ᠪᠦᠬᠦ ᠣᠷᠣᠨ ᠤ ᠵᠢᠭᠠᠬᠤ ᠶᠢ ᠰᠤᠳᠤᠯᠬᠤ ᠠᠵᠢᠯ ᠤᠨ ᠨᠤᠲᠠᠯᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
      ᠪᠦᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠤᠨ ᠭᠤᠣᠯᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 30 - 8 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠪᠦᠬᠦ ᠣᠷᠣᠨ ᠤ ᠵᠢᠭᠠᠬᠤ ᠶᠢ ᠰᠤᠳᠤᠯᠬᠤ ᠠᠵᠢᠯ ᠤᠨ ᠨᠣᠲᠠᠯᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠪᠦᠬᠦ ᠣᠷᠣᠨ ᠤ 12 ᠠᠶᠢᠮᠠᠭ ᠬᠤᠲᠠ᠂ ᠲᠤᠰᠠᠭᠠᠷ ᠲᠥᠯᠥᠪᠯᠡᠭᠡᠲᠦ 2 ᠬᠤᠲᠠ ᠶᠢᠨ ᠵᠢᠭᠠᠬᠤ ᠶᠢ ᠰᠤᠳᠤᠯᠬᠤ ᠲᠠᠰᠤᠭ ᠤᠨ ᠡᠷᠬᠢᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠶᠢᠨ ᠵᠢᠭᠠᠬᠤ ᠶᠢ ᠰᠤᠳᠤᠯᠬᠤ ᠲᠠᠰᠤᠭ ᠤᠨ ᠡᠷᠬᠢᠯᠡᠭᠴᠢ ᠡᠮᠦᠨ᠎ᠡ ᠬᠤᠭᠤᠴᠠᠭᠠᠨ ᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠶᠢᠭᠤᠯᠤᠯᠲᠠ᠂ ᠰᠦᠯᠵᠢᠶᠡᠨ ᠳᠠᠬᠢ ᠵᠢᠭᠠᠬᠤ ᠶᠢ ᠰᠣᠳᠤᠯᠬᠤ᠂ ᠰᠤᠷᠭᠠᠭᠤᠯᠢ ᠶᠢ ᠬᠤᠯᠪᠤᠭᠠᠯᠠᠨ ᠳᠠᠭᠠᠭᠠᠴᠢᠯᠠᠬᠤ ᠠᠵᠢᠯ ᠢ ᠳ᠋ᠦᠩᠨᠡᠵᠦ᠂ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠵᠦ ᠰᠣᠯᠢᠯᠴᠠᠪᠠ᠃ ᠱᠠᠩᠬᠠᠢ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠰᠤᠷᠭᠠᠭᠤᠯᠢ ᠪᠠᠶᠢᠴᠠᠭᠠᠭᠴᠢ᠂ ᠤᠤᠯ ᠤᠨ ᠱᠠᠩᠬᠠᠢ ᠬᠤᠲᠠ ᠶᠢᠨ ᠯᠦ ᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ᠂ ᠱᠠᠩᠬᠠᠢ ᠬᠤᠲᠠ ᠶᠢᠨ ᠬᠤᠸᠠᠩ ᠫᠦ᠋ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠲᠠᠩ ᠬᠠᠢ ᠪᠦᠦ ᠦᠨᠡᠯᠡᠯᠲᠡ ᠬᠢᠭᠰᠡᠨ ᠪᠥᠭᠡᠳ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠤᠨ ᠬᠥᠭᠵᠢᠯᠲᠡ ᠶᠢᠨ ᠪᠠᠶᠢᠳᠠᠯ᠂ ᠲᠥᠷᠥ ᠶᠢᠨ ᠪᠣᠳᠣᠯᠭ᠎ᠠ ᠶᠢᠨ ᠬᠠᠨᠳᠤᠰᠢ ᠵᠢᠴᠢ ᠵᠢᠭᠠᠬᠤ ᠶᠢ ᠰᠤᠳᠤᠯᠬᠤ ᠠᠵᠢᠯ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ ᠠᠵᠠ ᠲᠣᠬᠢᠶᠠᠯ ᠪᠣᠯᠤᠨ ᠥᠷᠢᠰᠥᠯᠳᠦᠭᠡᠨ ᠤ ᠲᠣᠭᠤᠷᠢᠨ ᠳᠤ ᠨᠠᠷᠢᠨ ᠨᠢᠮᠪᠠᠢ ᠵᠠᠳᠠᠯᠵᠤ ᠵᠢᠭᠠᠨ ᠵᠢᠯᠣᠭᠤᠳᠪᠠ᠃ ᠵᠢᠶᠠᠩᠰᠦ ᠮᠤᠵᠢ ᠶᠢᠨ ᠵᠢᠭᠠᠬᠤ ᠶᠢ ᠰᠤᠳᠤᠯᠬᠤ ᠲᠠᠰᠤᠭ ᠤᠨ ᠡᠷᠬᠢᠯᠡᠭᠴᠢ ᠳ᠋ᠦᠩ ᠾᠥᠩ ᠯᠢᠶᠠᠩ ᠫᠷᠤᠹᠧᠰᠰᠤᠷ ︽ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠣᠯᠤᠨ ᠲᠥᠷᠥᠯ ᠵᠦᠢᠯ ᠤᠨ ᠬᠡᠷᠡᠭᠵᠢᠭᠦᠯᠦᠯᠲᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠦ᠂ ᠣᠳᠣᠬᠠᠨ ᠤ ᠵᠢᠭᠠᠬᠤ ᠶᠢ ᠰᠤᠳᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠴᠢᠶᠡᠯ ᠤᠨ ᠪᠠᠶᠢᠭᠤᠯᠤᠯᠲᠠ ᠶᠢᠨ ᠮᠥᠨ ᠴᠢᠨᠠᠷ ᠪᠣᠯᠤᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ ᠶᠠᠷᠢᠯᠴᠠᠪᠠ᠃      ᠬᠤᠷᠠᠯ ᠤᠨ ᠬᠤᠭᠤᠴᠠᠭᠠᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ           ᠪᠠᠭ᠎ᠠ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶  ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠬᠠᠮᠲᠤ ᠳᠤ ᠪᠠᠨ ᠰᠤᠳᠤᠯᠤᠨ ᠶᠠᠷᠢᠯᠴᠠᠭᠰᠠᠨ ᠪᠥᠭᠡᠳ ᠪᠦᠬᠦ ᠣᠷᠣᠨ  ᠳᠤ ᠰᠠᠨᠠᠯ ᠬᠤᠷᠢᠶᠠᠬᠤ ᠪᠢᠴᠢᠭ ᠳᠠᠷᠤᠮᠠᠯᠯᠠᠨ ᠲᠠᠷᠬᠠᠭᠠᠪᠠ︔ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠪᠦᠬᠦ ᠣᠷᠣᠨ ᠤ ᠰᠦᠯᠵᠢᠶᠡᠨ ᠳᠠᠬᠢ ᠵᠢᠭᠠᠬᠤ ᠶᠢ ᠰᠤᠳᠤᠯᠬᠤ ᠠᠵᠢᠯ  ᠤᠨ ᠲᠥᠰᠦᠯ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠵᠢᠯᠣᠭᠤᠳᠬᠤ ᠲᠥᠯᠥᠪᠯᠡᠭᠡ᠂ ᠬᠤᠯᠪᠤᠭᠠᠯᠠᠨ ᠳᠠᠭᠠᠭᠠᠴᠢᠯᠠᠬᠤ ᠠᠵᠢᠯ ᠤᠨ ᠲᠥᠰᠦᠯ ᠢ ᠰᠤᠳᠤᠯᠤᠨ ᠶᠠᠷᠢᠯᠴᠠᠵᠤ ᠲᠣᠭᠲᠠᠭᠠᠪᠠ᠃ ᠬᠤᠷᠠᠯ ᠳᠤ ᠣᠷᠣᠯᠴᠠᠭᠰᠠᠳ ᠵᠢᠭᠠᠬᠤ ᠶᠢ ᠰᠤᠳᠤᠯᠬᠤ ᠠᠵᠢᠯ ᠤᠨ ᠲᠥᠰᠦᠯ ᠤᠨ ᠲᠤᠬᠠᠢ ᠬᠠᠷᠢᠯᠴᠠᠨ ᠨᠡᠪᠲᠡᠷᠡᠵᠦ᠂ ᠦᠨᠡᠯᠡᠬᠦ ᠶᠢᠨ ᠬᠠᠮᠲᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠶᠢᠭᠤᠯᠤᠯᠲᠠ᠂ ᠰᠦᠯᠵᠢᠶᠡᠨ ᠳᠠᠬᠢ ᠵᠢᠭᠠᠬᠤ ᠶᠢ ᠰᠤᠳᠤᠯᠬᠤ ᠵᠡᠷᠭᠡ ᠡᠯ᠎ᠡ ᠵᠦᠢᠯ ᠤᠨ ᠡᠭᠦᠷᠭᠡ ᠲᠠᠢ ᠤᠶᠠᠯᠳᠤᠭᠤᠯᠤᠨ ᠦᠷ᠎ᠡ ᠪᠦᠲᠦᠭᠡᠯ ᠢ ᠬᠠᠷᠢᠭᠤ ᠮᠡᠳᠡᠭᠦᠯᠪᠡ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map