ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠤᠭᠤᠯᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
      8 ᠳ᠋ᠤᠭᠠᠷ ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠤᠭᠤᠯᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠥᠪᠯᠡᠯ ᠤᠨ 2024 ᠣᠨ ᠤ ᠠᠵᠢᠯ ᠤᠨ ᠬᠤᠷᠠᠯ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠠᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠪᠦᠬᠦ ᠣᠷᠣᠨ ᠤ ᠳᠡᠭᠡᠳᠦ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰ ᠲᠤᠰ ᠮᠡᠳᠡᠭᠳᠡᠭᠰᠡᠨ ᠪᠥᠭᠡᠳ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠵᠤ ᠪᠠᠶᠢᠷᠢᠯᠠᠭᠤᠯᠪᠠ᠃

1.png

      ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠠᠵᠢᠯ ᠤᠨ

ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢ ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ᠂ ᠰᠤᠷᠭᠠᠨ

ᠬᠥᠮᠦᠵᠢᠯ ᠤᠨ ᠶᠠᠮᠤᠨ ᠤ ᠬᠤᠷᠠᠯᠳᠤᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ

ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ

ᠣᠷᠣᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ

ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠬᠦ ᠲᠤᠬᠠᠢ ᠲᠥᠰᠦᠯ ᠤᠨ ᠠᠵᠢᠯ ᠤᠨ ᠪᠠᠶᠢᠷᠢᠯᠠᠭᠤᠯᠤᠯᠲᠠ ᠶᠢ

ᠴᠢᠩᠭ᠎ᠠ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢᠨ

ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ

ᠴᠢᠨᠠᠷᠯᠢᠭ ᠬᠥᠭᠵᠢᠯᠲᠡ ᠳᠤ ᠰᠠᠭᠤᠷᠢ ᠲᠠᠯᠪᠢᠵᠤ᠂ ᠪᠠᠲᠤᠯᠠᠬᠤ ᠶᠢ ᠪᠠᠷᠢᠮᠲᠠᠯᠠᠨ᠂ ᠲᠤᠰᠬᠠᠢ ᠰᠡᠳᠦᠪᠲᠦ

ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠵᠦ᠂  ᠶᠠᠷᠢᠯᠴᠠᠨ ᠰᠣᠯᠢᠯᠴᠠᠵᠤ᠂ ᠭᠦᠨᠵᠡᠭᠡᠢ ᠰᠤᠷᠤᠯᠴᠠᠵᠤ᠂

ᠰᠣᠯᠢᠯᠴᠠᠨ ᠰᠣᠳᠤᠯᠪᠠ᠃

      ᠬᠤᠷᠠᠯ ᠠᠴᠠ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ ᠶᠢᠨ ᠭᠤᠣᠯ

ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ          

ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ  ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ          

ᠬᠡᠷᠡᠭᠲᠡᠢ᠃ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠤᠨ ᠵᠠᠩᠭᠢᠯᠠᠭ᠎ᠠ ᠶᠢᠨ ᠭᠤᠭᠴᠤᠭ᠎ᠠ ᠶᠢ

ᠴᠢᠩᠭ᠎ᠠ ᠠᠳᠬᠤᠵᠤ᠂ ᠬᠤᠭᠤᠯᠠᠨ ᠭᠡᠷ ᠤᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ

ᠪᠣᠳᠠᠲᠠᠶᠢᠵᠢᠭᠤᠯᠤᠨ᠎ᠠ︔ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠡᠩᠨᠡᠭᠡᠨ ᠤ ᠵᠢᠯᠣᠭᠤᠳᠬᠤ ᠦᠢᠯᠡᠳᠦᠯ ᠢ

ᠭᠦᠢᠴᠡᠳ ᠪᠠᠳᠠᠷᠠᠭᠤᠯᠵᠤ᠂ ᠬᠤᠭᠤᠯᠠᠨ ᠭᠡᠷ ᠨᠢᠭᠡ ᠪᠦᠷᠢ ᠶᠢᠨ ︽ᠡᠳᠦᠷ ᠪᠦᠷᠢ ᠬᠠᠮᠢᠶᠠᠷᠤᠨ ᠡᠵᠡᠮᠳᠡᠬᠦ᠂ ᠭᠠᠷᠠᠭ

ᠪᠦᠷᠢ ᠵᠢᠭᠰᠠᠭᠠᠨ ᠪᠠᠶᠢᠴᠠᠭᠠᠬᠤ᠂ ᠰᠠᠷ᠎ᠠ ᠪᠦᠷᠢ ᠲᠣᠬᠢᠷᠠᠭᠤᠯᠬᠤ︾ ᠲᠣᠭᠲᠠᠴᠠ ᠶᠢᠨ ᠪᠦᠲᠦᠮᠵᠢᠲᠡᠢ ᠠᠵᠢᠯᠯᠠᠬᠤ ᠶᠢ

ᠭᠦᠢᠴᠡᠳ ᠪᠠᠲᠤᠯᠠᠨ᠎ᠠ︔ ᠳᠦᠷᠢᠮ ᠤᠨ ᠪᠠᠶᠢᠭᠤᠯᠤᠯᠲᠠ ᠶᠢ ᠬᠠᠨᠳᠤᠯᠭᠠᠲᠠᠢ ᠴᠢᠩᠭᠠᠳᠬᠠᠨ ᠲᠡᠭᠦᠯᠳᠡᠷᠵᠢᠭᠦᠯᠵᠦ᠂

ᠨᠡᠶᠢᠲᠡᠯᠡᠭᠰᠡᠨ ᠡᠯ᠎ᠡ ᠵᠦᠢᠯ ᠤᠨ ᠳᠦᠷᠢᠮ ᠢ ᠨᠠᠶᠢᠳᠠᠪᠤᠷᠢᠵᠢᠭᠤᠯᠵᠤ᠂ ᠬᠡᠷᠡᠭᠵᠢᠭᠦᠯᠵᠦ᠂ ᠦᠢᠯᠡᠳᠦᠯ ᠭᠠᠷᠭᠠᠬᠤ ᠶᠢ

ᠦᠨᠡᠨ ᠬᠦ ᠪᠠᠲᠤᠯᠠᠨ᠎ᠠ︔ ᠬᠤᠭᠤᠯᠠᠨ ᠭᠡᠷ ᠤᠨ ᠶᠡᠷᠦᠩᠬᠡᠶᠢᠯᠡᠭᠰᠡᠨ ᠪᠠᠲᠤᠯᠠᠭᠠᠨ ᠤ ᠬᠢᠷᠢ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠵᠦ᠂ ᠰᠤᠷᠤᠭᠴᠢ ᠶᠢᠨ ᠬᠤᠭᠤᠯᠠᠨ ᠭᠡᠷ ᠢ ᠰᠠᠶᠢᠲᠤᠷ ᠡᠷᠬᠢᠯᠡᠬᠦ ᠶᠢ ᠰᠤᠷᠭᠠᠭᠤᠯᠢ ᠡᠷᠬᠢᠯᠡᠬᠦ ᠨᠥᠬᠦᠴᠡᠯ ᠢ

ᠰᠠᠶᠢᠵᠢᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢ ᠪᠠᠭ᠎ᠠ

ᠭᠠᠳᠠᠭᠰᠢᠯᠠᠭᠤᠯᠬᠤ ᠠᠮᠢᠳᠤᠷᠠᠯ ᠤᠨ ᠣᠶᠢᠯᠠᠭᠠᠭᠳᠠᠬᠤᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ

ᠰᠠᠨᠠᠭᠠᠴᠢᠯᠠᠵᠤ᠂ ᠪᠠᠭᠰᠢ ᠰᠤᠷᠤᠭᠴᠢᠳ  ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ ᠢ

ᠢᠳᠡᠪᠬᠢᠲᠡᠢ ᠪᠠᠶᠢᠭᠤᠯᠤᠨ᠂ ᠬᠤᠭᠤᠯᠠᠨ ᠭᠡᠷ ᠤᠨ ᠶᠡᠷᠦᠩᠬᠡᠶᠢᠯᠡᠭᠰᠡᠨ ᠪᠠᠲᠤᠯᠠᠭᠠᠨ ᠤ ᠴᠢᠳᠠᠪᠤᠷᠢ ᠪᠠ ᠦᠢᠯᠡᠴᠢᠯᠡᠭᠡᠨ ᠤ

ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ᠂ ᠡᠷᠡᠭᠦᠯ ᠴᠢᠭᠢᠷᠠᠭ᠂ ᠴᠢᠨᠠᠷᠯᠢᠭ᠂ ᠪᠣᠯᠪᠠᠰᠤᠨ

ᠰᠤᠷᠤᠭᠴᠢ ᠶᠢᠨ ᠬᠤᠭᠤᠯᠠᠨ ᠭᠡᠷ ᠤᠨ ᠦᠢᠯᠡᠴᠢᠯᠡᠭᠡᠨ ᠤ ᠬᠠᠩᠭᠠᠯᠭ᠎ᠠ ᠪᠠ ᠪᠠᠲᠤᠯᠠᠭᠠᠨ ᠤ ᠳᠣᠭᠲᠠᠯᠴᠠᠭ᠎ᠠ ᠶᠢ ᠪᠦᠬᠦ

ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ

ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠤᠭᠤᠯᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠥᠪᠯᠡᠯ ᠠᠴᠠ

ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠠᠭᠠᠭᠠᠴᠢᠯᠠᠨ          

ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠳᠣᠪᠴᠢᠶᠠᠨ ᠤ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠥᠪᠡᠷᠲᠡᠭᠡᠨ

ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠤᠭᠤᠯᠠᠨ  ᠤ

ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠥᠪᠯᠡᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ ᠶᠢᠨ

ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ

ᠠᠷᠤ ᠲᠠᠯ᠎ᠠ ᠶᠢᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠶᠡᠭᠡ ᠳᠡᠭᠡᠳᠦ

ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ᠂ ᠢᠳᠡᠭᠡᠨ ᠤ ᠠᠮᠤᠷ ᠲᠦᠪᠰᠢᠨ ᠤ 

ᠠᠵᠢᠯᠲᠠᠨ᠂ ᠬᠤᠭᠤᠯᠠᠨ ᠭᠡᠷ ᠤᠨ ᠡᠵᠡᠩᠨᠡᠨ ᠬᠠᠮᠢᠶᠠᠷᠤᠭᠴᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ

ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

       

2.png

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map