ᠠᠩᠭᠢ ᠶᠢᠨ ᠡᠷᠬᠢᠯᠡᠭᠴᠢ ᠶᠢᠨ ᠠᠵᠢᠯ ᠤᠨ ᠲᠣᠬᠠᠢ ᠮᠦᠴᠢᠳ ᠣᠶᠢᠯᠠᠭᠠᠯᠲᠠ
ᠨᠡᠶᠢᠲᠡᠯᠡᠭᠰᠡᠨ ᠴᠠᠭ᠄
2024/8/5
                    ᠨᠠᠷᠡᠨᠲᠣᠶᠠᠭ᠎ᠠ

班主任工作3.png

 

      ᠠᠩᠬᠢ ᠶᠢᠨ ᠡᠷᠬᠢᠯᠡᠭᠴᠢ ᠪᠣᠯ ᠰᠣᠷᠣᠭᠴᠢ ᠶᠢᠨ ᠪᠦᠬᠦ ᠲᠠᠯ᠎ᠠ ᠶᠢᠨ ᠠᠵᠢᠯ ᠢ ᠵᠤᠬᠢᠴᠠᠭᠤᠯᠳᠠᠭ ᠪᠦᠭᠡᠳ

ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠵᠡᠷᠭᠡ ᠠᠵᠢᠯ ᠢ ᠪᠦᠬᠦ ᠲᠠᠯ᠎ᠠ ᠪᠠᠷ

ᠬᠠᠷᠢᠭᠤᠴᠠᠳᠠᠭ ᠪᠠᠭᠰᠢ ᠪᠣᠯᠤᠨ᠎ᠠ᠃ ᠪᠢ ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ᠂ ᠥᠪᠡᠷ ᠤᠨ ᠦᠭᠡ

ᠶᠠᠷᠢᠶ᠎ᠠ ᠦᠢᠯᠡ ᠠᠵᠢᠯᠯᠠᠭᠠᠨ ᠤ ᠪᠠᠨ ᠰᠤᠷᠤᠭᠴᠢᠳ ᠲᠤ ᠦᠵᠡᠭᠦᠯᠬᠦ ᠨᠥᠯᠥᠭᠡ ᠬᠢᠷᠢ ᠵᠡᠷᠭᠡ ᠭᠡᠳᠡᠭ ᠢ ᠣᠶᠢᠯᠠᠭᠠᠳᠠᠭ

ᠪᠥᠭᠡᠳ ᠰᠤᠷᠤᠭᠴᠢᠳ ᠲᠤ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠵᠢᠭᠠᠨ ᠰᠤᠷᠭᠠᠬᠤ᠂ ᠦᠯᠦ ᠮᠡᠳᠡᠭᠳᠡᠬᠦ

ᠦᠢᠯᠡᠳᠦᠯ ᠦᠵᠡᠭᠦᠯᠬᠦ ᠶᠢ ᠠᠩᠬᠠᠷᠳᠠᠭ᠃ ᠳᠠᠷᠠᠭ᠎ᠠ ᠨᠢ ᠪᠢ ᠦᠪᠡᠷ ᠤᠨ ᠠᠩᠭᠢ ᠶᠢᠨ ᠡᠷᠬᠢᠯᠡᠭᠴᠢ ᠶᠢᠨ ᠠᠵᠢᠯ ᠤᠨ

ᠪᠤᠳᠠᠲᠦ ᠦᠢᠯᠡᠳᠦᠯᠭᠡ ᠪᠠᠨ ᠦᠨᠳᠦᠰᠦᠯᠡᠵᠦ᠂ ᠠᠩᠭᠢ ᠶᠢᠨ ᠡᠷᠬᠢᠯᠡᠭᠴᠢ ᠶᠢᠨ ᠠᠵᠢᠯ ᠤᠨ ᠲᠣᠬᠠᠢ ᠲᠤᠷᠰᠢᠯᠭ᠎ᠠ ᠪᠠ

ᠲᠥᠷᠥᠭᠳᠡᠯ ᠢᠶᠠᠨ ᠳᠡᠯᠭᠡᠶ᠎ᠡ᠃

      ᠨᠢᠭᠡ᠂ ᠠᠩᠬᠢ ᠶᠢᠨ ᠺᠠᠳ᠋ᠷ ᠢ ᠵᠦᠪ ᠰᠣᠩᠭᠤᠬᠤ ᠨᠢ ᠠᠩᠬᠢ ᠶᠢᠨ ᠠᠵᠢᠯ ᠤᠨ ᠢᠯᠭᠤᠮ ᠶᠠᠪᠤᠭᠳᠠᠬᠤ ᠶᠢ

ᠠᠬᠢᠭᠤᠯᠬᠤ

      ᠰᠢᠯᠢᠳᠡᠭ ᠠᠩᠬᠢ ᠨᠢᠭᠡᠴᠢ ᠶᠢ ᠪᠦᠷᠢᠯᠳᠦᠭᠦᠯᠬᠦ ᠳᠤ ᠡᠷᠬᠡᠪᠰᠢ ᠠᠩᠬᠢ ᠶᠢᠨ ᠡᠷᠬᠢᠯᠡᠭᠴᠢ  ᠶᠢ ᠬᠠᠪᠰᠣᠷᠣᠨ ᠪᠦᠬᠦ

ᠠᠩᠬᠢ ᠶᠢᠨ ᠰᠣᠷᠣᠭᠴᠢᠳ ᠢ ᠣᠳᠣᠷᠢᠳᠣᠨ᠂ ᠬᠠᠮᠲᠣ ᠪᠠᠷ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠷ ᠲᠡᠮᠡᠴᠡᠭᠰᠡᠨ

ᠠᠩᠬᠢ ᠶᠢᠨ ᠺᠠᠳ᠋ᠷ ᠤᠨ ᠪᠦᠷᠢᠯᠲᠦᠭᠦᠨ ᠪᠠᠶᠢᠬᠤ ᠬᠡᠷᠡᠭᠲᠡᠢ᠃ ᠡᠶᠢᠮᠦ ᠠᠴᠠ ᠠᠩᠬᠢ ᠶᠢᠨ ᠡᠷᠬᠢᠯᠡᠭᠴᠢ ᠲᠣᠰ

ᠠᠩᠬᠢ ᠶᠢᠨ ᠰᠣᠷᠣᠭᠴᠢᠳ ᠢᠶᠠᠨ ᠨᠢᠭᠡ ᠨᠢᠭᠡ ᠪᠠᠷ ᠨᠠᠷᠢᠨ ᠰᠢᠷᠢᠨ ᠣᠶᠢᠯᠠᠭᠠᠭᠰᠠᠨ ᠰᠠᠭᠤᠷᠢᠨ ᠳᠡᠭᠡᠷ᠎ᠡ ᠲᠣᠰ

ᠠᠩᠬᠢ ᠳᠤ ᠳᠠᠭᠤᠷᠢᠶᠠᠯ ᠪᠤᠯᠵᠤ ᠲᠡᠶᠢᠯᠬᠦ᠂ ᠬᠠᠮᠲᠣ ᠨᠦᠬᠦᠳ ᠤᠨ ᠢᠶᠠᠨ ᠳᠣᠮᠳᠠ ᠲᠣᠭᠲᠠᠭᠰᠠᠨ ᠬᠡᠮᠵᠢᠶᠡᠨ ᠤ

ᠢᠲᠡᠭᠡᠯ ᠲᠠᠢ᠂ ᠵᠤᠬᠢᠬᠤ ᠠᠵᠢᠯ ᠤᠨ ᠴᠢᠳᠠᠪᠣᠷᠢ ᠲᠠᠢ ᠮᠦᠷᠲᠡᠭᠡᠨ ᠣᠯᠠᠨ ᠤ ᠳᠣᠮᠳᠠ ᠪᠠᠨ ᠬᠦᠷᠢᠶᠡᠯᠡᠯ ᠲᠠᠢ

ᠰᠣᠷᠣᠭᠴᠢ ᠶᠢ ᠠᠷᠠᠳᠴᠢᠯᠠᠯ ᠢᠶᠠᠷ ᠰᠣᠩᠭᠤᠨ ᠭᠠᠷᠭᠠᠬᠤ ᠬᠡᠷᠡᠭᠲᠡᠢ᠃ ᠰᠢᠯᠢᠳᠡᠭ ᠰᠠᠶᠢᠨ ᠠᠩᠬᠢ ᠶᠢᠨ ᠺᠠᠳ᠋ᠷ ᠤᠨ

ᠡᠩᠨᠡᠭᠡ ᠶᠢ ᠪᠠᠶᠢᠭᠤᠯᠴᠢᠬᠠᠪᠠᠯ᠂ ᠪᠠᠭᠰᠢ ᠰᠣᠷᠣᠭᠴᠢ ᠶᠢᠨ ᠬᠤᠭᠤᠷᠤᠨᠳᠣᠬᠢ ᠨᠢᠭᠲᠠᠷᠠᠯᠴᠠᠭ᠎ᠠ ᠤᠯᠠᠮ ᠰᠠᠶᠢᠨ ᠪᠤᠯᠬᠤ

ᠪᠦᠭᠡᠳ ᠠᠩᠬᠢ ᠶᠢᠨ ᠪᠦᠯᠬᠦᠮᠳᠡᠯ ᠪᠠ ᠬᠠᠮᠲᠦ ᠶᠢᠨ ᠬᠦᠴᠦᠨ ᠠᠶᠠᠨᠳᠠᠭᠠᠨ ᠪᠤᠢ ᠪᠤᠯᠬᠤ ᠶᠤᠮ᠃

      ᠬᠤᠶᠠᠷ᠂ ᠲᠤᠭᠳᠠᠭᠰᠠᠨ ᠴᠠᠭ ᠲᠤ ᠠᠩᠬᠢ ᠶᠢᠨ ᠬᠤᠷᠠᠯ ᠬᠤᠷᠠᠯᠳᠤᠵᠦ ᠲᠡᠭᠦᠨ ᠢ ᠪᠠᠨ ᠳᠠᠳᠬᠠᠯ ᠪᠤᠯᠭᠠᠬᠤ

      ᠭᠠᠷᠠᠭ ᠪᠤᠯᠭᠠᠨ ᠤ ᠲᠤᠭᠳᠠᠭᠰᠠᠨ ᠴᠠᠭ ᠲᠤ ᠠᠩᠬᠢ ᠶᠢᠨ ᠬᠤᠷᠠᠯ ᠬᠤᠷᠠᠯᠳᠣᠭᠤᠯᠵᠦ᠂ ᠠᠩᠬᠢ ᠳᠤ

ᠣᠷᠣᠰᠢᠵᠣ ᠪᠠᠶᠢᠭ᠎ᠠ ᠠᠰᠠᠭᠤᠳᠠᠯ ᠵᠢᠴᠢ ᠰᠣᠷᠣᠭᠴᠢᠳ ᠤᠨ ᠠᠮᠢᠳᠣᠷᠠᠯ ᠰᠣᠷᠣᠯᠭ᠎ᠠ᠂ ᠵᠠᠩ ᠠᠭᠠᠯᠢ ᠵᠡᠷᠭᠡ ᠲᠠᠯ᠎ᠠ ᠪᠠᠷ

ᠣᠯᠠᠮ ᠨᠢᠭᠡ ᠠᠯᠬᠤᠮ ᠣᠶᠢᠯᠠᠭᠠᠵᠣ᠂ ᠲᠠᠳᠠᠨ ᠤ ᠳᠠᠪᠰᠢᠯᠲᠠ ᠲᠠᠢ ᠲᠠᠯ᠎ᠠ ᠶᠢ ᠨᠢ ᠮᠠᠭᠲᠠᠨ ᠰᠠᠶᠢᠰᠢᠶᠠᠵᠤ᠂

ᠬᠦᠷᠦᠯᠴᠡᠬᠦ ᠦᠭᠡᠢ ᠲᠠᠯ᠎ᠠ ᠶᠢ ᠨᠢ ᠰᠡᠩᠬᠡᠷᠡᠭᠦᠯᠵᠦ ᠬᠦᠮᠦᠵᠢᠭᠦᠯᠬᠦ ᠬᠡᠷᠡᠭᠲᠡᠢ᠃

      ᠠᠩᠬᠢ ᠶᠢᠨ ᠬᠤᠷᠠᠯ ᠢ ᠪᠠᠭᠰᠢ ᠠᠴᠠ ᠵᠢᠭᠠᠨ ᠵᠢᠯᠤᠭᠤᠳᠴᠦ᠂ ᠭᠠᠷᠠᠭ ᠪᠣᠯᠭᠠᠨ ᠭᠤᠷᠪᠠᠨ ᠰᠣᠷᠣᠭᠴᠢ ᠶᠢ

ᠲᠣᠰ ᠭᠠᠷᠠᠭ ᠤᠨ ᠬᠤᠷᠠᠯ ᠢ ᠵᠤᠬᠢᠶᠠᠨ ᠪᠠᠶᠢᠭᠤᠯᠵᠦ᠂ ᠠᠩᠬᠢ ᠳᠤ ᠣᠷᠣᠰᠢᠵᠦ ᠪᠠᠶᠢᠭ᠎ᠠ ᠠᠰᠠᠭᠤᠳᠠᠯ ᠢ

ᠢᠯᠡᠷᠡᠭᠦᠯᠬᠦ ᠶᠢᠨ ᠬᠠᠮᠲᠦ ᠠᠩᠬᠢ ᠶᠢᠨ ᠳᠦᠷᠢᠮ ᠳᠣᠭᠲᠠᠭᠠᠯ ᠶᠣᠰᠣ ᠪᠠᠷ ᠰᠢᠢᠳᠪᠦᠷᠢᠯᠡᠵᠦ᠂ ᠰᠠᠮᠪᠠᠷ᠎ᠠ ᠳᠡᠭᠡᠷ᠎ᠡ ᠲᠣᠰ

ᠭᠠᠷᠠᠭ ᠤᠨ ᠣᠳᠣᠨ ᠰᠣᠷᠣᠭᠴᠢ ᠪᠠ ᠪᠣᠯᠪᠠᠰᠣᠨ ᠰᠣᠷᠣᠭᠴᠢ ᠶᠢ ᠰᠢᠯᠭᠠᠷᠠᠭᠤᠯᠵᠦ ᠰᠠᠶᠢᠰᠢᠶᠠᠨ ᠬᠦᠬᠢᠭᠦᠯᠵᠦ᠂

ᠳᠠᠷᠠᠭ᠎ᠠ ᠡᠭᠡᠯᠵᠢ  ᠶᠢᠨ ᠭᠤᠷᠪᠠᠨ ᠰᠣᠷᠣᠭᠴᠢ ᠳᠤ ᠠᠵᠢᠯ ᠢᠶᠠᠨ ᠲᠣᠰᠢᠶᠠᠳᠠᠭ᠃ ᠢᠩᠭᠢᠵᠦ ᠡᠭᠡᠯᠵᠢ ᠳᠠᠷᠠᠭ᠎ᠠ  ᠪᠠᠷ

ᠬᠦᠮᠦᠨ ᠪᠦᠷᠢ ᠨᠢᠭᠡ ᠣᠳᠠᠭᠠᠨ ᠤ ᠠᠩᠬᠢ ᠶᠢᠨ ᠠᠵᠢᠯ ᠢ ᠪᠦᠬᠦ ᠲᠠᠯ᠎ᠠ ᠪᠠᠷ ᠬᠠᠮᠢᠶᠠᠷᠴᠦ᠂ ᠪᠡᠶ᠎ᠡ ᠪᠠᠨ ᠳᠠᠭᠠᠭᠠᠬᠤ

ᠴᠢᠳᠠᠪᠦᠷᠢ᠂ ︽ᠦᠪᠡᠷ ᠢᠶᠠᠨ ᠦᠪᠡᠷ ᠢ ᠪᠠᠨ ᠢᠯᠠᠨ ᠲᠠᠪᠠᠭ᠋ᠣ︾ ᠰᠠᠶᠢᠬᠠᠨ ᠦᠵᠡᠯ ᠣᠬᠠᠮᠰᠠᠷ ᠢ ᠪᠣᠢ ᠪᠤᠯᠭᠠᠵᠦ᠂

ᠦᠭᠡᠳᠡᠯᠡᠨ ᠳᠠᠪᠰᠢᠬᠤ ᠳᠤ ᠨᠢ ᠵᠣᠷᠢᠬᠵᠢᠭᠤᠯᠤᠯ ᠳᠦᠯᠬᠢᠴᠡ ᠬᠦᠴᠦᠨ ᠪᠤᠯᠵᠦ ᠪᠦᠬᠦ ᠲᠠᠯ᠎ᠠ ᠪᠠᠷ ᠬᠦᠮᠦᠵᠢᠭᠳᠡᠭᠰᠡᠨ

ᠰᠢᠯᠢᠳᠡᠭ ᠰᠣᠷᠣᠭᠴᠢ ᠶᠢ ᠬᠦᠮᠦᠵᠢᠭᠦᠯᠬᠦ ᠪᠠᠷ ᠵᠣᠷᠢᠪᠠ᠃ ᠡᠭᠦᠨ ᠤ ᠬᠠᠮᠲᠦ ᠰᠠᠷ᠎ᠠ ᠪᠤᠯᠭᠠᠨ ᠨᠢᠭᠡ ᠣᠳᠠᠭᠠᠨ ᠤ

ᠭᠤᠣᠯ ᠰᠡᠳᠦᠪᠲᠦ ᠠᠩᠬᠢ ᠶᠢᠨ ᠬᠤᠷᠠᠯ ᠢ ᠰᠣᠷᠣᠭᠴᠢ ᠦᠪᠡᠷᠰᠠᠳ ᠢᠶᠠᠨ ᠵᠣᠬᠢᠶᠠᠨ ᠪᠠᠶᠢᠭᠤᠯᠬᠤ ᠨᠢ

ᠰᠣᠷᠣᠭᠴᠢᠳ ᠤᠨ ᠶᠣᠰᠣ ᠰᠣᠷᠲᠠᠬᠤᠨ᠂ ᠣᠶᠣᠨ ᠤᠬᠠᠭᠠᠨ᠂ ᠪᠡᠶ᠎ᠡ ᠮᠠᠬᠠᠪᠣᠳ ᠵᠡᠷᠭᠡ ᠪᠦᠬᠦ ᠲᠠᠯ᠎ᠠ ᠪᠠᠷ

ᠬᠦᠭᠵᠢᠬᠦ ᠳᠤ ᠨᠢ ᠠᠰᠢᠭᠲᠠᠢ ᠶᠣᠮ᠃ ᠪᠠᠰᠠ ᠬᠢᠴᠢᠶᠡᠯ ᠤᠨ ᠭᠠᠳᠠᠨᠠᠬᠢ ᠦᠢᠯᠡᠳᠦᠯᠬᠡ ᠶᠢᠨ ᠠᠵᠢᠯ ᠳᠤ

ᠣᠷᠣᠯᠴᠠᠬᠤ ᠶᠢ ᠤᠷᠢᠶᠠᠯᠠᠵᠦ᠂ ᠠᠵᠢᠯ ᠬᠦᠳᠡᠯᠮᠦᠷᠢ ᠳᠤ ᠣᠷᠣᠯᠴᠠᠵᠦ᠂ ᠦᠢᠯᠡᠳᠦᠯᠭᠡ ᠮᠡᠷᠭᠡᠰᠢᠯ ᠳᠤ

ᠣᠶᠢᠷᠠᠲᠤᠭᠤᠯᠪᠡ᠃

      ᠭᠤᠷᠪᠠ᠂ ᠠᠩᠭᠢ ᠶᠢᠨ ᠡᠷᠬᠢᠯᠡᠭᠴᠢ ᠰᠠᠨᠠᠭᠠᠴᠢᠯᠠᠭ᠎ᠠ ᠠᠴᠠ ᠪᠠᠨ ᠬᠢᠴᠢᠶᠡᠯᠯᠡᠭᠴᠢ ᠪᠠᠭᠰᠢ ᠲᠠᠢ ᠪᠠᠨ

ᠬᠠᠷᠢᠯᠴᠠᠭ᠎ᠠ ᠪᠠᠨ ᠴᠢᠩᠭᠠᠳᠬᠠᠬᠤ

      ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ ᠴᠠᠭ ᠲᠤᠬᠠᠶ ᠳᠤ ᠨᠢ ᠬᠢᠴᠢᠶᠡᠯ ᠤᠨ ᠪᠠᠭᠰᠢ ᠨᠠᠷ ᠲᠠᠢ

ᠬᠠᠷᠢᠯᠴᠠᠬᠤ ᠬᠡᠷᠡᠭᠲᠠᠢ᠃ ᠠᠩᠭᠢ ᠶᠢᠨ ᠢᠶᠠᠨ ᠡᠯ᠎ᠡ ᠲᠥᠷᠥᠯ ᠤᠨ ᠬᠢᠴᠢᠶᠡᠯ ᠢ ᠬᠠᠮᠲᠤ ᠳᠤ ᠨᠢ ᠬᠠᠷᠠᠭᠠᠯᠵᠠᠵᠤ᠂

ᠠᠩᠭᠢ ᠶᠢᠨ ᠢᠶᠠᠨ ᠰᠤᠷᠤᠯᠭ᠎ᠠ ᠶᠢᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠵᠠᠷᠢᠮ ᠰᠤᠷᠤᠭᠴᠢ ᠶᠢᠨ

ᠬᠢᠴᠢᠶᠡᠯ ᠰᠣᠷᠣᠯᠭ᠎ᠠ ᠳᠤ ᠪᠠᠨ ᠰᠢᠮᠳᠠᠬᠤ ᠦᠭᠡᠢ ᠰᠡᠳᠬᠢᠯ ᠲᠠᠯᠪᠢᠨ ᠬᠢᠴᠢᠶᠡᠯ ᠰᠣᠨᠣᠰᠬᠤ ᠦᠭᠡᠢ᠂ ᠳᠠᠰᠬᠠᠯ

ᠳᠠᠭᠠᠭᠠᠯᠭᠠᠪᠤᠷᠢ ᠪᠠᠨ ᠳᠣᠰᠢᠶᠠᠬᠤ ᠦᠭᠡᠢ᠂ ᠰᠠᠭᠤᠷᠢ ᠮᠡᠳᠡᠯᠭᠡ ᠨᠡᠯᠢᠶᠡᠳ ᠪᠠᠭᠤᠷᠠᠶ ᠵᠡᠷᠭᠡ ᠠᠰᠠᠭᠤᠳᠠᠯ ᠤᠳ ᠲᠤ

ᠴᠢᠭᠯᠡᠭᠦᠯᠦᠨ᠂ ᠵᠣᠬᠢᠬᠤ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠬᠤ ᠪᠥᠭᠡᠳ ᠬᠢᠴᠢᠶᠡᠯ ᠤᠨ ᠪᠠᠭᠰᠢ ᠨᠠᠷ ᠲᠠᠢ

ᠬᠠᠮᠲᠤ ᠪᠠᠷ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠪᠠᠷ ᠴᠢᠷᠮᠠᠶᠢᠳᠠᠭ᠃ ᠬᠠᠷᠢᠯᠴᠠᠨ ᠬᠠᠪᠰᠤᠷᠴᠤ

ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠲᠠᠯ᠎ᠠ ᠪᠠᠷ ᠰᠠᠶᠢᠨ

ᠰᠤᠷᠤᠭᠴᠢ ᠪᠠᠷ ᠰᠤᠷᠤᠯᠭ᠎ᠠ ᠳᠤ ᠪᠠᠨ ᠬᠦᠴᠢᠷᠲᠡᠶ ᠰᠤᠷᠤᠭᠴᠢ ᠶᠢ ᠳᠠᠶᠢᠴᠢᠯᠠᠭᠤᠯᠬᠤ ᠭᠡᠷᠡᠭᠳᠠᠢ᠃ ᠵᠢᠱᠢᠶᠡᠯᠡᠪᠡᠯ᠂

ᠳᠠᠰᠬᠠᠯ ᠳᠠᠭᠠᠭᠠᠯᠭᠠᠪᠤᠷᠢ ᠶᠢ ᠤᠳᠠᠭᠠᠰᠢᠷᠠᠭᠤᠯᠬᠤ ᠦᠵᠡᠭᠳᠡᠯ ᠨᠡᠯᠢᠶᠡᠳ ᠤᠯᠠᠨ ᠪᠠᠶᠢᠳᠠᠯ ᠳᠤ ᠴᠢᠭᠯᠡᠭᠦᠯᠦᠨ᠂ ᠨᠠᠷᠢᠨ

ᠬᠢᠨᠠᠮᠠᠭᠠᠶ ᠬᠠᠷᠢᠭᠤᠴᠠᠵᠤ ᠪᠠᠶᠢᠭ᠎ᠠ ᠬᠡᠳᠦᠨ ᠰᠤᠷᠤᠭᠴᠢ ᠶᠢ ᠲᠣᠮᠢᠯᠠᠵᠤ᠂ ᠬᠦᠨᠳᠦ ᠨᠣᠴᠢᠲᠠᠢ ᠤᠳᠠᠭᠠᠰᠢᠷᠠᠭᠤᠯᠬᠤ

ᠦᠵᠡᠭᠳᠡᠯ ᠲᠠᠢ ᠰᠤᠷᠤᠭᠴᠢᠳ ᠲᠤ ᠨᠢᠭᠡ ᠨᠢᠭᠡ ᠪᠠᠷ ᠪᠠᠶᠢᠴᠠᠭᠠᠯᠲᠠ ᠬᠢᠵᠦ᠂ ᠤᠳᠠᠭᠠᠰᠢᠷᠠᠭᠤᠯᠤᠭᠰᠠᠨ

ᠰᠢᠯᠲᠠᠭᠠᠨ ᠢ ᠨᠢ ᠡᠷᠢᠵᠦ ᠣᠯᠤᠨ᠎ᠠ᠃ ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠡᠷᠢᠨ

ᠣᠯᠵᠤ᠂ ᠲᠡᠳᠡᠨ ᠢᠶᠠᠷ ᠡᠳᠡᠭᠡᠷ ᠬᠠᠮᠲᠤ ᠰᠤᠷᠤᠯᠭᠠᠲᠠᠨ ᠢ ᠬᠠᠪᠰᠤᠷᠤᠨ ᠳᠠᠰᠬᠠᠯ ᠢᠶᠠᠨ ᠴᠠᠭ ᠲᠤᠬᠠᠢ ᠳᠤ ᠨᠢ

ᠪᠡᠶᠡᠯᠡᠭᠦᠯᠬᠦ ᠵᠡᠷᠭᠡ ᠠᠵᠢᠯ ᠢ ᠬᠢᠯᠭᠡᠨ᠎ᠡ᠃

      ᠳᠦᠷᠪᠠ᠂ ᠠᠩᠭᠢ ᠶᠢᠨ ᠡᠷᠬᠢᠯᠡᠭᠴᠢ ᠲᠦᠷ ᠬᠤᠴᠣᠷᠤᠩᠭᠤᠶ ᠰᠤᠷᠤᠭᠴᠢ ᠶᠢ ᠬᠤᠪᠢᠷᠠᠭᠤᠯᠬᠤ ᠠᠵᠢᠯ ᠢ

ᠰᠠᠶᠢᠲᠤᠷ ᠬᠢᠬᠦ ᠶᠢ ᠠᠩᠭᠢ ᠶᠢᠨ ᠬᠠᠮᠢᠶᠠᠷᠤᠯᠲᠠ ᠶᠢᠨ ᠠᠵᠢᠯ ᠤᠨ ᠴᠢᠬᠤᠯᠠ  ᠠᠴᠠ ᠴᠢᠬᠤᠯᠠ ᠵᠦᠢᠯ ᠪᠣᠯᠭᠠᠬᠤ

      ᠠᠩᠭᠢ ᠶᠢᠨ ᠡᠷᠬᠢᠯᠡᠭᠴᠢ ᠶᠢᠨ ᠠᠵᠢᠯ ᠤᠨ ᠳᠤᠮᠳᠠ᠂ ᠬᠤᠴᠤᠷᠤᠩᠭᠤᠢ ᠰᠤᠷᠤᠭᠴᠢᠳ ᠢ ᠬᠤᠪᠢᠷᠠᠭᠤᠯᠬᠤ

ᠠᠵᠢᠯ ᠢ ᠠᠮᠵᠢᠯᠲᠠ ᠲᠠᠢ ᠬᠢᠭᠰᠡᠨ ᠡᠰᠡᠬᠦ ᠨᠢ ᠠᠩᠭᠢ ᠶᠢᠨ ᠰᠤᠷᠲᠠᠯ ᠡᠴᠦᠰ ᠲᠤ ᠪᠠᠨ ᠰᠠᠶᠢᠵᠢᠷᠠᠵᠤ ᠴᠢᠳᠠᠬᠤ

ᠡᠰᠡᠬᠦ ᠶᠢ ᠲᠣᠭᠲᠠᠭᠠᠵᠤ ᠪᠠᠶᠢᠳᠠᠭ᠃ ᠠᠩᠬ᠎ᠠ ᠵᠡᠷᠭᠡ  ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ

ᠣᠨᠴᠠᠯᠢᠭ ᠢ ᠦᠨᠳᠦᠰᠦᠯᠡᠨ᠂ ᠰᠣᠷᠣᠭᠴᠢᠳ ᠤᠨ ᠦᠵᠡᠯ ᠰᠠᠨᠠᠭᠠᠨ ᠤ ᠠᠵᠢᠯ ᠢ ᠰᠠᠶᠢᠳᠤᠷ ᠬᠢᠵᠦ᠂

︽ᠰᠡᠳᠬᠢᠯᠭᠡ ᠶᠢ ᠨᠢ ᠬᠥᠳᠡᠯᠭᠡᠵᠦ᠂ ᠶᠣᠰᠣ ᠶᠢ ᠨᠢ ᠤᠶᠢᠯᠠᠭᠠᠭᠤᠯᠵᠣ︾᠂ ᠲᠡᠳᠡᠨ ᠤ ᠰᠡᠳᠬᠢᠯ ᠢ ᠢᠯᠡᠭᠦᠬᠡᠨ

ᠣᠷᠮᠠᠰᠢᠭᠤᠯᠤᠨ ᠳᠣᠭᠳᠣᠯᠣᠭᠤᠯᠬᠤ ᠬᠡᠷᠡᠭᠲᠡᠶ᠃ ᠲᠡᠳᠡᠨ ᠤ ᠣᠯᠠᠩᠬᠢ ᠨᠢ ᠣᠯᠠᠨ ᠤ ᠡᠮᠦᠨ᠎ᠡ ᠰᠢᠭᠦᠮᠵᠢᠯᠡᠬᠦ ᠳᠤ

ᠳᠣᠷ᠎ᠠ ᠦᠭᠡᠶᠢᠴᠡᠳᠡᠭ ᠪᠦᠭᠡᠳ ᠴᠠᠭ ᠢᠮᠠᠭᠲᠠ ᠲᠡᠳᠡᠨ ᠤ ᠪᠡᠶ᠎ᠡ ᠪᠠᠨ ᠬᠦᠨᠳᠦᠳᠬᠡᠬᠦ ᠰᠡᠳᠬᠢᠯ ᠢ ᠬᠠᠮᠠᠭᠠᠯᠠᠵᠤ᠂

ᠲᠡᠳᠡᠨ ᠳᠤ ᠪᠠᠭᠰᠢ ᠨᠢ ᠲᠡᠳᠡᠨ ᠢ ᠬᠦᠨᠳᠦᠳᠬᠡᠳᠡᠭ ᠭᠡᠳᠡᠭ ᠢ ᠮᠡᠳᠡᠭᠦᠯᠬᠦ ᠬᠡᠷᠡᠭᠲᠡᠶ᠃ ᠳᠡᠳᠡᠨ ᠳᠤ ᠨᠠᠷᠢᠨ ᠬᠢᠨᠠᠮᠠᠭᠠᠢ᠂

ᠬᠦᠯᠢᠴᠡᠩᠭᠦᠢ ᠬᠥᠮᠦᠵᠢᠯ ᠬᠢᠵᠦ᠂ ᠳᠠᠰᠤᠷᠠᠯᠳᠠ ᠦᠭᠡᠢ ᠵᠣᠷᠢᠬᠵᠢᠭᠤᠯᠬᠤ ᠭᠡᠷᠡᠭᠳᠠᠢ᠃ ᠪᠠᠭᠰᠢ ᠶᠢᠨ ᠴᠢᠩ          

ᠦᠨᠡᠨᠴᠢ ᠰᠡᠳᠬᠢᠯ ᠨᠢ ᠬᠡᠵᠢᠶ᠎ᠡ ᠨᠢᠭᠡᠨ ᠡᠳᠦᠷ ᠲᠡᠳᠡᠨ ᠢ ᠳᠣᠭᠳᠣᠯᠤᠭᠤᠯᠤᠨ᠎ᠠ ᠭᠡᠳᠡᠭ ᠢ ᠢᠲᠡᠭᠡᠵᠦ ᠪᠠᠶᠢᠬᠤ ᠨᠢ

ᠵᠦᠢᠲᠠᠢ᠃ ᠠᠩᠭᠢ ᠶᠢᠨ ᠡᠷᠬᠢᠯᠡᠭᠴᠢ ᠡᠩ ᠤᠨ ᠦᠶ᠎ᠡ ᠳᠤ ᠰᠤᠷᠤᠭᠴᠢᠳ ᠲᠤ ᠢᠯᠡᠭᠦᠬᠡᠨ ᠪᠡᠶ᠎ᠡ ᠪᠠᠨ ᠳᠠᠭᠠᠭᠠᠬᠤ᠂

ᠥᠪᠡᠷ ᠢ ᠪᠠᠨ ᠬᠦᠴᠦᠷᠬᠡᠭᠵᠢᠭᠦᠯᠬᠦ ᠬᠥᠮᠦᠵᠢᠯ ᠬᠢᠵᠦ᠂ ᠰᠤᠷᠤᠭᠴᠢᠳ ᠤᠨ ᠳᠠᠪᠠᠭᠤᠯᠢᠭ ᠲᠠᠯ᠎ᠠ ᠶᠢ ᠴᠠᠭ

ᠲᠤᠬᠠᠶ ᠳᠤ ᠨᠢ ᠪᠠᠷᠢᠵᠤ᠂ ᠪᠠᠶᠢᠳᠠᠯ ᠢ ᠨᠢ ᠦᠵᠡᠵᠦ ᠬᠥᠲᠥᠯᠥᠨ ᠵᠢᠯᠣᠭᠤᠳᠴᠤ᠂ ᠲᠡᠳᠡᠨ ᠢ ᠢᠳᠡᠪᠬᠢᠲᠡᠶ

ᠰᠡᠳᠬᠢᠯᠭᠡ ᠲᠠᠢ ᠪᠣᠯᠭᠠᠵᠤ᠂ ᠡᠭᠦᠨ ᠤ ᠤᠯᠠᠮ ᠠᠴᠠ ᠤᠯᠠᠨ ᠰᠣᠷᠣᠭᠴᠢ ᠶᠢ ᠲᠠᠶᠢᠴᠢᠯᠠᠵᠦ ᠪᠦᠬᠦ ᠲᠠᠯ᠎ᠠ ᠪᠠᠷ

ᠳᠠᠪᠰᠢᠭᠤᠯᠤᠨ᠎ᠠ᠃

      ᠲᠠᠪᠤ᠂ ᠠᠩᠭᠢ ᠶᠢᠨ ᠡᠷᠬᠢᠯᠡᠭᠴᠢ ᠦᠷᠭᠦᠯᠵᠢ ᠰᠣᠷᠣᠭᠴᠢ ᠶᠢᠨ ᠬᠡᠷ ᠤᠨ ᠠᠬᠠᠮᠠᠳ ᠲᠠᠢ ᠬᠠᠷᠢᠯᠴᠠᠵᠤ

ᠪᠠᠶᠢᠬᠤ ᠶᠢ ᠪᠠᠷᠢᠮᠲᠠᠯᠠᠬᠤ

      ᠭᠡᠷ ᠤᠨ ᠰᠣᠷᠪᠣᠯᠵᠢᠯᠠᠭ᠎ᠠ ᠶᠢ ᠬᠦᠨᠳᠦᠳᠬᠡᠵᠦ᠂ ᠰᠣᠷᠣᠭᠴᠢᠳ ᠤᠨ ᠭᠡᠷ ᠢᠶᠠᠷ ᠲᠤᠭᠤᠷᠢᠨ ᠰᠣᠷᠪᠣᠯᠵᠢᠯᠠᠵᠦ᠂

ᠭᠡᠷ ᠤᠨ ᠠᠬᠠᠮᠠᠳ ᠲᠠᠢ ᠨᠢᠭᠤᠷᠳᠠᠨ ᠶᠠᠷᠢᠯᠴᠠᠵᠣ᠂ ᠰᠠᠨᠠᠭ᠎ᠠ ᠰᠡᠳᠬᠢᠯ ᠢᠶᠠᠨ ᠰᠣᠯᠢᠯᠴᠠᠬᠤ ᠬᠡᠷᠡᠭᠲᠡᠢ᠃ ᠭᠡᠷ ᠲᠤ ᠨᠢ

ᠲᠣᠭᠤᠷᠢᠨ ᠰᠣᠷᠪᠣᠯᠵᠢᠯᠠᠪᠠᠯ ᠰᠣᠷᠣᠭᠴᠢ ᠶᠢᠨ ᠭᠡᠷ ᠲᠤ ᠪᠠᠨ ᠪᠠᠶᠢᠬᠤ ᠢᠯᠡᠷᠡᠯ᠂ ᠭᠡᠷ ᠤᠨ ᠠᠵᠤ ᠠᠬᠤᠢ ᠶᠢᠨ ᠪᠠᠶᠢᠳᠠᠯ

ᠵᠡᠷᠭᠡ ᠶᠢ ᠣᠶᠢᠯᠠᠭᠠᠵᠣ ᠪᠣᠯᠣᠨ᠎ᠠ᠃ ᠮᠦᠨ ᠴᠦ ᠠᠪᠤ ᠡᠵᠢ ᠲᠠᠢ ᠨᠢ ᠵᠣᠭᠤᠭᠳᠠᠬᠤ ᠶᠢᠨ ᠳᠣᠮᠳᠠ ᠰᠣᠷᠣᠭᠴᠢ ᠶᠢᠨ

ᠬᠤᠪᠢᠷᠠᠯᠲᠠ᠂ ᠭᠡᠷ ᠤᠨ ᠠᠬᠠᠮᠠᠳ᠂ ᠰᠣᠷᠭᠠᠭᠤᠯᠢ ᠪᠠ ᠠᠩᠬᠢ ᠶᠢᠨ ᠡᠷᠬᠢᠯᠡᠭᠴᠢ ᠶᠢᠨ ᠰᠠᠨᠠᠭᠤᠯᠭ᠎ᠠ ᠶᠢ ᠶᠠᠷᠢᠶᠠᠨ ᠤ

ᠳᠣᠮᠳᠠ ᠠᠴᠠ ᠣᠯᠵᠣ ᠮᠡᠳᠡᠨ᠎ᠡ᠃ ᠢᠩᠭᠢᠵᠦ ᠬᠢᠬᠦ ᠨᠢ ᠰᠣᠷᠭᠠᠭᠤᠯᠢ ᠪᠠ ᠨᠡᠶᠢᠭᠡᠮ ᠤᠨ ᠬᠤᠭᠤᠷᠣᠨᠳᠣᠬᠢ

ᠬᠠᠷᠢᠴᠠᠭ᠎ᠠ ᠶᠢ ᠭᠦᠨᠵᠡᠭᠡᠶᠢᠷᠡᠭᠦᠯᠳᠡᠭ ᠪᠣᠯᠬᠤᠷ ᠭᠡᠷ ᠤᠨ ᠰᠣᠷᠪᠣᠯᠵᠢᠯᠠᠭ᠎ᠠ ᠨᠢ ᠰᠣᠷᠣᠭᠴᠢ ᠶᠢ ᠬᠦᠮᠦᠵᠢᠭᠦᠯᠬᠦ ᠰᠠᠶᠢᠨ

ᠠᠷᠭ᠎ᠠ ᠠᠪᠴᠠᠯ ᠪᠤᠯᠤᠨ᠎ᠠ᠃

      ᠣᠳᠣ ᠶᠢᠨ ᠰᠤᠷᠤᠭᠴᠢᠳ ᠤᠨ ᠣᠯᠠᠩᠬᠢ ᠨᠢ ᠬᠥᠮᠦᠨ ᠤ ᠭᠠᠭᠴᠠ ᠬᠡᠦᠬᠡᠳ ᠶᠤᠮ᠃ ᠰᠤᠷᠭᠠᠨ

ᠬᠥᠮᠦᠵᠢᠯ ᠤᠨ ᠠᠰᠠᠭᠤᠳᠠᠯ ᠨᠡᠩ ᠲᠣᠪᠤᠶᠢᠮ᠎ᠠ ᠪᠣᠯᠵᠤ᠂ ᠵᠠᠷᠢᠮ ᠭᠡᠷ ᠤᠨ ᠠᠬᠠᠮᠠᠳ ᠵᠥᠪᠬᠡᠨ ᠬᠡᠦᠬᠡᠳ ᠢᠶᠠᠨ

ᠬᠡᠲᠦᠷᠬᠡᠶ ᠬᠠᠶᠢᠷᠠᠯᠠᠬᠤ ᠶᠢ ᠯᠠ ᠮᠡᠳᠡᠨ᠎ᠡ᠃ ᠭᠡᠲᠡᠯ᠎ᠡ ᠵᠠᠷᠢᠮ ᠭᠡᠷ ᠤᠨ ᠠᠬᠠᠮᠠᠳ ᠬᠡᠦᠬᠡᠳ ᠢ ᠬᠡᠲᠦᠷᠬᠡᠢ ᠴᠢᠩᠭ᠎ᠠ

ᠰᠢᠭᠦᠮᠵᠢᠯᠠᠳᠡᠭ᠃ ᠭᠡᠷ ᠤᠨ ᠠᠬᠠᠮᠠᠳ ᠨᠢ ᠰᠤᠷᠭᠠᠭᠤᠯᠢ ᠲᠠᠢ ᠬᠠᠮᠵᠢᠯᠴᠠᠨ ᠰᠤᠷᠤᠭᠴᠢᠳ ᠤᠨ ᠰᠤᠷᠭᠠᠨ

ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠴᠢᠯᠥᠭᠡ ᠵᠠᠪ ᠢᠶᠠᠷ ᠢᠶᠠᠨ ᠭᠡᠷ ᠪᠦᠯᠢ ᠶᠢᠨ

ᠰᠤᠷᠪᠤᠯᠵᠢᠯᠠᠭ᠎ᠠ ᠬᠢᠬᠦ ᠪᠤᠶᠤ ᠭᠡᠷ ᠤᠨ ᠠᠬᠠᠮᠠᠳ ᠢᠶᠠᠨ ᠵᠠᠯᠠᠵᠤ ᠰᠤᠷᠭᠠᠭᠤᠯᠢ ᠳᠤ ᠣᠴᠢᠭᠤᠯᠪᠠᠯ ᠨᠡᠩ ᠰᠠᠶᠢᠨ

ᠪᠠᠶᠢᠳᠠᠭ᠃ ᠡᠰᠡᠬᠦᠯ᠎ᠡ ᠭᠠᠷ ᠣᠲᠠᠰᠣ᠂ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠭᠡᠷ ᠤᠨ

ᠠᠬᠠᠮᠠᠳ ᠲᠠᠢ ᠬᠠᠷᠢᠯᠴᠠᠵᠤ᠂ ᠰᠤᠷᠭᠠᠨ ᠬᠥᠮᠦᠵᠢᠯ ᠤᠨ ᠠᠵᠢᠯ ᠢ ᠬᠠᠮᠲᠤ ᠪᠠᠷ ᠰᠤᠳᠤᠯᠤᠨ ᠶᠠᠷᠢᠯᠴᠠᠵᠤ᠂

ᠬᠤᠭᠤᠴᠠᠭ᠎ᠠ ᠪᠦᠷᠢ ᠶᠢᠨ ᠭᠡᠷ ᠤᠨ ᠠᠬᠠᠮᠠᠳ ᠤᠨ ᠬᠤᠷᠠᠯ ᠢ ᠮᠠᠰᠢ ᠴᠢᠬᠤᠯᠠᠴᠢᠯᠠᠨ ᠦᠵᠡᠵᠦ᠂ ᠬᠤᠷᠠᠯ ᠠᠴᠠ ᠡᠮᠦᠨ᠎ᠡ

ᠶᠡᠭᠡ ᠬᠡᠮᠵᠢᠶᠡᠨ ᠤ ᠪᠡᠯᠡᠳᠬᠡᠯ ᠠᠵᠢᠯ ᠬᠢᠬᠦ ᠭᠡᠷᠡᠭᠳᠠᠢ᠃ ᠨᠢᠭᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ

ᠲᠥᠯᠥᠪᠯᠡᠭᠡ᠂ ᠠᠵᠢᠯ ᠤᠨ ᠲᠣᠬᠢᠷᠠᠭᠤᠯᠤᠯᠲᠠ ᠪᠠᠨ ᠭᠡᠷ ᠤᠨ ᠠᠬᠠᠮᠠᠳ ᠲᠤ ᠬᠠᠷᠢᠭᠤ ᠮᠡᠳᠡᠭᠦᠯᠵᠦ᠂ ᠭᠡᠷ ᠤᠨ

ᠠᠬᠠᠮᠠᠳ ᠢᠶᠠᠷ ᠬᠠᠮᠵᠢᠯᠴᠠᠭᠤᠯᠬᠤ ᠬᠡᠷᠡᠭᠲᠡᠶ᠂ ᠢᠯᠡᠳᠲᠡ ᠳᠠᠪᠰᠢᠭᠰᠠᠨ ᠰᠤᠷᠤᠭᠴᠢᠳ ᠢ ᠰᠠᠶᠢᠰᠢᠶᠠᠨ ᠬᠥᠬᠢᠭᠦᠯᠵᠦ᠂

ᠤᠬᠤᠷᠢᠯᠲᠠ ᠶᠡᠭᠡ ᠰᠤᠷᠤᠭᠴᠢ ᠶᠢᠨ ᠭᠡᠷ ᠤᠨ ᠠᠬᠠᠮᠠᠳ ᠲᠠᠢ ᠬᠠᠮᠲᠤ ᠰᠢᠯᠲᠠᠭᠠᠨ ᠢ ᠨᠢ ᠵᠠᠳᠠᠯᠵᠤ᠂ ᠠᠷᠭ᠎ᠠ ᠬᠡᠮᠵᠢᠶ᠎ᠡ

ᠲᠣᠭᠲᠠᠭᠠᠬᠤ ᠶᠢ ᠠᠩᠬᠠᠷᠤᠨ᠎ᠠ᠃ ᠭᠡᠷ ᠤᠨ ᠠᠬᠠᠮᠠᠳ ᠤᠨ ᠬᠤᠷᠠᠯ ᠢᠶᠠᠷ ᠳᠠᠮᠵᠢᠨ᠂ ᠭᠡᠷ ᠤᠨ ᠠᠬᠠᠮᠠᠳ ᠲᠤ

ᠬᠡᠦᠬᠡᠳ ᠤᠨ ᠰᠤᠷᠭᠠᠭᠤᠯᠢ ᠳᠤ ᠪᠠᠶᠢᠭ᠎ᠠ ᠦᠶ᠎ᠠ ᠶᠢᠨ ᠪᠣᠳᠠᠲᠦ ᠪᠠᠶᠢᠳᠠᠯ ᠢ ᠣᠶᠢᠯᠠᠭᠠᠭᠤᠯᠵᠤ᠂ ᠠᠯᠢ ᠠᠯᠢ ᠲᠠᠯ᠎ᠠ ᠪᠠᠷ

ᠰᠤᠷᠭᠠᠭᠤᠯᠢ ᠲᠠᠢ ᠬᠠᠮᠵᠢᠯᠴᠠᠨ ᠬᠡᠦᠬᠡᠳ ᠢ ᠬᠥᠮᠦᠵᠢᠭᠦᠯᠪᠡᠯ ᠨᠡᠩ ᠰᠠᠶᠢᠨ ᠰᠤᠷᠭᠠᠨ ᠬᠥᠮᠦᠵᠢᠯ ᠤᠨ ᠦᠷ᠎ᠡ

ᠪᠦᠲᠦᠮᠵᠢ ᠣᠯᠬᠤ ᠶᠢ ᠲᠣᠳᠣᠷᠬᠠᠶᠢᠯᠠᠵᠤ ᠦᠭᠪᠡᠯ ᠲᠠᠭᠠᠷᠠᠨ᠎ᠠ᠃

      ᠵᠢᠷᠭᠤᠭ᠎ᠠ᠂ ᠰᠢᠯᠭᠠᠯᠲᠠ ᠪᠣᠯᠪᠠᠰᠣᠷᠠᠯ ᠤᠨ ᠶᠠᠰᠣ ᠴᠢᠨᠠᠷ ᠤᠨ ᠵᠠᠳᠠᠯᠣᠯᠲᠠ ᠶᠢ ᠣᠷᠠᠯᠢᠭ ᠢᠶᠠᠷ ᠬᠢᠬᠦ

      ᠤᠳᠠᠭ᠎ᠠ ᠪᠤᠯᠭᠠᠨ ᠤ ᠰᠢᠯᠭᠠᠯᠲᠠ ᠶᠢᠨ ᠲᠠᠷᠠᠭ᠎ᠠ ᠠᠩᠬᠢ ᠶᠢᠨ ᠡᠷᠬᠢᠯᠡᠭᠴᠢ ᠵᠣᠬᠢᠶᠠᠨ ᠪᠠᠶᠢᠭᠤᠯᠵᠦ᠂ ᠪᠦᠬᠦ

ᠰᠣᠷᠣᠭᠴᠢ ᠪᠠ ᠬᠢᠴᠢᠶᠡᠯᠯᠡᠭᠴᠢ ᠪᠠᠭᠰᠢ ᠶᠢᠨ ᠤᠷᠤᠯᠴᠠᠭᠰᠠᠨ ᠨᠢᠭᠡᠨ ᠤᠳᠠᠭᠠᠨ ᠤ ᠶᠠᠰᠣ ᠴᠢᠨᠠᠷ ᠤᠨ ᠵᠠᠳᠠᠯᠣᠯᠲᠠ ᠶᠢᠨ

ᠬᠤᠷᠠᠯ ᠬᠢᠵᠦ᠂ ᠣᠨᠴᠠ ᠰᠢᠯᠢᠳᠡᠭ ᠰᠣᠷᠣᠭᠴᠢ᠂ ᠰᠢᠯᠢᠳᠡᠭ ᠰᠣᠷᠣᠯᠭᠠᠲᠠᠨ᠂ ᠣᠨᠴᠠ ᠳᠠᠪᠰᠢᠯᠲᠠ ᠲᠠᠢ᠂ ᠪᠣᠯᠪᠠᠰᠣᠨ

ᠰᠣᠷᠣᠭᠴᠢ ᠶᠢ ᠰᠠᠶᠢᠰᠢᠶᠠᠨ ᠬᠦᠬᠢᠭᠦᠯᠵᠦ ᠣᠷᠮᠠᠰᠢᠭᠤᠯᠤᠨ ᠵᠣᠷᠢᠬᠵᠢᠭᠤᠯᠬᠤ ᠪᠠ ᠬᠢᠴᠢᠶᠡᠯ ᠲᠦᠷᠦᠯ ᠤᠨ ᠪᠠᠭᠰᠢ

ᠪᠣᠯᠭᠠᠨ ᠠᠴᠠ ᠣᠷᠣᠰᠢᠵᠦ ᠪᠠᠶᠢᠭ᠎ᠠ ᠠᠰᠠᠭᠤᠳᠠᠯ ᠤᠨ ᠲᠠᠯ᠎ᠡ ᠳᠤ ᠨᠠᠷᠢᠯᠢᠬ ᠵᠠᠳᠠᠯᠣᠯᠲᠠ ᠬᠢᠵᠦ᠂ ᠶᠠᠭᠠᠬᠢᠵᠦ

ᠰᠣᠷᠣᠯᠴᠠᠬᠤ ᠶᠠᠭᠠᠬᠢᠵᠦ ᠳᠠᠪᠲᠠᠬᠤ ᠠᠷᠭ᠎ᠠ ᠮᠠᠶ᠋ᠢᠭ ᠤᠨ ᠲᠠᠯ᠎ᠠ ᠳᠤ ᠵᠢᠯᠤᠭᠤᠳᠤᠯᠭ᠎ᠠ ᠦᠭᠬᠦ ᠶᠢᠨ ᠳᠠᠭᠠᠤ ᠬᠦᠮᠦᠨ

ᠪᠤᠯᠬᠤ ᠶᠢᠨ ᠬᠦᠮᠦᠵᠢᠯ ᠢ ᠰᠠᠶᠢᠲᠣᠷ ᠬᠢᠵᠦ᠂ ᠰᠣᠷᠬᠤ ᠠᠷᠭ᠎ᠠ᠂ ᠰᠣᠷᠬᠤ ᠣᠷᠮ᠎ᠠ ᠵᠣᠷᠢᠭ ᠢ ᠨᠢ ᠳᠠᠶᠢᠴᠢᠯᠠᠨ

ᠳᠠᠭᠠᠭᠤᠯᠬᠤ ᠬᠡᠷᠡᠭᠲᠡᠢ᠃ ᠡᠭᠦᠨ ᠤ ᠬᠠᠮᠲᠦ ᠴᠠᠭ ᠢᠮᠠᠭᠲᠠ ᠬᠢᠴᠢᠶᠡᠯᠯᠡᠭᠴᠢ ᠪᠠᠭᠰᠢ ᠲᠠᠢ ᠪᠠᠨ ᠨᠢᠭᠲᠠ ᠬᠠᠷᠢᠯᠴᠠᠨ

ᠰᠣᠷᠣᠭᠴᠢ ᠪᠤᠯᠭᠠᠨ ᠤ ᠠᠰᠠᠭᠤᠳᠠᠯ ᠢ ᠨᠠᠷᠢᠯᠢᠬ ᠣᠶᠢᠯᠠᠭᠠᠨ ᠵᠠᠳᠠᠯᠣᠨ ᠣᠷᠣᠰᠢᠵᠦ ᠪᠠᠶᠢᠭ᠎ᠠ ᠠᠰᠠᠭᠤᠳᠠᠯ ᠢ ᠵᠦᠪ ᠢᠶᠠᠷ

ᠬᠠᠯᠠᠨ ᠰᠠᠶᠢᠵᠢᠷᠠᠭᠤᠯᠵᠦ ᠬᠢᠴᠢᠶᠡᠯ ᠰᠣᠷᠣᠯᠭ᠎ᠠ ᠶᠢᠨ ᠲᠠᠯ᠎ᠠ ᠳᠤ ᠢᠯᠡᠭᠦᠬᠡᠨ ᠬᠦᠴᠦ ᠲᠠᠯᠪᠢᠵᠦ᠂ ᠰᠡᠭᠦᠯᠴᠢ ᠶᠢᠨ

ᠠᠵᠢᠯ ᠤᠨ ᠲᠠᠯ᠎ᠠ ᠳᠤ ᠲᠦᠯᠦᠪᠯᠡᠭᠡ ᠲᠣᠭᠳᠠᠭᠠᠵᠤ᠂ ᠳᠠᠷᠠᠭᠠᠴᠢ ᠶᠢᠨ ᠰᠢᠯᠭᠠᠯᠲᠠ ᠳᠤ ᠪᠠᠨ ᠬᠠᠮᠲᠦ ᠶᠢᠨ ᠲᠡᠮᠡᠴᠡᠬᠦ

ᠬᠠᠷᠠᠯᠲᠠ ᠲᠠᠢ ᠪᠠᠶᠢᠬᠤ ᠶᠢ ᠡᠷᠬᠢᠮᠯᠡᠪᠡᠯ ᠵᠤᠬᠢᠨ᠎ᠠ᠃

      ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ᠂ ᠭᠠᠭᠴᠠ ᠭᠦ ᠪᠦᠬᠦ ᠰᠡᠳᠬᠢᠯ ᠪᠦᠬᠦ ᠵᠣᠷᠢᠭ ᠢᠶᠠᠷ ᠢᠶᠠᠨ

ᠠᠩᠭᠢ ᠶᠢᠨ ᠬᠠᠮᠢᠶᠠᠷᠤᠯᠲᠠ ᠶᠢᠨ ᠠᠵᠢᠯ ᠳᠤ ᠴᠢᠷᠮᠠᠶᠢᠵᠣ᠂ ᠰᠤᠷᠤᠭᠴᠢᠳ ᠲᠤ ᠬᠠᠶᠢᠷ᠎ᠠ ᠰᠡᠳᠬᠢᠯᠭᠡ ᠶᠢ ᠣᠶᠢᠯᠠᠭᠠᠨ

ᠮᠡᠳᠡᠭᠦᠯᠵᠦ᠂ ᠰᠤᠷᠤᠭᠴᠢᠳ ᠲᠤ ᠨᠡᠩ ᠭᠦᠨ ᠬᠠᠶᠢᠷ᠎ᠠ ᠬᠠᠯᠠᠮᠵᠢ ᠪᠠᠨ ᠭᠦᠷᠳᠡᠭᠡᠪᠡᠯ ᠰᠤᠷᠤᠭᠴᠢᠳ ᠤᠨ

ᠰᠤᠷᠤᠯᠭ᠎ᠠ ᠶᠢᠨ ᠬᠢᠷᠢ ᠪᠦᠲᠦᠮᠵᠢ ᠶᠡᠭᠡ ᠳᠡᠭᠡᠭᠰᠢᠯᠡᠬᠦ ᠪᠠᠷ ᠪᠠᠷᠠᠬᠤ ᠦᠭᠡᠶ ᠨᠡᠶᠢᠭᠡᠮ ᠨᠠᠶᠢᠲᠠ ᠳᠤ ᠠᠴᠢ ᠲᠤᠰᠠ ᠲᠠᠢ

ᠬᠦᠮᠦᠨ ᠪᠤᠯᠵᠤ ᠬᠦᠮᠦᠵᠢᠭᠳᠡᠨ᠎ᠡ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠠᠷᠣ ᠬᠤᠷᠴᠢᠨ ᠬᠤᠰᠢᠭᠤᠨ ᠤ ᠴᠢᠪᠠᠭ᠎ᠠ ᠮᠤᠩᠭᠤᠯ 

                                ᠦᠨᠳᠦᠰᠦᠲᠡᠨ ᠤ ᠳᠣᠮᠳᠠᠳᠣ ᠰᠣᠷᠭᠠᠭᠤᠯᠢ

                                ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map