ᠠᠩᠬᠢ ᠶᠢᠨ ᠡᠷᠬᠢᠯᠡᠭᠴᠢ ᠶᠢᠨ ᠪᠦᠷᠢᠯᠳᠦᠬᠦᠯᠤᠭᠦᠰᠢᠳᠠᠢ ᠴᠢᠳᠠᠪᠣᠷᠢ ᠶᠢᠨ ᠳᠣᠬᠠᠢ ᠳᠦᠬᠦᠮ ᠦᠬᠦᠯᠡᠬᠦ ᠨᠢ
ᠨᠡᠶᠢᠲᠡᠯᠡᠭᠰᠡᠨ ᠴᠠᠭ᠄
2024/8/5
                        ᠣᠶᠣᠩᠭᠤᠸ᠎ᠠ   

班主任工作1.png

      ᠠᠩᠬᠢ ᠶᠢᠨ ᠡᠷᠬᠢᠯᠡᠭᠴᠢ ᠳᠡᠬᠡᠳᠣ ᠬᠡᠮᠵᠢᠶᠠᠨ ᠤ ᠦᠢᠯᠡᠰᠴᠢ ᠰᠡᠳᠬᠢᠯᠬᠡ ᠪᠠᠷ ᠳᠣᠬᠠᠶᠢᠯᠠᠭᠰᠠᠨ ᠠᠵᠢᠯ ᠤᠨ

ᠬᠢᠷᠢ ᠬᠡᠮᠵᠢᠶ᠎ᠠ ᠪᠠ ᠬᠡᠪ ᠪᠣᠯᠪᠠᠰᠣᠷᠠᠯ ᠢᠶᠠᠨ ᠳᠡᠭᠡᠭᠰᠢᠯᠡᠬᠦᠯᠵᠣ᠂ ᠭᠤᠣᠯᠳᠠᠯᠭ᠎ᠠ ᠪᠠᠨ ᠰᠣᠷᠣᠭᠴᠢ ᠶᠢᠨ

ᠬᠠᠮᠢᠶᠠᠷᠤᠯᠳᠠ ᠳᠤ ᠳᠦᠪᠯᠡᠷᠡᠬᠦᠯᠵᠣ᠂ ᠠᠩᠬᠢ ᠶᠢᠨ ᠬᠠᠮᠢᠶᠠᠷᠤᠯᠳᠠ ᠶᠢᠨ ᠠᠷᠭ᠎ᠠ ᠪᠤᠳᠤᠯᠭ᠎ᠠ ᠶᠢ ᠬᠦᠨᠵᠡᠬᠡᠢ ᠰᠣᠳᠣᠯᠵᠣ᠂

ᠠᠩᠬᠢ ᠶᠢᠨ ᠬᠠᠮᠢᠶᠠᠷᠤᠯᠳᠠ ᠶᠢᠨ ᠠᠷᠭ᠎ᠠ ᠮᠠᠶ᠋ᠢᠭ ᠢᠶᠠᠨ ᠳᠠᠰᠣᠷᠠᠯᠳᠠ ᠦᠬᠡᠢ ᠰᠢᠨᠡᠴᠢᠯᠠᠨ᠂ ᠰᠣᠷᠣᠭᠴᠢᠳ ᠤᠨ ᠪᠡᠶ᠎ᠡ

ᠰᠡᠳᠬᠢᠴᠠ ᠶᠢᠨ ᠡᠷᠡᠬᠦᠯ ᠢᠶᠠᠷ ᠬᠦᠭᠵᠢᠬᠦ ᠶᠢ ᠴᠢᠬᠤᠯᠠᠴᠢᠯᠠᠬᠤ ᠬᠡᠷᠡᠭᠳᠡᠢ᠃

      ᠨᠢᠬᠡ᠂ ᠦᠵᠡᠯ ᠰᠠᠨᠠᠭᠠᠨ ᠤ ᠬᠥᠮᠦᠵᠢᠯ ᠢ ᠰᠠᠶᠢᠲᠤᠷ ᠬᠢᠬᠦ

      ᠰᠤᠷᠤᠭᠴᠢ ᠳᠤ ᠦᠵᠠᠯ ᠰᠠᠨᠠᠭᠠᠨ ᠤ ᠭᠦᠮᠦᠵᠢᠯ ᠢ ᠰᠠᠶᠢᠳᠤᠷ ᠬᠢᠭᠦ ᠪᠣᠯ ᠠᠩᠬᠢ ᠶᠢᠨ ᠡᠷᠬᠢᠯᠡᠭᠴᠢ ᠶᠢᠨ

ᠲᠡᠷᠢᠭᠦᠨ ᠴᠢᠬᠤᠯᠠ ᠡᠭᠦᠷᠭᠡ ᠮᠥᠨ᠃ ᠠᠩᠬᠢ ᠶᠢᠨ ᠡᠷᠬᠢᠯᠡᠭᠴᠢ ᠨᠢ ᠰᠤᠷᠤᠭᠴᠢᠳ ᠤᠨ ᠦᠵᠡᠯ ᠰᠠᠨᠠᠭᠠᠨ ᠤ

ᠬᠥᠮᠦᠵᠢᠯ ᠤᠨ ᠠᠵᠢᠯ ᠢ ᠰᠠᠶᠢᠲᠤᠷ ᠬᠢᠬᠦ ᠳᠤ ᠴᠢᠳᠠᠮᠠᠭᠠᠢ ᠪᠠᠶᠢᠵᠤ᠂ ᠰᠣᠷᠣᠭᠴᠢᠳ ᠤᠨ ᠡᠭᠡ ᠣᠯᠣᠰ ᠢᠶᠠᠨ

ᠬᠠᠶᠢᠷᠠᠯᠠᠵᠤ᠂ ᠠᠬᠠᠮᠠᠳ ᠢᠶᠠᠨ ᠬᠦᠨᠳᠦᠳᠬᠡᠬᠦ᠂ ᠪᠣᠯᠪᠠᠰᠣᠨ ᠰᠣᠷᠳᠠᠯ ᠢᠶᠠᠷ ᠬᠦᠮᠦᠨ ᠨᠡᠶᠢᠬᠡᠮ ᠳᠤ ᠬᠠᠨᠳᠣᠬᠤ ᠪᠠ

ᠠᠯᠣᠰ ᠬᠡᠳᠣ ᠶᠢᠨ ᠬᠦᠰᠡᠯᠡᠩ ᠲᠠᠢ ᠪᠠᠶᠢᠬᠤ ᠶᠢ ᠤᠬᠠᠭᠠᠷᠠᠭᠤᠯᠬᠤ ᠬᠡᠷᠡᠭᠳᠡᠢ᠃

      ︵ᠨᠢᠬᠡ︶ ᠦᠢᠯᠡᠰ ᠢᠶᠠᠨ ᠳᠡᠬᠡᠳᠦᠯᠡᠬᠦ ᠣᠪᠣᠷ ᠲᠠᠢ ᠪᠠᠶᠢᠬᠤ

      ᠨᠡᠶᠢᠳᠡᠴᠢ ᠦᠵᠡᠯ ᠢ ᠡᠷᠬᠢᠮᠯᠡᠵᠣ᠂ ᠰᠣᠷᠣᠭᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠦᠮᠦᠵᠢᠯ ᠢ

ᠭᠤᠣᠯᠯᠠᠨ ᠠᠳᠬᠤᠬᠤ ᠬᠡᠷᠡᠭᠳᠡᠢ᠃ ᠵᠢᠱᠢᠶᠡᠯᠡᠪᠡᠯ᠂ ᠬᠢᠴᠢᠶᠡᠯ ᠤᠨ ᠴᠠᠭ ᠤᠨ ᠰᠠᠬᠢᠯᠭ᠎ᠠ ᠳᠦᠷᠢᠮ ᠠᠨᠠᠢ᠂

ᠰᠤᠷᠤᠭᠴᠢᠳ ᠰᠡᠳᠬᠢᠯ ᠳᠠᠯᠪᠢᠨ ᠰᠠᠨᠠᠭ᠎ᠠ ᠳᠦᠪᠯᠡᠷᠡᠬᠦᠯᠵᠣ ᠰᠣᠨᠣᠰᠬᠤ ᠳᠠᠯ᠎ᠠ ᠪᠠᠷ ᠬᠦᠷᠦᠯᠴᠠᠬᠦ ᠦᠬᠡᠢ ᠪᠠᠶᠢᠬᠤ

ᠵᠡᠷᠭᠡ ᠨᠢ ᠵᠤᠬᠢᠬᠤ ᠭᠡᠮᠵᠢᠶᠠᠨ ᠳᠤ ᠠᠩᠬᠢ ᠶᠢᠨ ᠡᠷᠬᠢᠯᠡᠭᠴᠢ ᠶᠢᠨ ᠰᠤᠷᠤᠭᠴᠢᠳ ᠤᠨ ᠦᠵᠠᠯ ᠰᠠᠨᠠᠭᠠᠨ ᠤ ᠭᠦᠮᠦᠵᠢᠯ ᠢ

ᠬᠢᠷᠢ ᠵᠡᠷᠭᠡ ᠬᠢᠭᠰᠡᠨ ᠲᠠᠢ ᠬᠤᠯᠪᠤᠭᠳᠠᠬᠤ ᠶᠤᠮ᠂ ᠡᠭᠦᠨ ᠤ ᠳ᠋ᠦᠩ ᠳᠤ ᠪᠦᠬᠦᠢ ᠯᠡ ᠬᠢᠴᠢᠶᠡᠯ ᠤᠨ ᠳᠠᠩᠬᠢᠮ ᠤᠨ

ᠠᠭᠤᠷ ᠠᠮᠢᠰᠬᠤᠯ ᠰᠢᠭᠤᠳ ᠨᠦᠯᠦᠬᠡᠯᠡᠭᠳᠡᠬᠦ ᠪᠠᠷ ᠪᠠᠷᠠᠬᠤ ᠦᠬᠡᠢ ᠬᠢᠴᠢᠶᠡᠯᠯᠡᠭᠡ ᠶᠢᠨ ᠦᠷ᠎ᠡ ᠪᠦᠳᠦᠮᠵᠢ ᠶᠢ

ᠳᠣᠷᠣᠭᠰᠢᠯᠠᠭᠤᠯᠵᠣ᠂ ᠵᠢᠭᠠᠨ ᠰᠣᠷᠭᠠᠯᠳᠠ ᠶᠢᠨ ᠵᠣᠷᠢᠯᠳᠠ ᠳᠤ ᠪᠠᠨ ᠬᠦᠷᠴᠣ ᠳᠡᠶᠢᠯᠬᠦ ᠦᠬᠡᠢ ᠪᠠᠶᠢᠳᠠᠭ᠃

      ︵ᠬᠤᠶᠠᠷ︶ ᠪᠠᠭᠰᠢ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ

      ᠠᠩᠬᠢ ᠶᠢᠨ ᠡᠷᠬᠢᠯᠡᠭᠴᠢ ᠦᠪᠡᠷ ᠤᠨ ᠦᠬᠡ ᠶᠠᠷᠢᠶ᠎ᠠ᠂ ᠬᠦᠳᠡᠯᠣᠯ ᠪᠠᠷᠢᠯ ᠢᠶᠠᠷ ᠢᠶᠠᠨ ᠰᠣᠷᠣᠭᠴᠢ ᠳᠤ ᠰᠠᠶᠢᠨ

ᠰᠠᠶᠢᠬᠠᠨ ᠤ ᠬᠡᠪ ᠳᠠᠭᠤᠷᠢᠶᠠᠯ ᠪᠣᠯᠵᠣ ᠳᠡᠳᠡᠨ ᠤ ᠰᠡᠳᠬᠢᠯ ᠳᠤ ᠳᠣᠬᠢᠷᠠᠭᠰᠠᠨ᠂ ᠰᠠᠨᠠᠭᠠᠨ ᠳᠤ ᠨᠡᠶᠢᠴᠡᠭᠰᠡᠨ

ᠬᠠᠮᠤᠭ ᠤᠨ ᠳᠣᠳᠣᠨᠣ ᠨᠠᠶᠢᠵᠠ ᠪᠣᠯᠣᠭᠰᠠᠨ ᠪᠠᠶᠢᠬᠤ ᠬᠡᠷᠡᠭᠳᠡᠢ᠃ ᠳᠣᠬᠠᠶᠢᠯᠠᠪᠠᠯ᠂ ᠠᠩᠬᠢ ᠶᠢᠨ ᠡᠷᠬᠢᠯᠡᠭᠴᠢ ᠶᠢᠨ

ᠬᠠᠯᠠᠭᠤᠨ ᠳᠣᠳᠣᠨᠣ ᠨᠢᠳᠣᠨ ᠬᠠᠷᠠᠴᠠ᠂ ᠴᠠᠭ ᠢ ᠪᠠᠷᠢᠮᠳᠠᠯᠠᠨ ᠬᠢᠴᠢᠶᠡᠯᠯᠡᠬᠦ ᠪᠠ ᠠᠮᠠᠷᠠᠬᠤ᠂ ᠴᠡᠪᠡᠷ ᠪᠣᠯᠪᠠᠰᠣᠨ

ᠦᠬᠡ ᠶᠠᠷᠢᠶ᠎ᠠ᠂ ᠳᠡᠷᠢ ᠳᠡᠭᠰᠢ ᠡᠮᠣᠰᠴᠣ ᠵᠡᠬᠦᠬᠦ᠂ ᠠᠭᠤᠵᠢᠮ ᠪᠠᠭᠳᠠᠭᠠᠮᠵᠢᠳᠠᠢ᠂ ᠬᠦᠯᠢᠴᠡᠩᠭᠦᠢ ᠳᠡᠰᠪᠦᠷᠢᠳᠠᠢ᠂

ᠬᠡᠯᠡᠭᠰᠡᠨ ᠢᠶᠠᠨ ᠵᠠᠪᠠᠯ ᠪᠡᠶᠡᠯᠡᠬᠦᠯᠬᠦ᠂ ᠪᠡᠶᠡᠯᠡᠬᠦᠯᠦᠭᠰᠡᠨ ᠠᠵᠢᠯ ᠳᠤ ᠪᠠᠨ ᠳ᠋ᠦᠩᠨᠡᠯᠳᠡ ᠬᠢᠬᠦ ᠵᠡᠷᠬᠡ ᠬᠠᠷᠢᠭᠤᠴᠠᠯᠭᠠᠳᠣ

ᠣᠪᠣᠷ ᠰᠣᠷᠳᠠᠯ᠂ ᠠᠵᠢᠯ ᠬᠦᠳᠡᠯᠮᠣᠷᠢ ᠳᠤ ᠪᠡᠶ᠎ᠡ ᠪᠠᠷ ᠢᠶᠠᠨ ᠣᠷᠣᠯᠴᠠᠬᠤ᠂ ᠪᠡᠷᠬᠡ ᠠᠴᠠ ᠬᠠᠯᠠᠰᠢᠷᠠᠬᠤ ᠦᠬᠡᠢ

ᠵᠣᠷᠢᠭ ᠰᠦᠰᠦ᠂ ᠠᠵᠢᠯᠴᠢ ᠬᠦᠳᠡᠯᠮᠣᠷᠢᠴᠢ ᠵᠠᠩ ᠳᠠᠳᠬᠠᠯ᠂ ᠦᠢᠯᠡ ᠬᠦᠳᠡᠯᠣᠯ᠂ ᠰᠣᠷᠣᠭᠴᠢ ᠳᠤ ᠪᠠᠨ ᠬᠠᠷᠠᠮ

ᠦᠬᠡᠢ ᠵᠣᠷᠢᠭᠤᠯᠳᠠᠭ ᠬᠠᠯᠠᠭᠤᠨ ᠬᠠᠶᠢᠷ᠎ᠠ ᠬᠠᠯᠠᠮᠵᠢ ᠵᠡᠷᠬᠡ ᠨᠢ ᠴᠦᠮ ᠰᠣᠷᠣᠭᠴᠢ ᠶᠢᠨ ᠪᠢᠰᠢᠷᠡᠨ ᠬᠦᠳᠦᠳᠬᠡᠬᠦ

ᠰᠡᠳᠬᠢᠯᠬᠡ ᠶᠢ ᠪᠣᠢ ᠪᠣᠯᠭᠠᠳᠠᠭ᠃

      ᠬᠤᠶᠠᠷ᠂ ᠵᠣᠬᠢᠶᠠᠨ ᠪᠠᠶᠢᠭᠤᠯᠵᠤ ᠬᠠᠮᠢᠶᠠᠷᠬᠤ ᠴᠢᠳᠠᠪᠣᠷᠢ ᠲᠠᠢ ᠪᠠᠶᠢᠬᠤ

      ᠠᠩᠬᠢ ᠨᠢᠭᠡᠴᠢ ᠪᠣᠯ ᠨᠢᠬᠡᠨ ᠬᠠᠮᠳᠣ ᠨᠡᠶᠢᠳᠡ ᠮᠦᠨ᠃ ᠠᠩᠭᠢ ᠶᠢᠨ ᠡᠷᠬᠢᠯᠡᠭᠴᠢ ᠶᠢᠨ ᠠᠵᠢᠯ ᠪᠣᠯ ᠶᠠᠭᠤᠨ ᠤ

ᠡᠮᠦᠨ᠎ᠡ ᠬᠠᠮᠳᠣ ᠨᠡᠶᠢᠳᠡ ᠶᠢᠨ ᠬᠠᠮᠢᠶᠠᠷᠣᠯᠳᠠ ᠶᠢᠨ ᠠᠵᠢᠯ ᠪᠠᠶᠢᠵᠣ᠂ ᠳᠡᠬᠦᠨ ᠳᠤ ᠵᠠᠪᠠᠯ ᠵᠣᠬᠢᠶᠠᠨ ᠪᠠᠶᠢᠭᠤᠯᠬᠤ

ᠠᠵᠢᠯ ᠤᠨ ᠴᠢᠳᠠᠪᠣᠷᠢ ᠳᠡᠭᠡᠳᠣ ᠬᠡᠮᠵᠢᠶ᠎ᠠ ᠪᠠᠷ ᠱᠠᠭᠠᠷᠳᠠᠭᠳᠠᠵᠣ ᠪᠣᠢ᠃ ᠠᠩᠬᠢ ᠨᠢᠬᠡᠴᠢ ᠶᠢᠨ ᠡᠳᠦᠷ ᠳᠣᠳᠣᠮ ᠤᠨ

ᠠᠮᠢᠳᠣᠷᠠᠯ᠂ ᠰᠣᠷᠣᠯᠭ᠎ᠠ᠂ ᠨᠡᠶᠢᠳᠡ ᠶᠢᠨ ᠬᠦᠳᠡᠯᠬᠡᠬᠡᠨ ᠵᠢᠴᠢ ᠨᠡᠶᠢᠬᠡᠮ ᠨᠡᠶᠢᠳᠡ ᠶᠢᠨ ᠶᠡᠭᠡ ᠣᠷᠴᠢᠨ ᠳᠤ ᠵᠣᠬᠢᠴᠠᠬᠤ

ᠡᠯ᠎ᠡ ᠵᠦᠢᠯ ᠤᠨ ᠴᠢᠳᠠᠪᠤᠷᠢ ᠶᠢ ᠠᠩᠬᠢ ᠶᠢᠨ ᠡᠷᠬᠢᠯᠡᠭᠴᠢ ᠵᠠᠪᠠᠯ ᠪᠦᠷᠢᠯᠳᠦᠬᠦᠯᠬᠦ ᠴᠢᠬᠤᠯᠠᠲᠠᠢ ᠶᠣᠮ᠃ ᠠᠩᠭᠢ ᠶᠢᠨ

ᠡᠷᠬᠢᠯᠡᠭᠴᠢ ᠶᠢᠨ ᠵᠣᠬᠢᠶᠠᠨ ᠪᠠᠶᠢᠭᠤᠯᠵᠤ ᠬᠠᠮᠢᠶᠠᠷᠬᠤ ᠴᠢᠳᠠᠪᠤᠷᠢ ᠳᠤ ᠭᠤᠣᠯᠳᠠᠭᠤ ᠪᠡᠯᠡᠳᠬᠡᠬᠦ ᠴᠢᠳᠠᠪᠤᠷᠢ᠂ ᠶᠠᠷᠣ ᠶᠢᠨ

ᠬᠠᠮᠢᠶᠠᠷᠤᠯᠲᠠ ᠶᠢᠨ ᠴᠢᠳᠠᠪᠤᠷᠢ᠂ ᠵᠣᠬᠢᠶᠠᠨ ᠪᠠᠶᠢᠭᠤᠯᠵᠤ ᠠᠵᠢᠯ ᠥᠷᠨᠢᠭᠦᠯᠬᠦ ᠠᠵᠢᠯᠯᠠᠭᠠᠨ ᠤ ᠴᠢᠳᠠᠪᠤᠷᠢ᠂

ᠮᠠᠭᠠᠳᠯᠠᠬᠤ ᠴᠢᠳᠠᠪᠤᠷᠢ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠵᠢᠯᠣᠭᠤᠳᠬᠤ ᠴᠢᠳᠠᠪᠣᠷᠢ ᠪᠠ

ᠵᠣᠬᠢᠴᠠᠭᠤᠯᠬᠤ ᠴᠢᠳᠠᠪᠣᠷᠢ ᠵᠡᠷᠬᠡ ᠪᠠᠭᠲᠠᠨ᠎ᠠ᠃ ᠵᠣᠬᠢᠶᠠᠨ ᠪᠠᠶᠢᠭᠤᠯᠬᠤ ᠴᠢᠳᠠᠪᠣᠷᠢ ᠶᠢ ᠬᠡᠷᠬᠢᠨ ᠳᠡᠭᠡᠭᠰᠢᠯᠡᠬᠦᠯᠬᠦ ᠳᠤ

ᠳᠣᠣᠷᠠᠬᠢ ᠭᠤᠷᠪᠠᠨ ᠳᠠᠯ᠎ᠠ ᠶᠢ ᠠᠩᠬᠠᠷᠪᠠᠯ ᠵᠣᠬᠢᠨ᠎ᠠ᠃

      ︵ᠨᠢᠬᠡ︶ ᠡᠷᠬᠡ ᠳᠡᠭᠰᠢ ᠦᠵᠡᠯᠳᠡ ᠶᠢ ᠡᠷᠬᠢᠮᠯᠡᠬᠦ ᠬᠡᠷᠡᠭᠳᠡᠢ᠃ ᠰᠣᠷᠣᠭᠴᠢ ᠪᠦᠷᠢ  ᠳᠤ ᠡᠷᠬᠡ ᠳᠡᠭᠰᠢ ᠪᠠᠷ

ᠬᠠᠨᠳᠣᠵᠣ᠂ ᠵᠦᠷᠢᠴᠠᠯ ᠮᠦᠷᠬᠦᠯᠳᠦᠬᠡᠨ ᠢ ᠪᠠᠭᠠᠰᠬᠠᠵᠣ᠂ ᠰᠣᠷᠣᠭᠴᠢᠳ ᠤᠨ ᠪᠡᠶ᠎ᠡ ᠪᠠᠨ ᠬᠦᠨᠳᠦᠳᠬᠡᠬᠦ᠂          

ᠪᠣᠰᠣᠳ ᠢ ᠬᠦᠨᠳᠦᠳᠬᠡᠬᠦ ᠰᠡᠳᠬᠢᠯᠬᠡ ᠶᠢ ᠬᠦᠮᠣᠵᠢᠬᠦᠯᠵᠣ᠂ ᠢᠳᠡᠬᠡᠯ ᠪᠠ ᠬᠦᠰᠡᠯᠡᠩ ᠢ ᠳᠠᠶᠢᠴᠢᠯᠠᠨ᠎ᠠ᠃ ᠡᠷᠬᠡ          

ᠲᠡᠭᠰᠢ ᠲᠥᠪ ᠭᠤᠤᠯᠴᠢ ᠦᠵᠠᠯᠳᠠ  ᠨᠢ ᠪᠠᠰᠠ ᠠᠩᠭᠢ ᠶᠢᠨ ᠲᠦᠷᠢᠮ ᠢ ᠬᠡᠷᠡᠭᠵᠢᠭᠦᠯᠬᠦ ᠳᠡᠭᠡᠷ᠎ᠡ ᠢᠯᠡᠷᠡᠵᠦ          

ᠪᠠᠶᠢᠳᠠᠭ᠃ ᠰᠣᠷᠣᠭᠴᠢ ᠶᠢᠨ ᠬᠢᠷᠢ ᠪᠦᠲᠦᠮᠵᠢ ᠪᠤᠶᠤ ᠬᠡᠷ ᠪᠦᠯᠢ ᠶᠢᠨ ᠨᠦᠬᠦᠴᠠᠯ ᠵᠡᠷᠭᠡ ᠠᠴᠠ ᠪᠣᠯᠵᠣ ᠭᠤᠤᠯᠴᠢ

ᠪᠤᠰᠤ ᠪᠠᠷ ᠰᠢᠢᠳᠬᠡᠨ ᠲᠣᠷᠭᠠᠵᠤ ᠪᠣᠯᠬᠤ ᠥᠬᠡᠶ᠃ ᠬᠡᠷᠪᠡ ᠡᠷᠬᠡ ᠲᠡᠭᠰᠢ ᠪᠤᠰᠤ ᠪᠠᠶᠢᠳᠠᠯ ᠢᠯᠡᠷᠡᠪᠡᠯ᠂          

ᠰᠣᠷᠣᠭᠴᠢ ᠡᠰᠡᠷᠭᠦᠴᠡᠯᠳᠦᠬᠦ ᠰᠡᠳᠬᠢᠴᠡ ᠡᠭᠦᠰᠴᠦ᠂ ᠬᠤᠵᠢᠮ ᠤᠨ ᠠᠵᠢᠯ ᠢᠶᠠᠨ ᠥᠷᠨᠢᠭᠦᠯᠬᠦ ᠳᠤ ᠬᠦᠴᠢᠷ          

ᠪᠣᠯᠤᠨ᠎ᠠ᠃ ᠰᠣᠷᠣᠭᠴᠢ ᠶᠢᠨ ᠬᠢᠷᠢ ᠪᠦᠲᠦᠮᠵᠢ ᠵᠥᠷᠢᠶ᠎ᠡ ᠲᠠᠢ ᠠᠴᠠ ᠪᠣᠯᠵᠣ ᠢᠯᠭᠠᠭ᠎ᠠ ᠲᠠᠢ ᠬᠠᠨᠳᠤᠵᠤ ᠪᠣᠯᠬᠤ ᠥᠬᠡᠶ᠂

ᠶᠠᠮᠠᠷᠪᠠ ᠰᠣᠷᠣᠭᠴᠢ ᠳᠤ ᠲᠥᠪ ᠭᠤᠤᠯᠴᠢ ᠪᠠᠷ ᠬᠠᠨᠳᠤᠬᠤ ᠬᠡᠷᠡᠭᠲᠡᠶ᠂ ᠡᠨᠡ ᠪᠣᠯ ᠰᠣᠷᠣᠭᠴᠢ ᠶᠢ ᠬᠠᠮᠤᠭ ᠤᠨ

ᠶᠡᠭᠡ ᠪᠠᠷ ᠬᠦᠨᠳᠦᠳᠬᠡᠵᠦ ᠪᠠᠶᠢᠭ᠎ᠠ ᠶᠠᠪᠤᠳᠠᠯ ᠮᠥᠨ᠃ ᠡᠶᠢᠮᠦ ᠠᠴᠠ ᠨᠢᠭᠡ ᠠᠩᠭᠢ ᠶᠢ ᠰᠠᠶᠢᠲᠤᠷ ᠬᠠᠮᠢᠶᠠᠷᠬᠤ ᠶᠢᠨ

ᠬᠠᠮᠤᠭ ᠤᠨ ᠦᠨᠳᠦᠰᠦᠨ ᠵᠦᠢᠯ ᠪᠣᠯ ᠶᠠᠮᠠᠷ ᠴᠤ ᠰᠤᠷᠤᠭᠴᠢ ᠳᠤ ᠡᠷᠬᠡ ᠲᠡᠭᠰᠢ ᠲᠥᠪ ᠭᠤᠣᠯᠴᠢ ᠪᠠᠷ ᠬᠠᠨᠳᠤᠬᠤ

ᠶᠠᠪᠤᠳᠠᠯ ᠪᠣᠯᠤᠨ᠎ᠠ᠂ ᠢᠩᠭᠢᠪᠡᠯ ᠠᠩᠬᠢ ᠶᠢᠨ ᠰᠤᠷᠤᠭᠴᠢ ᠪᠤᠶᠤ ᠭᠡᠷ ᠤᠨ ᠠᠬᠠᠮᠠᠳ ᠦᠨᠡᠨ ᠰᠡᠳᠬᠢᠯ ᠠᠴᠠ ᠪᠠᠨ

ᠪᠢᠰᠢᠷᠡᠨ ᠬᠦᠨᠳᠦᠳᠬᠡᠵᠣ᠂ ᠭᠡᠷ ᠤᠨ ᠠᠬᠠᠮᠠᠳ ᠤᠨ ᠬᠠᠯᠠᠭᠤᠨ ᠳᠡᠮᠵᠢᠯᠭᠡ ᠶᠢ ᠣᠯᠵᠤ ᠴᠢᠳᠠᠨ᠎ᠠ᠃

      ︵ᠬᠤᠶᠠᠷ︶ ᠪᠦᠯᠬᠦᠮᠳᠡᠯ ᠢ ᠡᠷᠬᠢᠮᠯᠡᠬᠦ ᠬᠡᠷᠡᠭᠳᠡᠢ᠃ ᠰᠣᠷᠣᠭᠴᠢᠳ ᠪᠣᠯ ᠡᠬᠡ ᠣᠯᠣᠰ ᠤᠨ ᠢᠷᠡᠬᠡᠳᠦᠢ᠂          

ᠡᠭᠡ ᠣᠯᠣᠰ ᠢᠶᠠᠨ ᠪᠦᠳᠦᠬᠡᠨ ᠪᠠᠶᠢᠭᠤᠯᠬᠤ ᠴᠢᠬᠤᠯᠠ ᠡᠬᠦᠷᠬᠡ ᠳᠡᠳᠡᠨ  ᠤ ᠡᠮᠦᠨ᠎ᠡ ᠳᠠᠯᠪᠢᠭᠳᠠᠵᠣ          

ᠪᠠᠶᠢᠨ᠎ᠠ᠃ ᠳᠣᠮᠳᠠᠳᠣ ᠶᠢᠨ ᠦᠨᠳᠦᠰᠦᠳᠠᠨ ᠤ ᠬᠦᠭᠵᠢᠯᠳᠡ ᠶᠢᠨ ᠶᠠᠪᠣᠴᠠ ᠳᠠᠬᠢ ᠣᠯᠣᠰ ᠢᠶᠠᠨ ᠬᠠᠶᠢᠷᠠᠯᠠᠬᠤ

ᠦᠵᠡᠯ ᠢᠶᠠᠷ ᠴᠦᠮ᠎ᠡ ᠪᠣᠯᠭᠠᠵᠣ᠂ ᠰᠤᠷᠤᠭᠴᠢᠳ ᠪᠦᠯᠬᠦᠮᠳᠡᠯ ᠨᠢᠬᠡᠳᠦᠯ᠂ ᠡᠪ ᠨᠠᠶᠢᠷᠠᠮᠳᠠᠯ᠂ ᠠᠵᠢᠯᠴᠢ

ᠪᠣᠷᠣᠭᠵᠢᠭᠤᠨ᠂ ᠡᠷᠡᠯᠬᠡᠭ ᠪᠠᠭᠠᠳᠣᠷᠯᠢᠭ᠂ ᠦᠪᠡᠷ ᠤᠨ ᠬᠦᠴᠦ ᠪᠠᠷ ᠳᠡᠭᠵᠢᠷᠡᠬᠦ ᠠᠭᠤᠣ ᠶᠡᠭᠡ ᠵᠣᠷᠢᠭ ᠰᠠᠨᠠᠭ᠎ᠠ ᠶᠢ

ᠣᠷᠭᠠᠨᠢᠭ ᠢᠶᠠᠷ ᠣᠶᠠᠯᠳᠣᠭᠤᠯᠣᠭᠰᠠᠨ ᠡᠷᠬᠢᠮ ᠳᠡᠬᠡᠳᠣ ᠵᠠᠩ ᠰᠣᠷᠳᠠᠬᠤᠨ ᠢ ᠭᠦᠮᠦᠵᠢᠭᠦᠯᠭᠦ ᠭᠡᠷᠡᠭᠳᠠᠢ᠃ ᠡᠬᠦᠨ ᠳᠤ

ᠪᠦᠯᠬᠦᠮᠳᠠᠯ ᠪᠣᠯ ᠠᠩᠬᠢ ᠨᠢᠬᠡᠴᠢ ᠶᠢᠨ ᠠᠮᠢᠨ ᠰᠠᠬᠢᠶ᠎ᠠ᠂ ᠪᠦᠬᠦ ᠠᠩᠭᠢ ᠨᠢᠬᠡᠴᠢ ᠶᠢᠨ ᠠᠯᠢᠪᠠ ᠠᠮᠢᠳᠣᠷᠠᠯ

ᠰᠣᠷᠣᠯᠭ᠎ᠠ ᠶᠢᠨ ᠠᠵᠢᠯᠯᠠᠭ᠎ᠠ ᠦᠷᠨᠢᠬᠦᠯᠬᠦ ᠳᠤ ᠵᠠᠪᠠᠯ ᠪᠦᠯᠬᠦᠮᠳᠠᠯ ᠤᠨ ᠰᠠᠭᠤᠷᠢ ᠳᠡᠬᠡᠷ᠎ᠡ ᠶᠠᠪᠣᠭᠳᠠᠨ᠎ᠠ᠃ ᠨᠢᠭᠡᠨ

ᠪᠦᠯᠬᠦᠮᠳᠡᠯ ᠲᠠᠢ ᠠᠩᠭᠢ ᠨᠡᠶᠢᠲᠡ ᠶᠢ ᠬᠥᠮᠦᠵᠢᠭᠦᠯᠬᠦ ᠨᠢ ᠠᠩᠭᠢ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂

ᠪᠦᠯᠬᠦᠮᠳᠡᠯ ᠲᠠᠢ ᠨᠥᠬᠦᠷᠰᠡᠭ ᠠᠩᠭᠢ ᠶᠢᠨ ᠠᠭᠤᠷ ᠠᠮᠢᠰᠬᠤᠯ ᠢ ᠪᠣᠶ ᠪᠣᠯᠭᠠᠬᠤ ᠳᠤ ᠠᠰᠢᠭᠲᠠᠶ ᠪᠥᠭᠡᠳ ᠠᠩᠭᠢ ᠶᠢᠨ

ᠬᠠᠮᠢᠶᠠᠷᠤᠯᠲᠠ ᠳᠤ ᠴᠤ ᠠᠰᠢᠭᠲᠠᠶ ᠶᠤᠮ᠃

      ᠭᠤᠷᠪᠠ᠂ ᠠᠵᠢᠭᠯᠠᠬᠤ ᠴᠢᠳᠠᠪᠣᠷᠢ ᠲᠠᠢ ᠪᠠᠶᠢᠬᠤ

      ᠪᠠᠭ᠎ᠠ ᠰᠣᠷᠭᠠᠭᠤᠯᠢ ᠪᠣᠯ ᠰᠣᠷᠣᠭᠴᠢ ᠶᠢᠨ ᠦᠵᠡᠯ ᠣᠬᠠᠮᠰᠠᠷ ᠠᠩᠬ᠎ᠠ ᠪᠦᠷᠢᠯᠳᠦᠬᠦ ᠱᠠᠳᠣ ᠮᠦᠨ᠃ ᠡᠨᠡ ᠬᠦ

ᠱᠠᠳᠣᠨ ᠤ ᠰᠣᠷᠣᠭᠴᠢ ᠨᠡᠶᠢᠳᠡᠮ ᠳᠤ ᠪᠠᠨ ᠠᠯᠢᠪᠠ ᠬᠡᠷᠡᠭ ᠪᠣᠳᠠᠰ ᠤᠨ ᠵᠦᠪ ᠪᠣᠷᠣᠭᠤ᠂ ᠰᠠᠶᠢᠨ ᠮᠠᠭᠤ᠂ ᠰᠠᠶᠢᠬᠠᠨ

ᠮᠠᠭᠤᠬᠠᠢ᠂ ᠦᠨᠡᠨ ᠬᠤᠳᠠᠯ ᠢ ᠢᠯᠭᠠᠨ ᠳᠠᠨᠢᠬᠤ ᠴᠢᠳᠠᠪᠣᠷᠢ ᠳᠣᠷᠣᠢ᠂ ᠦᠵᠡᠯᠳᠡ ᠳᠠᠨᠢᠯᠳᠠ ᠬᠠᠷᠠᠬᠠᠨ

ᠳᠣᠭᠳᠠᠪᠣᠷᠢᠵᠢᠵᠣ ᠴᠢᠳᠠᠭᠠᠳᠣᠢ ᠳᠣᠯᠠ ᠣᠷᠴᠢᠨ ᠳᠣᠭᠤᠷᠢᠨ ᠤ ᠵᠦᠪ ᠪᠣᠰᠣ ᠨᠦᠯᠦᠬᠡ ᠳᠣᠰᠬᠠᠯ ᠳᠤ ᠠᠮᠠᠷᠬᠠᠨ

ᠨᠦᠯᠦᠬᠡᠯᠡᠭᠳᠡᠵᠣ᠂ ᠦᠵᠡᠯ ᠣᠬᠠᠮᠰᠠᠷ ᠪᠣᠷᠣᠭᠤ ᠳᠡᠶᠢᠰᠢ ᠬᠡᠯᠪᠠᠶᠢᠬᠦ ᠪᠣᠯᠣᠯᠴᠠᠭ᠎ᠠ ᠲᠠᠢ ᠪᠠᠶᠢᠳᠠᠭ᠃ ᠰᠢᠨ᠎ᠡ ᠴᠠᠭ

ᠦᠶ᠎ᠠ ᠶᠢᠨ ᠱᠠᠭᠠᠷᠳᠠᠯᠭ᠎ᠠ ᠪᠠ ᠬᠦᠮᠦᠵᠢᠬᠦᠯᠬᠦ ᠬᠠᠷᠠᠯᠳᠠ ᠳᠣᠣᠷ᠎ᠠ ᠠᠩᠬᠢ ᠶᠢᠨ ᠡᠷᠬᠢᠯᠡᠭᠴᠢ ᠭᠠᠳᠠᠭᠠᠳᠣ ᠨᠦᠬᠦᠴᠠᠯ ᠨᠢ

ᠰᠣᠷᠣᠭᠴᠢᠳ ᠢ ᠨᠦᠯᠦᠬᠡᠯᠡᠬᠦ ᠶᠢ ᠴᠠᠭ ᠢᠮᠠᠭᠳᠠ ᠠᠩᠬᠠᠷᠴᠣ᠂ ᠰᠣᠷᠣᠭᠴᠢ ᠨᠢᠬᠡ ᠪᠦᠷᠢ ᠶᠢᠨ ᠬᠡᠷ ᠤᠨ ᠠᠬᠠᠮᠠᠳ

ᠵᠢᠴᠢ ᠶᠠᠪᠣᠳᠠᠯ ᠰᠠᠭᠤᠳᠠᠯ᠂ ᠭᠠᠳᠠᠭᠠᠳᠣ ᠣᠷᠴᠢᠨ ᠤ ᠬᠠᠷᠢᠯᠴᠠᠭ᠎ᠠ ᠶᠠᠪᠣᠯᠴᠠᠭ᠎ᠠ ᠶᠢ ᠣᠶᠢᠯᠠᠭᠠᠬᠤ ᠪᠠᠷ ᠪᠠᠷᠠᠬᠤ ᠦᠬᠡᠢ᠂

ᠪᠠᠰᠠ ᠰᠣᠷᠣᠭᠴᠢᠳ ᠢ ᠢᠯᠡᠬᠦᠦ ᠣᠶᠢᠯᠠᠭᠠᠬᠤ ᠬᠡᠷᠡᠭᠳᠡᠢ᠃ ᠪᠠᠭᠰᠢ ᠶᠢᠨ ᠠᠵᠢᠭᠯᠠᠬᠤ ᠴᠢᠳᠠᠪᠣᠷᠢ ᠶᠢᠨ ᠴᠢᠩᠭ᠎ᠠ

ᠰᠣᠯᠠ ᠨᠢ ᠠᠩᠬᠢ ᠶᠢᠨ ᠠᠵᠢᠯ ᠤᠨ ᠨᠠᠷᠢᠨ ᠪᠦᠳᠦᠴᠠ ᠪᠠ ᠣᠷᠣᠭᠰᠢᠳᠠᠢ ᠶᠠᠪᠣᠭᠳᠠᠬᠤ ᠶᠢᠨ ᠴᠢᠬᠤᠯᠠ ᠠᠨᠢᠰᠣ

ᠪᠣᠯᠣᠨ᠎ᠠ᠃ ᠬᠠᠮᠳᠣ ᠨᠡᠶᠢᠳᠡ ᠶᠢᠨ ᠦᠨᠳᠦᠰᠦᠨ ᠪᠠᠶᠢᠳᠠᠯ ᠢ ᠨᠠᠷᠢᠨ ᠠᠵᠢᠭᠯᠠᠯᠳᠠ ᠪᠠᠷ ᠳᠠᠮᠵᠢᠨ ᠰᠠᠶ᠋ᠢ ᠣᠶᠢᠯᠠᠭᠠᠵᠣ᠂

ᠠᠵᠢᠭᠯᠠᠯᠳᠠ ᠶᠢᠨ ᠰᠠᠭᠤᠷᠢᠨ ᠳᠡᠭᠡᠷ᠎ᠡ ᠶᠠᠪᠣᠭᠳᠠᠭᠰᠠᠨ ᠣᠶᠢᠯᠠᠭᠠᠯᠳᠠ ᠪᠣᠯ ᠰᠠᠶ᠋ᠢ ᠠᠩᠬᠢ ᠶᠢᠨ ᠠᠵᠢᠯ ᠤᠨ ᠪᠦᠬᠦ

ᠳᠠᠯ᠎ᠠ ᠶᠢᠨ ᠪᠠᠶᠢᠷᠢᠯᠠᠭᠤᠯᠣᠯᠳᠠ ᠶᠢ ᠡᠮᠵᠡᠭ ᠳᠣᠳᠠᠭᠳᠠᠯ ᠦᠬᠡᠢ ᠪᠣᠯᠭᠠᠳᠠᠭ᠃ ᠡᠬᠦᠨ ᠳᠤ ᠠᠩᠬᠢ ᠶᠢᠨ ᠦᠨᠳᠦᠰᠦᠨ

ᠪᠠᠶᠢᠳᠠᠯ ᠪᠠ ᠳᠦᠬᠡᠮᠡᠯ ᠪᠠᠶᠢᠳᠠᠯ ᠢ ᠣᠶᠢᠯᠠᠭᠠᠵᠣ᠂ ᠳᠠᠷᠠᠭ᠎ᠠ ᠳᠤ ᠨᠢ ᠣᠨᠴᠠᠭᠠᠢ ᠪᠠᠶᠢᠳᠠᠯ ᠳᠤ ᠨᠠᠷᠢᠨ ᠠᠵᠢᠭᠯᠠᠯᠳᠠ

ᠬᠢᠵᠣ᠂ ᠣᠨᠴᠠᠭᠠᠢ ᠪᠠᠶᠢᠳᠠᠯ ᠢ ᠣᠨᠴᠠᠭᠠᠢ ᠠᠷᠭ᠎ᠠ ᠪᠠᠷᠢᠯ ᠢᠶᠠᠷ ᠵᠣᠬᠢᠴᠠᠭᠤᠯᠣᠨ ᠰᠢᠢᠳᠪᠦᠷᠢᠯᠡᠬᠦ ᠪᠠᠷ ᠳᠠᠮᠵᠢᠭᠤᠯᠵᠣ

ᠪᠦᠬᠦ ᠳᠠᠯ᠎ᠠ ᠶᠢ ᠬᠠᠷᠠᠭᠠᠯᠵᠠᠬᠤ ᠬᠡᠷᠡᠭᠳᠡᠢ᠃

      ᠲᠦᠷᠪᠡ᠂ ᠰᠢᠨ᠎ᠡ ᠶᠢ ᠡᠭᠦᠳᠦᠨ ᠰᠤᠷᠤᠯᠴᠠᠬᠤ ᠴᠢᠳᠠᠪᠤᠷᠢ ᠲᠠᠢ ᠪᠠᠶᠢᠬᠤ

      ᠠᠩᠭᠢ ᠶᠢᠨ ᠡᠷᠬᠢᠯᠡᠭᠴᠢ ᠶᠢᠨ ᠠᠵᠢᠯ ᠪᠣᠯ ᠨᠢᠭᠡ ᠵᠦᠢᠯ ᠤᠨ ᠪᠦᠲᠦᠭᠡᠯᠴᠢ ᠴᠢᠨᠠᠷᠲᠠᠶ ᠠᠵᠢᠯ᠃ ᠠᠩᠭᠢ ᠶᠢᠨ

ᠡᠷᠬᠢᠯᠡᠭᠴᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠠᠰᠤᠷᠠᠯᠲᠠ ᠥᠬᠡᠶ ᠰᠢᠨᠡᠴᠢᠯᠡᠵᠦ᠂ ᠰᠢᠨ᠎ᠡ ᠰᠡᠳᠬᠢᠬᠦᠶ᠂

ᠰᠢᠨ᠎ᠡ ᠠᠭᠤᠯᠭ᠎ᠠ᠂ ᠰᠢᠨ᠎ᠡ ᠣᠨᠣᠯ ᠪᠠᠷᠢᠮᠳᠠ ᠪᠠᠶᠢᠬᠤ ᠬᠡᠷᠡᠭᠲᠡᠶ᠂ ᠡᠨᠡ ᠨᠢ ᠠᠩᠬᠢ ᠶᠢᠨ ᠡᠷᠬᠢᠯᠡᠭᠴᠢ ᠶᠢᠨ

ᠪᠦᠲᠦᠭᠡᠯᠴᠢ ᠴᠢᠨᠠᠷ ᠪᠠ ᠪᠦᠲᠦᠭᠡᠯᠴᠢ ᠴᠢᠳᠠᠪᠤᠷᠢ ᠪᠠᠶᠢᠬᠤ ᠶᠢ ᠱᠠᠭᠠᠷᠳᠠᠵᠤ ᠪᠠᠶᠢᠨ᠎ᠠ᠃ ᠰᠢᠯᠢᠳᠡᠭ ᠠᠩᠭᠢ ᠶᠢᠨ

ᠡᠷᠬᠢᠯᠡᠭᠴᠢ ᠵᠠᠪᠠᠯ ᠡᠯ᠎ᠡ ᠵᠦᠢᠯ ᠤᠨ ᠰᠣᠶᠣᠯ ᠮᠡᠳᠡᠯᠬᠡ ᠪᠠᠨ ᠳᠠᠰᠣᠷᠠᠯᠳᠠ ᠦᠬᠡᠢ ᠨᠡᠮᠡᠭᠳᠡᠬᠦᠯᠵᠣ᠂ ᠳᠠᠨᠢᠯᠳᠠ ᠪᠠᠨ

ᠰᠢᠨᠡᠳᠬᠡᠬᠦ ᠴᠢᠬᠤᠯᠠᠳᠠᠢ᠃ ᠨᠡᠶᠢᠬᠡᠮ ᠤᠨ ᠬᠦᠭᠵᠢᠯᠳᠡ ᠶᠢᠨ ᠦᠨᠳᠦᠰᠦᠨ ᠪᠠᠶᠢᠳᠠᠯ᠂ ᠬᠦᠭᠵᠢᠯᠳᠡ ᠶᠢᠨ ᠬᠠᠨᠳᠣᠰᠢ ᠶᠢ

ᠢᠯᠡᠬᠦᠦ ᠣᠶᠢᠯᠠᠭᠠᠵᠣ᠂ ᠰᠣᠷᠭᠠᠨ ᠬᠦᠮᠦᠵᠢᠯ ᠤᠨ ᠳᠦᠷᠦ ᠶᠢᠨ ᠪᠣᠳᠣᠯᠭ᠎ᠠ᠂ ᠱᠣᠭᠤᠮ᠂ ᠴᠢᠭᠯᠡᠯᠳᠡ ᠶᠢ

ᠰᠣᠷᠣᠯᠴᠠᠵᠣ᠂ ᠪᠣᠳᠠᠳᠠᠢ ᠳᠤ ᠦᠢᠯᠡᠳᠦᠯᠬᠡᠵᠢᠬᠦᠯᠦᠨ ᠳᠣᠭᠤᠰᠢᠯᠠᠭᠤᠯᠵᠣ᠂ ᠵᠢᠭᠠᠨ ᠰᠣᠷᠭᠠᠯᠳᠠ ᠶᠢᠨ ᠰᠢᠨ᠎ᠡ

ᠬᠤᠪᠢᠷᠠᠯᠳᠠ ᠶᠢ ᠳᠠᠭᠠᠵᠣ᠂ ᠰᠣᠷᠣᠯᠴᠠᠯᠭ᠎ᠠ ᠪᠠᠨ ᠴᠢᠩᠭᠠᠳᠬᠠᠵᠣ᠂ ᠦᠪᠡᠷ ᠤᠨ ᠦᠵᠡᠯ ᠣᠬᠠᠮᠰᠠᠷ ᠢᠶᠠᠨ

ᠦᠬᠡᠷᠡᠴᠢᠯᠡᠵᠣ᠂ ᠰᠢᠨ᠎ᠡ ᠨᠢᠬᠡᠨ ᠳᠠᠨᠢᠯᠳᠠ ᠪᠠᠷ ᠠᠩᠬᠢ ᠪᠠᠨ ᠬᠠᠮᠢᠶᠠᠷᠬᠤ ᠨᠢ ᠴᠢᠬᠤᠯᠠ ᠪᠣᠯᠣᠭᠠᠳ ᠪᠠᠶᠢᠨ᠎ᠠ᠃

      ᠲᠠᠪᠤ᠂ ᠬᠠᠷᠢᠯᠴᠠᠬᠤ ᠪᠠ ᠢᠯᠡᠳᠬᠡᠬᠦ ᠴᠢᠳᠠᠪᠤᠷᠢ ᠲᠠᠢ ᠪᠠᠶᠢᠬᠤ

      ᠠᠩᠭᠢ ᠶᠢᠨ ᠡᠷᠬᠢᠯᠡᠭᠴᠢ ᠬᠡᠷ ᠤᠨ ᠠᠬᠠᠮᠠᠳ ᠪᠣᠯᠣᠨ ᠨᠡᠶᠢᠭᠡᠮ ᠤᠨ ᠬᠠᠷᠢᠯᠴᠠᠭ᠎ᠠ ᠶᠢ ᠰᠠᠶᠢᠳᠣᠷ ᠬᠢᠵᠣ᠂ ᠭᠡᠷ

ᠪᠦᠯᠢ ᠪᠣᠯᠤᠨ ᠨᠡᠶᠢᠭᠡᠮ ᠤᠨ ᠳᠡᠮᠵᠢᠯᠭᠡ ᠶᠢ ᠣᠯᠵᠤ᠂ ᠰᠤᠷᠭᠠᠨ ᠬᠥᠮᠦᠵᠢᠯ ᠤᠨ ᠬᠠᠮᠲᠤᠷᠠᠯ ᠤᠨ ᠬᠦᠴᠦᠨ ᠢ

ᠪᠦᠷᠢᠯᠳᠦᠭᠦᠯᠬᠦ ᠬᠡᠷᠡᠭᠳᠡᠢ᠃ ᠬᠢᠴᠢᠶᠡᠯ ᠤᠨ ᠡᠮᠦᠨ᠎ᠡ ᠬᠤᠶᠢᠨᠠᠬᠢ ᠴᠠᠭ ᠢ ᠠᠰᠢᠭᠯᠠᠨ ᠦᠷᠬᠦᠯᠵᠢ ᠰᠣᠷᠣᠭᠴᠢ ᠲᠠᠢ ᠪᠠᠨ

ᠣᠶᠢᠷᠠᠳᠣᠨ ᠳᠡᠳᠡᠨ ᠤ ᠨᠠᠭᠠᠳᠣᠮ ᠳᠣᠭᠯᠠᠭᠠᠮ ᠳᠤ ᠣᠷᠣᠯᠴᠠᠬᠤ ᠪᠣᠶᠣ ᠴᠢᠯᠦᠬᠡ ᠪᠠᠨ ᠠᠰᠢᠭᠯᠠᠨ ᠨᠠᠶᠢᠵᠠ

ᠨᠦᠬᠦᠳ ᠤᠨ ᠬᠤᠪᠢ ᠠᠴᠠ ᠰᠡᠳᠬᠢᠯ ᠢᠶᠠᠨ ᠰᠣᠯᠢᠯᠴᠠᠨ ᠶᠠᠷᠢᠯᠴᠠᠨ ᠵᠣᠭᠤᠭᠳᠠᠬᠤ ᠵᠡᠷᠬᠡ ᠪᠠᠷ ᠳᠡᠳᠡᠨ ᠤ ᠳᠣᠳᠣᠭᠠᠳᠣ

ᠰᠡᠳᠬᠢᠯᠬᠡ ᠶᠢᠨ ᠪᠠᠶᠢᠳᠠᠯ ᠢ ᠣᠶᠢᠯᠠᠭᠠᠨ ᠰᠡᠳᠬᠢᠯ ᠤᠨ ᠨᠠᠶᠢᠵᠠ ᠪᠣᠯᠵᠣ᠂ ᠪᠣᠳᠣᠯ ᠰᠡᠳᠬᠢᠯ ᠢ ᠨᠢ ᠢᠯᠡᠬᠦᠬᠡᠨ

ᠠᠩᠬᠠᠷᠣᠨ ᠣᠶᠢᠯᠠᠭᠠᠵᠣ᠂ ᠰᠣᠷᠣᠯᠭ᠎ᠠ ᠠᠮᠢᠳᠣᠷᠠᠯ ᠳᠤ ᠬᠠᠨᠳᠣᠬᠤ ᠣᠪᠣᠷ ᠪᠠ ᠪᠡᠶ᠎ᠡ ᠰᠡᠳᠬᠢᠴᠨ ᠶᠢᠨ

ᠪᠠᠶᠢᠳᠠᠯ ᠳᠤ ᠨᠢ ᠳᠣᠬᠢᠷᠠᠭᠤᠯᠣᠨ ᠬᠡᠷᠬᠢᠨ ᠬᠠᠷᠠᠯᠳᠠ ᠵᠣᠷᠢᠯᠳᠠ ᠳᠣᠳᠣᠷᠬᠠᠢ ᠳᠣᠭᠳᠠᠭᠠᠵᠣ᠂ ᠬᠠᠮᠢᠶᠠᠷᠴᠣ

ᠬᠦᠮᠦᠵᠢᠬᠦᠯᠬᠦ ᠠᠷᠭ᠎ᠠ ᠪᠠᠨ ᠳᠣᠬᠢᠷᠠᠭᠤᠯᠬᠤ ᠬᠡᠷᠡᠭᠳᠡᠢ᠃

      ᠠᠩᠬᠢ ᠶᠢᠨ ᠡᠷᠬᠢᠯᠡᠭᠴᠢ ᠪᠣᠯᠣᠭᠰᠠᠳ ᠡᠷᠬᠡᠪᠰᠢ ᠰᠣᠷᠣᠭᠴᠢ ᠶᠢᠨ ᠪᠡᠶ᠎ᠡ ᠰᠡᠳᠬᠢᠴᠠ ᠶᠢᠨ ᠬᠦᠭᠵᠢᠯᠳᠡ ᠶᠢᠨ

ᠣᠨᠴᠠᠯᠢᠭ ᠲᠠᠢ ᠣᠶᠠᠯᠳᠣᠭᠤᠯᠣᠨ ᠴᠠᠭ ᠢᠮᠠᠭᠳᠠ ᠠᠵᠢᠭᠯᠠᠨ ᠰᠣᠳᠣᠯᠵᠣ᠂ ᠰᠣᠷᠣᠭᠴᠢ ᠪᠦᠬᠦᠨ ᠢ ᠬᠠᠶᠢᠷᠠᠯᠠᠨ

ᠬᠠᠯᠠᠮᠵᠢᠯᠠᠵᠣ᠂ ᠬᠠᠷᠢᠯᠴᠠᠨ ᠣᠶᠢᠯᠠᠭᠠᠯᠴᠠᠵᠣ᠂ ᠦᠪᠡᠷ ᠤᠨ ᠦᠬᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ

ᠰᠣᠷᠣᠭᠴᠢ ᠶᠢ ᠨᠦᠯᠦᠬᠡᠯᠡᠵᠣ᠂ ᠰᠣᠷᠣᠭᠴᠢ ᠶᠢᠨ ᠡᠬᠦᠳᠡᠨ ᠠᠴᠠ ᠠᠰᠠᠭᠤᠳᠠᠯ ᠢ ᠪᠣᠳᠣᠯᠬᠢᠯᠠᠵᠣ᠂ ᠡᠶ᠎ᠡ ᠨᠠᠶᠢᠷᠠᠮᠳᠠᠭᠤ

ᠪᠠᠭᠰᠢ ᠰᠣᠷᠣᠭᠴᠢ ᠶᠢᠨ ᠬᠠᠷᠢᠴᠠᠭ᠎ᠠ ᠶᠢ ᠪᠠᠶᠢᠭᠤᠯᠵᠣ᠂ ᠰᠣᠷᠭᠠᠭᠤᠯᠢ᠂ ᠨᠡᠶᠢᠬᠡᠮ ᠪᠠ ᠬᠡᠷ ᠤᠨ ᠠᠬᠠᠮᠠᠳ ᠲᠠᠢ

ᠢᠯᠡᠬᠦᠦ ᠬᠠᠷᠢᠯᠴᠠᠵᠣ᠂ ᠨᠢᠭᠳᠠ ᠬᠠᠮᠵᠢᠯᠴᠠᠬᠤ ᠨᠢ ᠮᠠᠰᠢ ᠴᠢᠬᠤᠯᠠ ᠶᠣᠮ᠃ ᠡᠳᠡᠭᠡᠷ ᠴᠢᠳᠠᠪᠣᠷᠢ ᠶᠢ

ᠪᠦᠷᠢᠯᠳᠦᠬᠦᠯᠬᠦ ᠳᠤ ᠨᠡᠶᠢᠬᠡᠮ ᠠᠴᠠ ᠰᠣᠷᠬᠤ᠂ ᠨᠣᠮ ᠪᠢᠴᠢᠭ ᠠᠴᠠ ᠰᠣᠷᠬᠤ᠂ ᠦᠢᠯᠡᠳᠦᠯᠬᠡ ᠳᠣᠷᠰᠢᠯᠭ᠎ᠠ ᠪᠠᠨ

ᠳ᠋ᠦᠩᠨᠡᠨ ᠰᠣᠷᠣᠯᠴᠠᠬᠤ ᠭᠡᠷᠡᠭᠳᠠᠢ᠃

       ᠠᠵᠢᠯᠯᠠᠵᠤ ᠪᠠᠶᠢᠭ᠎ᠠ ᠪᠠᠶᠢᠭᠤᠯᠭ᠎ᠠ᠄ ᠯᠢᠨᠳᠦ᠋ᠩ ᠤᠨ ᠮᠣᠩᠭᠤᠯ

                             ᠦᠨᠳᠦᠰᠦᠳᠠᠨ ᠤ ᠪᠠᠭ᠎ᠠ ᠰᠣᠷᠭᠠᠭᠤᠯᠢ

                              ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map