᠠᠯᠠᠩ ᠮᠠᠨᠵᠤᠤᠷ ᠬᠤᠲᠠ ᠳᠤ ᠡᠬᠢᠯᠡᠪᠡ᠃   

1.webp.png

      ᠠᠵᠢᠯᠯᠠᠭᠠᠨ ᠤ ᠭᠤᠣᠯ ᠰᠡᠳᠦᠪ ᠪᠣᠯ ︽ᠵᠠᠯᠠᠭᠤ ᠨᠠᠰᠤᠨ ᠳᠤ ᠪᠠᠨ ᠴᠤᠭᠯᠠᠷᠠᠵᠤ᠂ ᠪᠥᠮᠪᠦᠭᠡ ᠪᠠᠷ

ᠨᠥᠬᠦᠷᠯᠡᠯ ᠢ ᠵᠤᠵᠠᠭᠠᠳᠬᠠᠨ᠂ ᠤᠮᠠᠷᠠᠲᠤ ᠬᠢᠯᠢ ᠶᠢ ᠨᠡᠭᠡᠭᠡᠵᠦ᠂ ᠬᠠᠷᠢᠯᠴᠠᠨ ᠠᠬᠢᠭᠤᠯᠵᠤ ᠬᠠᠮᠲᠤ ᠳᠤ ᠪᠠᠨ

ᠤᠷᠤᠭᠰᠢᠯᠠᠬᠤ︾ ᠪᠣᠯᠤᠨ᠎ᠠ᠃ ᠡᠨᠡ ᠪᠣᠯ 4 ᠵᠢᠯ ᠠᠯᠤᠰᠯᠠᠨ᠂ ᠡᠨᠡ ᠬᠦ ᠬᠥᠯ ᠪᠥᠮᠪᠦᠭᠡᠨ ᠤ ᠵᠤᠰᠠᠯᠠᠩ ᠢ ᠮᠠᠨᠵᠤᠤᠷ

ᠬᠤᠲᠠ ᠳᠤ ᠳᠠᠬᠢᠨᠲᠠ ᠡᠷᠬᠢᠯᠡᠵᠦ ᠪᠠᠶᠢᠭ᠎ᠠ ᠶᠠᠪᠤᠳᠠᠯ ᠪᠣᠯᠤᠨ᠎ᠠ᠃ ᠡᠨᠡ ᠤᠳᠠᠭᠠᠨ ᠤ ᠬᠥᠯ ᠪᠥᠮᠪᠦᠭᠡᠨ ᠤ

ᠵᠤᠰᠠᠯᠠᠩ ᠤᠨ ᠤᠷᠤᠯᠳᠤᠭᠠᠨ ᠤ ᠣᠷᠣᠯᠴᠠᠬᠤ ᠬᠡᠪᠴᠢᠶ᠎ᠡ ᠶᠢ ᠣᠷᠣᠰ ᠤᠨ ᠬᠤᠯᠪᠣᠭᠠᠨ ᠤ ᠴᠢᠲ᠋ᠠ ᠬᠤᠳᠠ᠂

ᠤᠯᠠᠭᠠᠨᠨᠤᠳᠠ ᠬᠤᠳᠠ᠂ ᠢᠷᠺᠦ᠋ᠼᠺ ᠬᠤᠲᠠ ᠬᠦᠷᠲᠡᠯ᠎ᠡ ᠥᠷᠭᠡᠳᠭᠡᠵᠦ᠂ ᠮᠣᠩᠭᠤᠯ ᠤᠯᠤᠰ ᠤᠨ ᠡᠷᠳᠡᠨᠢᠲᠦ ᠬᠤᠲᠠ

ᠵᠢᠴᠢ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠪᠣᠯᠤᠨ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠵᠡᠷᠭᠡ 11 ᠬᠥᠷᠰᠢ ᠵᠡᠷᠭᠡᠯᠡᠳᠡᠭᠡ ᠭᠠᠵᠠᠷ ᠣᠷᠣᠨ ᠤ 16 ᠤᠷᠤᠯᠳᠤᠭᠠᠨ ᠳᠤ ᠣᠷᠣᠯᠴᠠᠬᠤ

ᠠᠩᠭᠢ ᠶᠢᠨ 300 ᠭᠠᠷᠤᠢ ᠲᠠᠮᠢᠷᠴᠢᠨ ᠣᠷᠣᠯᠴᠠᠵᠠᠢ᠃ ᠤᠷᠤᠯᠳᠤᠭᠠᠨ ᠤ ᠲᠥᠷᠥᠯ ᠵᠦᠢᠯ ᠤᠨ ᠰᠢᠨ᠎ᠡ ᠶᠢ ᠡᠭᠦᠳᠬᠦ

ᠠᠷᠪᠠᠨ ᠨᠢᠭᠡᠨ ᠬᠥᠮᠦᠨ ᠤ ᠳᠦᠷᠢᠮᠲᠦ ᠬᠥᠯ ᠪᠥᠮᠪᠦᠭᠡᠨ ᠤ ᠨᠥᠬᠦᠷᠯᠡᠯ ᠤᠨ ᠤᠷᠤᠯᠳᠤᠭᠠᠨ ᠪᠠ ︽ᠬᠥᠭᠵᠢᠶᠡᠨᠲᠦ

ᠬᠥᠯ ᠪᠥᠮᠪᠦᠭᠡ︾ ᠶᠢᠨ ᠪᠦᠵᠢᠭᠲᠦ ᠵᠢᠭᠰᠠᠭᠠᠯ ᠤᠨ ᠬᠡᠰᠡᠭ ᠢ ᠳᠣᠭᠢᠷᠠᠭᠤᠯᠵᠤ᠂ ᠠᠵᠢᠯᠯᠠᠭᠴᠢ ᠶᠢᠨ ᠬᠥᠯ

ᠪᠥᠮᠪᠦᠭᠡᠨ ᠤ ᠬᠥᠳᠡᠯᠭᠡᠭᠡᠨ ᠤ ᠤᠷ᠎ᠠ ᠴᠢᠳᠠᠪᠤᠷᠢ ᠶᠢ ᠭᠠᠶᠢᠬᠠᠭᠤᠯᠤᠭᠰᠠᠨ ᠢᠶᠠᠷ ᠪᠠᠷᠠᠬᠤ ᠦᠭᠡᠢ ᠪᠠᠰᠠ ᠤᠯᠤᠰ

ᠠᠯᠤᠰᠯᠠᠭᠰᠠᠨ ᠪᠤᠶᠤ ᠭᠠᠵᠠᠷ ᠣᠷᠣᠨ ᠠᠯᠤᠰᠯᠠᠭᠰᠠᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠣᠶᠣᠯ ᠢ

ᠰᠣᠯᠢᠯᠴᠠᠵᠤ ᠲᠣᠯᠢᠯᠠᠭᠤᠯᠪᠠ᠃ ᠠᠵᠢᠯᠯᠠᠭᠠᠨ ᠤ ᠠᠭᠤᠯᠭ᠎ᠠ ᠳᠤ ᠰᠣᠶᠣᠯ ᠤᠨ ᠰᠤᠳᠤᠯᠤᠨ ᠰᠤᠷᠤᠯᠴᠠᠬᠤ

ᠰᠣᠯᠢᠯᠴᠠᠭᠠᠨ ᠤ ᠲᠥᠷᠥᠯ ᠵᠦᠢᠯ ᠢ ᠰᠢᠨ᠎ᠡ ᠪᠠᠷ ᠨᠡᠮᠡᠭᠰᠡᠨ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ

ᠵᠠᠯᠠᠭᠤᠴᠤᠳ ᠪᠠᠭᠠᠴᠤᠳ ᠲᠤ ᠬᠥᠯ ᠪᠥᠮᠪᠦᠭᠡᠨ ᠤ ᠰᠣᠶᠣᠯ ᠢᠶᠠᠷ ᠬᠤᠯᠪᠣᠭᠠᠰᠤ ᠪᠣᠯᠭᠠᠭᠰᠠᠨ ᠰᠣᠯᠢᠯᠴᠠᠭᠠᠨ ᠤ

ᠲᠠᠪᠴᠠᠩ ᠪᠠᠶᠢᠭᠤᠯᠤᠨ ᠥᠭᠴᠦ᠂ ᠠᠵᠢᠯᠯᠠᠭᠴᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠶᠠᠪᠤᠴᠠ ᠳᠤ ᠠᠭᠤᠰᠤᠯᠴᠠᠨ

ᠲᠣᠯᠢᠯᠠᠵᠤ᠂ ᠪᠡᠶ᠎ᠡ ᠮᠠᠬᠠᠪᠣᠳ  ᠢᠶᠠᠨ ᠪᠣᠯᠪᠠᠰᠤᠷᠠᠭᠤᠯᠬᠤ ᠶᠢᠨ ᠬᠠᠮᠲᠤ ᠬᠥᠯ ᠪᠥᠮᠪᠦᠭᠡᠨ ᠤ ᠬᠥᠳᠡᠯᠭᠡᠭᠡᠨ ᠤ ᠪᠠᠶᠠᠷ

ᠪᠠᠶᠠᠰᠤᠯ ᠢ ᠭᠦᠢᠴᠡᠳ ᠬᠤᠪᠢᠶᠠᠯᠴᠠᠪᠠ᠃

   

2.webp.png

3.webp.png

4.webp.png

      ᠮᠠᠨᠵᠤᠤᠷ ᠬᠤᠲᠠ ᠶᠢᠨ ᠲᠥᠯᠥᠭᠡᠯᠡᠭᠴᠢᠳ ᠤᠨ ᠠᠩᠭᠢ ᠪᠣᠯᠤᠨ ᠮᠣᠩᠭᠤᠯ ᠤᠯᠤᠰ ᠤᠨ ᠡᠷᠳᠡᠨᠢᠲᠦ

ᠬᠤᠲᠠ ᠶᠢᠨ ᠲᠥᠯᠥᠭᠡᠯᠡᠭᠴᠢᠳ ᠤᠨ ᠠᠩᠭᠢ ᠶᠢᠨ ᠣᠷᠭᠢᠯᠤᠮ᠎ᠠ ᠰᠡᠳᠬᠢᠯᠭᠡᠲᠦ ᠬᠥᠰᠢᠭᠡ ᠰᠡᠬᠦᠬᠦ ᠤᠷᠤᠯᠳᠤᠭᠠᠨ ᠢ

ᠳᠠᠭᠠᠯᠳᠤᠨ 5 ᠡᠳᠦᠷ ᠤᠨ ᠬᠤᠭᠤᠴᠠᠭ᠎ᠠ ᠲᠠᠢ ᠬᠥᠯ ᠪᠥᠮᠪᠦᠭᠡᠨ ᠤ ᠵᠤᠰᠠᠯᠠᠩ ᠵᠢᠩᠬᠢᠨᠢ ᠪᠠᠷ ᠡᠬᠢᠯᠡᠪᠡ᠃ ᠳᠤᠮᠳᠠᠳᠤ

ᠣᠷᠣᠰ ᠮᠣᠩᠭᠤᠯ ᠭᠤᠷᠪᠠᠨ ᠤᠯᠤᠰ  ᠤᠨ ᠵᠠᠯᠠᠭᠤᠴᠤᠳ ᠪᠠᠭᠠᠴᠤᠳ ᠬᠠᠮᠲᠤᠷᠠᠨ ᠭᠤᠶᠢᠳᠠ ᠰᠠᠶᠢᠬᠠᠨ ᠰᠣᠶᠣᠯ

ᠤᠷᠠᠯᠢᠭ ᠤᠨ ᠰᠣᠯᠢᠯᠴᠠᠭᠠᠨ ᠤ ᠲᠣᠭᠯᠠᠯᠲᠠ ᠭᠠᠷᠭᠠᠵᠤ᠂ ᠤᠯᠠᠮᠵᠢᠯᠠᠯᠲᠤ ᠰᠢ ᠲᠠᠭᠤᠤᠷᠢᠯᠢᠭ ᠤᠨ ᠲᠣᠭᠯᠠᠯᠲᠠ ︽

ᠱᠥᠸᠧ ᠴᠠᠩ ᠯᠢᠶᠠᠨ ᠫᠦ᠋︾᠂ ᠠᠮᠢᠵᠢᠷᠠᠯ ᠤᠨ ᠬᠦᠴᠦᠨ ᠪᠢᠯᠬᠠᠭᠰᠠᠨ ᠬᠥᠯ ᠪᠥᠮᠪᠦᠭᠡᠨ ᠤ ︽ᠬᠥᠭᠵᠢᠶᠡᠨᠲᠦ ᠪᠡᠶ᠎ᠡ ᠶᠢᠨ

ᠲᠠᠮᠢᠷ︾᠂ ᠮᠣᠷᠢᠨ ᠬᠤᠭᠤᠷ ᠤᠨ ᠬᠠᠮ ᠬᠥᠭᠵᠢᠮ ︽ᠵᠦᠢ ᠹᠧᠩ ᠵᠦ ᠷᠢ︾ ᠪᠠ ᠵᠡᠪᠰᠡᠭ ᠤᠨ ᠡᠷᠳᠡᠮ ᠤᠨ

ᠲᠣᠭᠯᠠᠯᠲᠠ ︽ᠭᠦ᠋ ᠦ᠋ ᠹᠧᠢ ᠶᠠᠩ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠳᠡᠯᠭᠡᠨ ᠦᠵᠡᠭᠦᠯᠵᠦ᠂ ᠨᠥᠬᠦᠷᠯᠡᠯ

ᠪᠠ ᠪᠠᠶᠠᠰᠤᠯ ᠰᠣᠯᠪᠢᠴᠠᠭᠰᠠᠨ ᠬᠠᠭᠤᠳᠠᠰᠤ ᠶᠢ ᠬᠠᠮᠲᠤ ᠪᠠᠷ ᠵᠣᠬᠢᠶᠠᠨ ᠪᠠᠶᠢᠭᠤᠯᠤᠭᠰᠠᠨ ᠪᠥᠭᠡᠳ ᠳᠤᠮᠳᠠᠳᠤ ᠣᠷᠣᠰ

ᠮᠣᠩᠭᠤᠯ ᠤᠨ ᠤᠯᠤᠰ ᠤᠨ ᠬᠤᠭᠤᠷᠣᠨᠳᠣᠬᠢ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠬᠦ ᠳᠤ ᠨᠡᠩ ᠣᠯᠠᠨ

ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠪᠡ᠃

   

5.webp.png

6.webp.png

7.webp.png

8.webp.png

9.webp.png

     ᠣᠷᠣᠰ ᠤᠨ ᠢᠷᠺᠦ᠋ᠼᠺ ᠶᠢᠨ ᠪᠠᠶᠢᠭᠠᠯ ᠬᠥᠯ ᠪᠥᠮᠪᠦᠭᠡᠨ ᠤ ᠰᠤᠷᠭᠠᠭᠤᠯᠢ ᠶᠢᠨ ᠳᠠᠰᠢᠶᠠ᠄ ︽ᠡᠨᠡ ᠤᠳᠠᠭᠠᠨ ᠤ

ᠠᠵᠢᠯᠯᠠᠭ᠎ᠠ ᠳᠤ ᠣᠷᠣᠯᠴᠠᠭᠰᠠᠨ ᠳᠤ ᠪᠠᠨ ᠮᠠᠰᠢ ᠪᠠᠶᠠᠷᠯᠠᠵᠤ ᠪᠣᠢ᠂ ᠠᠩᠬ᠎ᠠ ᠤᠳᠠᠭ᠎ᠠ ᠮᠠᠨᠵᠤᠤᠷ ᠬᠤᠲᠠ ᠶᠢᠨ

ᠬᠠᠯᠠᠭᠤᠨ ᠳᠤᠯᠠᠭᠠᠨ ᠢ ᠮᠡᠳᠡᠷᠡᠵᠦ᠂ ᠤᠷᠤᠯᠳᠤᠭᠠᠨ ᠢᠶᠠᠷ ᠳᠠᠮᠵᠢᠨ ᠮᠠᠰᠢ ᠣᠯᠠᠨ ᠳᠤᠮᠳᠠᠳᠤ ᠶᠢᠨ ᠨᠠᠶᠢᠵᠠ ᠲᠠᠢ

ᠪᠣᠯᠵᠤ᠂ ᠠᠳᠡᠬᠢ ᠢᠳᠡᠭᠡᠨ ᠴᠦ ᠮᠠᠰᠢ ᠠᠮᠲᠠᠲᠠᠢ᠂ ᠳᠠᠷᠠᠭᠠᠴᠢ ᠶᠢᠨ ᠤᠷᠤᠯᠳᠤᠭᠠᠨ ᠳᠤ ᠠᠮᠵᠢᠯᠲᠠ ᠣᠯᠬᠤ ᠶᠢ

ᠤᠷᠢᠳ ᠢᠶᠠᠷ ᠵᠥᠩᠨᠡᠶ᠎ᠡ︾ ᠭᠡᠪᠡ᠃ 

      

10.webp.png

     ᠵᠤᠰᠠᠯᠠᠩ ᠤᠨ ᠬᠤᠭᠤᠴᠠᠭᠠᠨ ᠳᠤ᠂ ᠪᠠᠰᠠ ᠤᠯᠤᠰ ᠤᠨ ᠳᠣᠲᠣᠭᠠᠳᠤ ᠶᠢᠨ ᠠᠵᠢᠯᠯᠠᠭᠴᠢ ᠶᠢ ᠵᠣᠬᠢᠶᠠᠨ

ᠪᠠᠶᠢᠭᠤᠯᠤᠨ ᠮᠠᠨᠵᠤᠤᠷ ᠤᠨ ᠤᠯᠤᠰ ᠤᠨ ᠡᠭᠦᠳᠡᠨ ᠤ  ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ

ᠭᠠᠵᠠᠷ ᠲᠤ ᠣᠴᠢᠭᠤᠯᠵᠤ᠂ ᠬᠤᠪᠢᠰᠬᠠᠯ ᠤᠨ ᠨᠢᠭᠤᠴᠠ ᠵᠠᠮ ᠬᠠᠷᠢᠯᠴᠠᠭᠠᠨ ᠤ ᠱᠤᠭᠤᠮ᠂ ᠬᠤᠪᠢᠰᠬᠠᠯ ᠤᠨ

ᠦᠵᠡᠭᠦᠯᠭᠡ ᠶᠢᠨ ᠲᠢᠩᠬᠢᠮ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠭᠠᠨ ᠶᠡᠭᠡ ᠦᠵᠡᠰᠬᠦᠯᠡᠩ ᠤᠨ

ᠣᠷᠳᠣᠨ︾ ᠵᠡᠷᠭᠡ ᠶᠢ ᠲᠣᠭᠤᠷᠢᠨ ᠦᠵᠡᠭᠦᠯᠵᠦ᠂ ᠮᠠᠨᠵᠤᠤᠷ ᠤᠨ ᠬᠤᠪᠢᠰᠬᠠᠯ ᠤᠨ ᠲᠡᠦᠬᠡ ᠵᠢᠴᠢ ᠰᠣᠶᠣᠯ ᠢ

ᠭᠦᠨᠵᠡᠭᠡᠢ ᠣᠶᠢᠯᠠᠭᠠᠭᠤᠯᠤᠭᠰᠠᠨ ᠤ ᠬᠠᠮᠲᠤ ᠤᠯᠤᠰ ᠤᠨ ᠭᠠᠳᠠᠭᠠᠳᠤ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ

ᠮᠠᠨᠵᠤᠤᠷ ᠬᠤᠲᠠ ᠶᠢᠨ ᠮᠦᠽᠧᠢ ᠶᠢ ᠲᠣᠭᠤᠷᠢᠨ ᠦᠵᠡᠭᠦᠯᠪᠡ᠃ ᠪᠥᠬᠦ ᠡᠵᠡᠩᠨᠡᠭᠴᠢ ᠪᠠᠰᠠ ᠬᠥᠯᠥᠨ ᠨᠠᠭᠤᠷ ᠪᠠ

ᠪᠠᠷᠭᠤ ᠠᠶᠢᠮᠠᠭ ᠲᠤ ᠬᠦᠷᠴᠦ᠂ ᠬᠠᠮᠲᠤ ᠪᠠᠷ ᠨᠥᠬᠦᠷᠯᠡᠯ ᠤᠨ ᠠᠵᠢᠯᠯᠠᠭ᠎ᠠ ᠥᠷᠨᠢᠭᠦᠯᠵᠦ᠂ ᠭᠤᠷᠪᠠᠨ ᠤᠯᠤᠰ ᠤᠨ

ᠵᠠᠯᠠᠭᠤᠴᠤᠳ ᠪᠠᠭᠠᠴᠤᠳ ᠤᠨ ᠦᠢᠯᠡᠳᠦᠯᠴᠡᠬᠦ ᠪᠠ ᠰᠣᠯᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠪᠠ᠃

     ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂

ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠮᠠᠨᠵᠤᠤᠷ

ᠬᠤᠲᠠ ᠶᠢᠨ ᠰᠤᠷᠭᠠᠨ ᠬᠥᠮᠦᠵᠢᠯ  ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ

ᠲᠣᠪᠴᠢᠶ᠎ᠠ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ  ᠬᠠᠮᠵᠢᠯᠴᠠᠨ ᠡᠷᠬᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map