ᠠᠩᠭᠢ ᠶᠢᠨ ᠬᠠᠮᠢᠶᠠᠷᠤᠯᠲᠠ ᠶᠢᠨ ᠲᠤᠬᠠᠢ ᠦᠭᠦᠯᠡᠬᠦ ᠨᠢ
ᠨᠡᠶᠢᠲᠡᠯᠡᠭᠰᠡᠨ ᠴᠠᠭ᠄
2024/8/5
                       ᠯᠢ ᠰᠢᠶᠠᠩ ᠶᠤᠤ   

班主任工作4.png

      ᠬᠤᠪᠢᠰᠤᠩᠭᠤᠢ ᠪᠣᠳᠠᠰᠴᠢ ᠦᠵᠡᠯ ᠨᠢ ᠬᠡᠷᠡᠭ ᠪᠣᠳᠠᠰ ᠪᠣᠯ ᠬᠤᠯᠪᠣᠭ᠎ᠠ ᠲᠠᠢ᠂ ᠬᠡᠷᠡᠭ ᠪᠣᠳᠠᠰ ᠤᠨ        

ᠬᠤᠯᠪᠣᠭ᠎ᠠ ᠪᠣᠯ ᠲᠦᠭᠡᠮᠡᠯ᠂ ᠪᠤᠰᠤᠳᠴᠢ ᠪᠥᠭᠡᠳ ᠰᠢᠰᠲ᠋ᠧᠮ ᠤᠨ ᠬᠤᠪᠢ ᠪᠠᠷ ᠣᠷᠣᠰᠢᠵᠤ ᠪᠠᠶᠢᠳᠠᠭ ᠭᠡᠵᠦ

ᠦᠵᠡᠳᠡᠭ᠃ ᠰᠢᠰᠲ᠋ᠧᠮ ᠭᠡᠳᠡᠭ ᠨᠢ ᠳᠠᠷᠤᠢ ᠶᠠᠮᠠᠷᠪᠠ ᠬᠡᠷᠡᠭ ᠪᠣᠳᠠᠰ ᠨᠢ ᠪᠤᠰᠤᠳ ᠬᠡᠷᠡᠭ ᠪᠣᠳᠠᠰ ᠲᠠᠢ ᠬᠠᠷᠢᠯᠴᠠᠨ

ᠬᠤᠯᠪᠣᠭ᠎ᠠ ᠲᠠᠢ ᠪᠠᠶᠢᠳᠠᠭ ᠢᠶᠠᠷ ᠪᠠᠷᠠᠬᠤ ᠦᠭᠡᠢ᠂ ᠬᠡᠷᠡᠭ ᠪᠣᠳᠠᠰ ᠤᠨ ᠳᠣᠲᠣᠭᠠᠳᠤ ᠶᠢᠨ ᠡᠯᠧᠮᠧᠨ᠋ᠲ ᠤᠳ ᠤᠨ

ᠬᠤᠭᠤᠷᠣᠨᠳᠤ ᠪᠠᠨ ᠴᠥᠮ ᠬᠠᠷᠢᠯᠴᠠᠨ ᠬᠤᠯᠪᠣᠭ᠎ᠠ ᠲᠠᠢ ᠪᠠᠶᠢᠳᠠᠭ ᠤᠨ ᠤᠯᠠᠮ ᠠᠴᠠ ᠨᠢᠭᠡᠨ ᠣᠷᠭᠠᠨᠢᠭ ᠪᠦᠬᠦᠯᠢ

ᠴᠣᠭᠴᠠ ᠶᠢ ᠪᠦᠷᠢᠯᠳᠦᠭᠦᠯᠬᠦ ᠶᠢ ᠬᠡᠯᠡᠵᠦ ᠪᠠᠶᠢᠨ᠎ᠠ᠃ ᠰᠤᠷᠭᠠᠭᠤᠯᠢ ᠪᠣᠯ ᠨᠢᠭᠡᠨ ᠣᠷᠭᠠᠨᠢᠭ ᠪᠦᠬᠦᠯᠢ ᠴᠣᠭᠴᠠ᠂

ᠨᠢᠭᠡᠨ ᠰᠢᠰᠲ᠋ᠧᠮ ᠮᠥᠨ᠃ ᠠᠩᠭᠢ ᠪᠣᠯ ᠰᠤᠷᠭᠠᠭᠤᠯᠢ ᠶᠢᠨ ᠡᠨᠡ ᠬᠦ ᠰᠢᠰᠲ᠋ᠧᠮ ᠳᠠᠬᠢ ᠦᠨᠳᠦᠰᠦᠨ ᠡᠯᠧᠮᠧᠨ᠋ᠲ᠂

ᠰᠤᠷᠭᠠᠭᠤᠯᠢ ᠲᠠᠢ ᠬᠠᠷᠢᠴᠠᠭᠤᠯᠪᠠᠯ ᠨᠢᠭᠡᠨ ᠵᠢᠵᠢᠭ ᠪᠦᠬᠦᠯᠢ ᠴᠣᠭᠴᠠ ᠮᠥᠨ᠂ ᠬᠤᠪᠢᠶᠠᠷᠢ ᠰᠢᠰᠲ᠋ᠧᠮ          

ᠮᠥᠨ᠃ ᠰᠤᠷᠤᠭᠴᠢᠳ ᠪᠣᠯ ᠠᠩᠭᠢ ᠶᠢᠨ ᠰᠢᠰᠲ᠋ᠧᠮ ᠤᠨ ᠡᠯᠧᠮᠧᠨ᠋ᠲ ᠮᠥᠨ᠃ ᠲᠡᠭᠡᠪᠡᠯ ᠠᠩᠭᠢ ᠶᠢᠨ ᠡᠷᠬᠢᠯᠡᠭᠴᠢ ᠨᠢ

ᠮᠥᠨ ᠴᠦ ᠠᠩᠭᠢ ᠶᠢᠨ ᠰᠢᠰᠲ᠋ᠧᠮ ᠤᠨ ᠡᠯᠧᠮᠧᠨ᠋ᠲ ᠮᠥᠨ ᠤᠤ︖ ᠠᠩᠭᠢ ᠪᠣᠯ ᠰᠤᠷᠭᠠᠭᠤᠯᠢ ᠠᠴᠠ

ᠰᠤᠷᠤᠭᠴᠢᠳ ᠲᠤ ᠵᠣᠷᠢᠭᠤᠯᠤᠭᠰᠠᠨ ᠨᠢᠭᠡ ᠵᠦᠢᠯ ᠤᠨ ᠲᠣᠬᠢᠷᠠᠭᠤᠯᠤᠯᠲᠠ ᠮᠥᠨ᠃ ᠠᠩᠭᠢ ᠶᠢᠨ ᠡᠷᠬᠢᠯᠡᠭᠴᠢ ᠪᠣᠯ

ᠪᠠᠭᠰᠢ ᠮᠥᠨ ᠪᠣᠯᠬᠤᠷ ᠰᠤᠷᠤᠭᠴᠢᠳ ᠲᠠᠢ ᠬᠤᠳᠬᠤᠯᠳᠤᠭᠤᠯᠵᠤ ᠪᠣᠯᠬᠤ ᠦᠭᠡᠢ ᠭᠡᠳᠡᠭ ᠪᠣᠯ ᠵᠣᠭᠰᠣᠩᠭᠢ᠂

ᠭᠠᠭᠴᠠᠭᠠᠷᠳᠠᠮᠠᠯ᠂ ᠥᠷᠥᠭᠡᠰᠦᠯ ᠦᠵᠡᠯᠲᠡ ᠮᠥᠨ᠃ ᠠᠩᠭᠢ ᠶᠢᠨ ᠡᠷᠬᠢᠯᠡᠭᠴᠢ ᠨᠢ ᠠᠩᠭᠢ ᠶᠢᠨ ᠰᠢᠰᠲ᠋ᠧᠮ ᠤᠨ ᠨᠢᠭᠡ

ᠡᠯᠧᠮᠧᠨ᠋ᠲ ᠪᠣᠯᠬᠤ ᠪᠠᠷ ᠪᠠᠷᠠᠬᠤ ᠦᠭᠡᠢ ᠤᠨᠴᠠ ᠴᠢᠬᠤᠯᠠ ᠡᠯᠧᠮᠧᠨ᠋ᠲ᠂ ᠠᠩᠭᠢ ᠶᠢᠨ ᠬᠠᠮᠢᠶᠠᠷᠤᠯᠲᠠ ᠶᠢᠨ ᠭᠤᠣᠯ

ᠴᠣᠭᠴᠠ ᠪᠣᠯᠣᠨ᠎ᠠ᠃

      ᠠᠩᠭᠢ ᠶᠢᠨ ᠬᠠᠮᠢᠶᠠᠷᠤᠯᠲᠠ ᠭᠡᠳᠡᠭ ᠨᠢ ᠠᠩᠭᠢ ᠶᠢᠨ ᠳᠣᠲᠣᠷᠠᠬᠢ ᠬᠠᠮᠢᠶᠠᠷᠤᠯᠲᠠ ᠶᠢᠨ ᠪᠡᠶᠡᠴᠢ

ᠴᠣᠭᠴᠠ ᠠᠴᠠ ᠬᠠᠮᠢᠶᠠᠷᠤᠯᠲᠠ ᠶᠢᠨ ᠪᠤᠰᠤᠳᠴᠢ ᠴᠣᠭᠴᠠ ᠶᠢ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ᠂

ᠬᠤᠯᠪᠣᠭᠳᠠᠯ ᠪᠦᠬᠦᠢ ᠡᠬᠢ ᠪᠠᠶᠠᠯᠢᠭ ᠢ ᠰᠢᠯᠢᠳᠡᠭᠵᠢᠭᠦᠯᠦᠨ ᠬᠡᠷᠡᠭᠯᠡᠵᠦ᠂ ᠬᠠᠮᠲᠤ ᠶᠢᠨ ᠵᠣᠷᠢᠯᠭ᠎ᠠ ᠳᠤ ᠪᠠᠨ ᠬᠦᠷᠬᠦ

ᠶᠠᠪᠤᠴᠠ ᠶᠢ ᠵᠢᠭᠠᠵᠤ ᠪᠠᠶᠢᠨ᠎ᠠ᠃ ᠬᠠᠮᠢᠶᠠᠷᠤᠯᠲᠠ ᠶᠢᠨ ᠪᠡᠶᠡᠴᠢ ᠴᠣᠭᠴᠠ ᠭᠡᠳᠡᠭ ᠨᠢ ᠵᠣᠬᠢᠬᠤ ᠬᠠᠮᠢᠶᠠᠷᠤᠯᠲᠠ ᠶᠢᠨ

ᠴᠢᠳᠠᠪᠤᠷᠢ ᠲᠠᠢ᠂ ᠵᠣᠬᠢᠴᠠᠩᠭᠤᠢ ᠡᠷᠬᠡ ᠰᠦᠷ ᠪᠠ ᠬᠠᠷᠢᠭᠤᠴᠠᠯᠭ᠎ᠠ ᠲᠠᠢ᠂ ᠪᠣᠳᠠᠲᠠᠢ ᠬᠠᠮᠢᠶᠠᠷᠤᠯᠲᠠ ᠶᠢᠨ ᠠᠵᠢᠯᠯᠠᠭ᠎ᠠ

ᠬᠢᠳᠡᠭ ᠬᠥᠮᠥᠨ ᠢ ᠵᠢᠭᠠᠵᠤ ᠪᠠᠶᠢᠨ᠎ᠠ᠃ ᠳᠠᠷᠤᠢ ᠮᠠᠨ ᠤ ᠶᠡᠷᠦᠳᠡ ᠶᠢᠨ ᠬᠡᠯᠡᠳᠡᠭ ︽ᠬᠠᠮᠢᠶᠠᠷᠤᠭᠴᠢ︾ ᠶᠢ ᠵᠢᠭᠠᠵᠤ

ᠪᠠᠶᠢᠨ᠎ᠠ᠃ ᠠᠩᠭᠢ ᠶᠢᠨ ᠬᠠᠮᠢᠶᠠᠷᠤᠯᠲᠠ ᠳᠤ ᠠᠩᠭᠢ ᠶᠢᠨ ᠡᠷᠬᠢᠯᠡᠭᠴᠢ ᠨᠢ ᠠᠩᠭᠢ ᠶᠢ ᠵᠣᠬᠢᠶᠠᠨ ᠪᠠᠶᠢᠭᠤᠯᠬᠤ᠂

ᠰᠤᠷᠭᠠᠨ ᠬᠥᠮᠥᠵᠢᠭᠦᠯᠬᠦ᠂ ᠬᠠᠮᠢᠶᠠᠷᠬᠤ ᠡᠷᠬᠡ  ᠲᠠᠢ︔ ᠰᠤᠷᠤᠭᠴᠢᠳ ᠲᠤ ᠤᠯᠤᠰ ᠲᠦᠷᠦ ᠦᠵᠡᠯ ᠰᠠᠨᠠᠭᠠᠨ ᠤ

ᠬᠥᠮᠦᠵᠢᠯ ᠬᠢᠬᠦ ᠡᠷᠬᠡ ᠲᠠᠢ᠂ ᠰᠤᠷᠤᠭᠴᠢᠳ ᠤᠨ ᠰᠤᠷᠤᠯᠭ᠎ᠠ᠂ ᠠᠮᠢᠳᠤᠷᠠᠯ᠂ ᠰᠠᠬᠢᠯᠭ᠎ᠠ ᠪᠠᠲᠤ ᠶᠢ ᠵᠢᠯᠤᠭᠤᠳᠴᠤ᠂

ᠬᠢᠨᠠᠯᠲᠠ ᠲᠠᠯᠪᠢᠬᠤ ᠡᠷᠬᠡ ᠲᠠᠢ︔ ᠰᠤᠷᠤᠭᠴᠢᠳ ᠲᠤ ᠱᠠᠩᠨᠠᠯ ᠣᠯᠭᠤᠬᠤ ᠪᠠ ᠰᠢᠢᠳᠬᠡᠯ ᠥᠭᠬᠦ ᠶᠢ ᠠᠩᠬ᠎ᠠ ᠠᠯᠬᠤᠮ

ᠲᠣᠭᠲᠠᠭᠠᠬᠤ ᠡᠷᠬᠡ ᠲᠠᠢ︔ ᠰᠤᠷᠤᠭᠴᠢᠳ ᠤᠨ ᠵᠠᠩ ᠰᠤᠷᠲᠠᠯ  ᠢ ᠦᠨᠡᠯᠡᠬᠦ ᠡᠷᠬᠡ ᠲᠠᠢ︔ ᠬᠠᠮᠲᠤ ᠶᠢᠨ ᠴᠢᠬᠤᠯᠠ

ᠶᠡᠭᠡ ᠠᠰᠠᠭᠤᠳᠠᠯ ᠤᠨ ᠲᠤᠬᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠡᠷᠬᠡ ᠲᠠᠢ᠃ ᠡᠲᠡᠭᠡᠷ ᠨᠢ

ᠠᠩᠭᠢ ᠶᠢᠨ ᠡᠷᠬᠢᠯᠡᠭᠴᠢ ᠪᠣᠯ ᠠᠩᠭᠢ ᠶᠢᠨ ᠬᠠᠮᠢᠶᠠᠷᠤᠯᠲᠠ ᠶᠢᠨ ᠭᠤᠣᠯ ᠴᠣᠭᠴᠠ ᠪᠣᠯᠬᠤ ᠶᠢ ᠲᠣᠳᠣᠷᠬᠠᠢ

ᠬᠠᠷᠠᠭᠤᠯᠵᠤ ᠪᠠᠶᠢᠨ᠎ᠠ᠃

      ᠬᠠᠮᠢᠶᠠᠷᠤᠯᠲᠠ ᠶᠢᠨ ᠠᠵᠢᠯᠯᠠᠭ᠎ᠠ ᠪᠣᠯ ᠨᠢᠭᠡᠨ ᠤᠯᠠᠨ ᠲᠡᠰ ᠳᠠᠪᠬᠤᠷᠭ᠎ᠠ ᠶᠢᠨ ᠶᠡᠷᠦᠩᠬᠡᠶᠢᠯᠡᠭᠰᠡᠨ          

ᠠᠵᠢᠯᠯᠠᠭ᠎ᠠ᠃ ᠬᠠᠮᠢᠶᠠᠷᠤᠯᠲᠠ ᠶᠢᠨ ᠭᠤᠣᠯ ᠴᠣᠭᠴᠠ ᠨᠢ ᠶᠡᠷᠦ ᠳᠤ  ᠪᠠᠨ ᠮᠠᠰᠢ ᠤᠯᠠᠨ ᠬᠤᠪᠢ ᠬᠥᠮᠥᠨ ᠤ ᠵᠣᠬᠢᠬᠤ

ᠬᠡᠯᠪᠡᠷᠢ ᠪᠠᠷ ᠵᠣᠬᠢᠶᠠᠨ ᠪᠠᠶᠢᠭᠤᠯᠤᠭᠳᠠᠭᠰᠠᠨ ᠪᠦᠬᠦᠯᠢ ᠴᠣᠭᠴᠠ ᠪᠣᠯᠣᠨ᠎ᠠ᠃ ᠡᠶᠢᠮᠦᠷᠬᠦᠦ ᠬᠠᠮᠢᠶᠠᠷᠤᠯᠲᠠ ᠶᠢᠨ ᠭᠤᠣᠯ

ᠴᠣᠭᠴᠠ ᠶᠢᠨ ᠴᠢᠳᠠᠮᠵᠢ ᠶᠢ ᠡᠭᠦᠷᠭᠡᠯᠡᠵᠦ ᠪᠠᠶᠢᠭ᠎ᠠ ᠪᠦᠬᠦᠯᠢ ᠴᠣᠭᠴᠠ ᠪᠣᠯ ᠳᠠᠷᠤᠢ ᠬᠠᠮᠢᠶᠠᠷᠤᠯᠲᠠ ᠶᠢᠨ ᠭᠤᠣᠯ

ᠴᠣᠭᠴᠠ ᠶᠢᠨ ᠰᠢᠰᠲ᠋ᠧᠮ ᠪᠣᠯᠣᠨ᠎ᠠ᠃ ᠨᠢᠭᠡ ᠠᠩᠭᠢ ᠶᠢᠨ ᠬᠠᠮᠢᠶᠠᠷᠤᠯᠲᠠ ᠶᠢᠨ ᠪᠡᠶᠡᠴᠢ ᠴᠣᠭᠴᠠ ᠨᠢ ᠠᠩᠭᠢ ᠶᠢᠨ

ᠡᠷᠬᠢᠯᠡᠭᠴᠢ ᠠᠴᠠ ᠭᠠᠳᠠᠨ᠎ᠠ ᠪᠠᠰᠠ ᠠᠩᠭᠢ ᠶᠢᠨ ᠺᠠᠳ᠋ᠷ᠂ ᠳᠤᠭᠤᠶᠢᠯᠠᠩ ᠤᠨ ᠳᠠᠷᠤᠭ᠎ᠠ᠂ ᠬᠢᠴᠢᠶᠡᠯ ᠲᠦᠷᠦᠯ ᠤᠨ

ᠲᠥᠯᠥᠭᠡᠯᠡᠭᠴᠢ ᠵᠡᠷᠭᠡ ᠪᠠᠶᠢᠳᠠᠭ᠃ ᠡᠲᠡᠭᠡᠷ  ᠨᠢ ᠠᠩᠭᠢ ᠶᠢᠨ ᠬᠠᠮᠢᠶᠠᠷᠤᠯᠲᠠ ᠶᠢᠨ ᠪᠡᠶᠡᠴᠢ ᠴᠣᠭᠴᠠ ᠶᠢᠨ

ᠰᠢᠰᠲ᠋ᠧᠮ ᠢ ᠪᠦᠷᠢᠯᠳᠦᠭᠦᠯᠦᠭᠰᠡᠨ ᠪᠠᠶᠢᠳᠠᠭ᠃ ᠬᠠᠮᠢᠶᠠᠷᠤᠯᠲᠠ ᠶᠢᠨ ᠪᠤᠰᠤᠳᠴᠢ ᠴᠣᠭᠴᠠ ᠭᠡᠳᠡᠭ ᠨᠢ

ᠬᠠᠮᠢᠶᠠᠷᠤᠯᠲᠠ ᠶᠢᠨ ᠪᠡᠶᠡᠴᠢ ᠴᠣᠭᠴᠠ ᠶᠢᠨ ᠠᠵᠢᠯᠯᠠᠭᠠᠨ ᠤ ᠬᠦᠷᠢᠶᠡᠨ ᠳᠤ ᠣᠷᠣᠭᠰᠠᠨ ᠪᠥᠭᠡᠳ ᠬᠠᠮᠢᠶᠠᠷᠤᠯᠲᠠ ᠶᠢᠨ

ᠪᠡᠶᠡᠴᠢ ᠴᠣᠭᠴᠠ ᠶᠢᠨ ᠵᠣᠬᠢᠴᠠᠭᠤᠯᠬᠤ ᠪᠠ ᠵᠣᠬᠢᠶᠠᠨ ᠪᠠᠶᠢᠭᠤᠯᠬᠤ ᠦᠢᠯᠡᠳᠦᠯ ᠢ ᠬᠦᠯᠢᠶᠡᠨ ᠠᠪᠴᠤ᠂ ᠬᠥᠮᠥᠨ ᠢᠶᠠᠷ

ᠭᠤᠣᠯ ᠪᠣᠯᠭᠠᠭᠰᠠᠨ ᠪᠤᠰᠤᠳᠴᠢ ᠡᠲᠡᠭᠡᠳ ᠤᠨ ᠰᠢᠰᠲ᠋ᠧᠮ ᠢ ᠵᠢᠭᠠᠵᠤ ᠪᠠᠶᠢᠨ᠎ᠠ᠃ ᠬᠠᠮᠢᠶᠠᠷᠤᠯᠲᠠ ᠶᠢᠨ ᠪᠤᠰᠤᠳᠴᠢ

ᠴᠣᠭᠴᠠ ᠶᠢᠨ ᠰᠢᠰᠲ᠋ᠧᠮ ᠨᠢ ᠭᠤᠣᠯᠳᠠᠭᠤ ᠬᠥᠮᠥᠨ᠂ ᠵᠣᠭᠤᠰ᠂ ᠪᠣᠳᠠᠰ ᠢ ᠵᠢᠭᠠᠳᠠᠭ᠃ ᠠᠩᠭᠢ ᠶᠢᠨ

ᠬᠠᠮᠢᠶᠠᠷᠤᠯᠲᠠ ᠶᠢᠨ ᠪᠤᠰᠤᠳᠴᠢ ᠴᠣᠭᠴᠠ ᠶᠢᠨ ᠰᠢᠰᠲ᠋ᠧᠮ ᠭᠡᠳᠡᠭ ᠨᠢ ᠰᠤᠷᠤᠭᠴᠢ᠂ ᠠᠩᠭᠢ ᠶᠢᠨ ᠡᠳ᠋ ᠬᠥᠷᠥᠩᠭᠡ᠂

ᠠᠩᠭᠢ ᠶᠢᠨ ᠡᠳ᠋ ᠪᠤᠲᠠᠰ ᠢ ᠬᠡᠯᠡᠨ᠎ᠡ᠃

      ᠠᠩᠭᠢ ᠶᠢᠨ ᠬᠠᠮᠢᠶᠠᠷᠤᠯᠲᠠ ᠶᠢᠨ ᠭᠤᠣᠯ ᠴᠣᠭᠴᠠ ᠪᠠ ᠬᠠᠮᠢᠶᠠᠷᠤᠯᠲᠠ ᠶᠢᠨ ᠪᠤᠰᠤᠳᠴᠢ ᠴᠣᠭᠴᠠ ᠨᠢ

ᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠣᠳᠠᠲᠤ ᠴᠣᠭᠴᠠ ᠶᠢᠨ ᠪᠦᠲᠦᠴᠡ ᠶᠢᠨ ᠬᠤᠶᠠᠷ ᠲᠦᠢᠯ ᠢ

ᠪᠦᠷᠢᠯᠳᠦᠭᠦᠯᠵᠦ᠂ ᠲᠡᠳᠡᠭᠡᠷ ᠤᠨ ᠬᠤᠭᠤᠷᠣᠨᠳᠣᠬᠢ ᠬᠠᠷᠢᠯᠴᠠᠭ᠎ᠠ ᠪᠠ ᠦᠢᠯᠡᠳᠦᠯᠴᠡᠯ ᠨᠢ ᠠᠩᠭᠢ ᠶᠢᠨ

ᠬᠠᠮᠢᠶᠠᠷᠤᠯᠲᠠ ᠶᠢᠨ ᠰᠢᠰᠲ᠋ᠧᠮ ᠵᠢᠴᠢ ᠲᠡᠭᠦᠨ ᠤ ᠵᠥᠷᠢᠴᠡᠯ ᠤᠨ ᠬᠥᠳᠡᠯᠭᠡᠭᠡᠨ ᠢ ᠪᠦᠷᠢᠯᠳᠦᠭᠦᠯᠵᠦ᠂

ᠬᠠᠮᠢᠶᠠᠷᠤᠯᠲᠠ ᠶᠢᠨ ᠭᠤᠣᠯ ᠴᠣᠭᠴᠠ ᠪᠠ ᠬᠠᠮᠢᠶᠠᠷᠤᠯᠲᠠ ᠶᠢᠨ ᠪᠤᠰᠤᠳᠴᠢ ᠴᠣᠭᠴᠠ ᠨᠢ ᠡᠰᠡᠷᠭᠦ ᠲᠡᠰᠡᠷᠭᠦ

ᠮᠦᠷᠳᠡᠭᠡᠨ ᠨᠢᠭᠡᠳᠦᠯ ᠲᠠᠢ ᠪᠠᠶᠢᠵᠤ᠂ ᠵᠣᠬᠢᠬᠤ ᠨᠥᠬᠦᠴᠡᠯ ᠤᠨ ᠳᠣᠣᠷ᠎ᠠ ᠬᠠᠷᠢᠯᠴᠠᠨ ᠤᠯᠠᠷᠢᠨ          

ᠰᠢᠯᠵᠢᠳᠡᠭ᠃ ᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ᠂ ᠵᠣᠬᠢᠬᠤ ᠨᠥᠬᠦᠴᠡᠯ ᠤᠨ ᠳᠣᠣᠷ᠎ᠠ᠂ ᠪᠡᠶᠡᠴᠢ

ᠴᠣᠭᠴᠠ ᠪᠠ ᠪᠤᠰᠤᠳᠴᠢ ᠴᠣᠭᠴᠠ ᠶᠢ ᠬᠤᠳᠬᠤᠯᠳᠤᠭᠤᠯᠵᠤ ᠪᠣᠯᠬᠤ ᠦᠭᠡᠢ᠂ ᠪᠡᠶᠡᠴᠢ ᠴᠣᠭᠴᠠ ᠨᠢ ᠳᠠᠷᠤᠢ

ᠪᠡᠶᠡᠴᠢ ᠴᠣᠭᠴᠠ ᠪᠣᠯᠵᠤ᠂ ᠪᠤᠰᠤᠳᠴᠢ ᠴᠣᠭᠴᠠ ᠨᠢ ᠳᠠᠷᠤᠢ ᠪᠤᠰᠤᠳᠴᠢ ᠴᠣᠭᠴᠠ ᠪᠣᠯᠵᠤ᠂ ᠪᠡᠶᠡᠴᠢ ᠴᠣᠭᠴᠠ ᠨᠢ

ᠬᠠᠮᠢᠶᠠᠷᠤᠯᠲᠠ ᠶᠢᠨ ᠡᠷᠬᠡ ᠪᠠᠨ ᠶᠠᠪᠤᠭᠤᠯᠵᠤ᠂ ᠪᠤᠰᠤᠳᠴᠢ ᠴᠣᠭᠴᠠ ᠨᠢ ᠬᠠᠮᠢᠶᠠᠷᠤᠭᠳᠠᠬᠤ᠂ ᠬᠠᠮᠢᠶᠠᠷᠴᠤ ᠪᠣᠯᠬᠤ

ᠪᠠᠶᠢᠷᠢᠨ ᠳᠤ ᠣᠷᠣᠰᠢᠵᠤ ᠪᠠᠶᠢᠳᠠᠭ᠃ ᠬᠡᠷᠪᠡ ᠡᠭᠦᠨ ᠢ ᠲᠣᠳᠣᠷᠬᠠᠢ ᠪᠣᠯᠭᠠᠬᠤ ᠦᠭᠡᠢ ᠪᠣᠯ ᠬᠠᠮᠢᠶᠠᠷᠤᠯᠲᠠ ᠶᠢᠨ

ᠠᠵᠢᠯᠯᠠᠭ᠎ᠠ ᠪᠠᠨ ᠦᠷᠭᠦᠯᠵᠢᠯᠡᠭᠦᠯᠬᠦ ᠶᠢᠨ ᠠᠷᠭ᠎ᠠ ᠦᠭᠡᠢ ᠪᠣᠯᠣᠨ᠎ᠠ᠃

      ᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ᠂ ᠬᠠᠮᠢᠶᠠᠷᠤᠯᠲᠠ ᠶᠢᠨ ᠪᠡᠶᠡᠴᠢ ᠴᠣᠭᠴᠠ ᠪᠠ

ᠬᠠᠮᠢᠶᠠᠷᠤᠯᠲᠠ ᠶᠢᠨ ᠪᠤᠰᠤᠳᠴᠢ ᠴᠣᠭᠴᠠ ᠪᠣᠯ ᠵᠥᠷᠢᠴᠡᠯ ᠤᠨ ᠬᠤᠶᠠᠷ ᠲᠠᠯ᠎ᠠ ᠪᠣᠯᠣᠨ᠎ᠠ᠂ ᠬᠤᠶᠠᠭᠤᠯᠠ ᠪᠠᠨ

ᠬᠠᠷᠢᠯᠴᠠᠨ ᠤᠷᠢᠲᠠᠯ ᠪᠣᠯᠭᠠᠵᠤ᠂ ᠬᠠᠷᠢᠯᠴᠠᠨ ᠨᠥᠬᠦᠴᠡᠯ ᠪᠣᠯᠭᠠᠵᠤ᠂ ᠬᠠᠷᠢᠯᠴᠠᠨ ᠲᠦᠰᠢᠭᠯᠡᠯᠴᠡᠵᠦ          

ᠪᠠᠶᠢᠳᠠᠭ᠃ ᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠬᠠᠮᠢᠶᠠᠷᠤᠯᠲᠠ ᠶᠢᠨ ᠪᠡᠶᠡᠴᠢ ᠴᠣᠭᠴᠠ ᠪᠠ

ᠬᠠᠮᠢᠶᠠᠷᠤᠯᠲᠠ ᠶᠢᠨ ᠪᠤᠰᠤᠳᠴᠢ ᠴᠣᠭᠴᠠ  ᠨᠢ ᠬᠠᠮᠢᠶᠠᠷᠤᠯᠲᠠ ᠶᠢᠨ ᠠᠵᠢᠯᠯᠠᠭᠠᠨ ᠤ ᠳᠤᠮᠳᠠ ᠲᠣᠰ ᠲᠣᠰ          

ᠵᠣᠬᠢᠬᠤ ᠨᠥᠬᠦᠴᠡᠯ ᠢ ᠦᠨᠳᠦᠰᠦᠯᠡᠵᠦ᠂ ᠥᠪᠡᠷ ᠤᠨ ᠪᠠᠶᠢᠷᠢ ᠰᠠᠭᠤᠷᠢ ᠪᠠᠨ ᠡᠰᠡᠷᠭᠦ ᠲᠠᠯ᠎ᠠ ᠵᠦᠭ ᠢᠶᠠᠨ

ᠬᠤᠪᠢᠷᠠᠭᠤᠯᠳᠠᠭ᠃ ᠡᠶᠢᠮᠦ ᠬᠤᠪᠢᠷᠠᠯᠲᠠ ᠶᠢᠨ ᠭᠤᠣᠯ ᠢᠯᠡᠷᠡᠯ ᠭᠡᠪᠡᠯ᠂ ᠨᠢᠭᠡ ᠳᠤ ᠳᠦᠷᠢ ᠶᠢᠨ ᠬᠤᠪᠢᠷᠠᠯᠲᠠ᠂

ᠡᠨᠡ ᠨᠢ ᠲᠡᠭᠦᠨ ᠤ ᠦᠢᠯᠡ ᠠᠵᠢᠯᠯᠠᠭᠠᠨ ᠤ ᠬᠤᠪᠢᠷᠠᠯᠲᠠ ᠠᠴᠠ ᠡᠭᠦᠰᠦᠭᠰᠡᠨ᠂ ᠬᠤᠶᠠᠷ ᠲᠤ ᠥᠪᠡᠷ ᠤᠨ ᠪᠡᠶ᠎ᠡ ᠶᠢᠨ

ᠬᠤᠪᠢᠷᠠᠯᠲᠠ᠂ ᠡᠨᠡ ᠨᠢ ᠲᠡᠭᠦᠨ ᠤ ᠥᠪᠡᠷ ᠤᠨ ᠤᠬᠠᠮᠰᠠᠷ ᠤᠨ ᠬᠤᠪᠢᠷᠠᠯᠲᠠ ᠠᠴᠠ ᠡᠭᠦᠰᠦᠭᠰᠡᠨ ᠶᠤᠮ᠃

      ᠬᠠᠮᠢᠶᠠᠷᠤᠯᠲᠠ ᠶᠢᠨ ᠪᠡᠶᠡᠴᠢ ᠴᠣᠭᠴᠠ ᠪᠠ ᠬᠠᠮᠢᠶᠠᠷᠤᠯᠲᠠ ᠶᠢᠨ ᠪᠤᠰᠤᠳᠴᠢ ᠴᠣᠭᠴᠠ  ᠶᠢᠨ ᠳᠦᠷᠢ ᠶᠢ

ᠬᠤᠪᠢᠷᠠᠭᠤᠯᠬᠤ ᠳᠤ ᠠᠩᠭᠢ ᠶᠢᠨ ᠳᠣᠲᠣᠷᠠᠬᠢ ᠨᠢᠭᠡ ᠰᠣᠷᠣᠭᠴᠢ ᠬᠡᠷᠪᠡ ᠬᠠᠮᠲᠤ ᠰᠤᠷᠤᠯᠭᠠᠲᠠᠳ ᠲᠤ ᠪᠠᠨ

ᠠᠩᠭᠢ ᠶᠢᠨ ᠺᠠᠳ᠋ᠷ ᠢᠶᠠᠷ ᠰᠣᠩᠭᠤᠭᠳᠠᠪᠠᠯ ᠠᠩᠭᠢ ᠶᠢᠨ ᠬᠠᠮᠢᠶᠠᠷᠤᠯᠲᠠ ᠶᠢᠨ ᠳᠤᠮᠳᠠ ᠬᠠᠮᠢᠶᠠᠷᠤᠯᠲᠠ ᠶᠢᠨ ᠪᠤᠰᠤᠳᠴᠢ

ᠴᠣᠭᠴᠠ ᠪᠠᠶᠢᠭᠰᠠᠨ ᠠᠴᠠ ᠪᠠᠨ ᠬᠠᠮᠢᠶᠠᠷᠤᠯᠲᠠ ᠶᠢᠨ ᠪᠡᠶᠡᠴᠢ ᠴᠣᠭᠴᠠ ᠪᠣᠯᠵᠤ ᠬᠤᠪᠢᠷᠠᠳᠠᠭ᠃ ᠬᠡᠷᠪᠡ ᠲᠡᠷᠡ

ᠠᠩᠭᠢ ᠶᠢᠨ ᠺᠠᠳ᠋ᠷ ᠤᠨ ᠲᠤᠰᠢᠶᠠᠯ ᠢ ᠡᠭᠦᠷᠭᠡᠯᠡᠬᠦ ᠪᠠᠨ ᠪᠣᠯᠢᠪᠠᠯ᠂ ᠬᠠᠮᠢᠶᠠᠷᠤᠯᠲᠠ ᠶᠢᠨ ᠪᠡᠶᠡᠴᠢ ᠴᠣᠭᠴᠠ ᠠᠴᠠ ᠪᠠᠨ

ᠬᠠᠮᠢᠶᠠᠷᠤᠯᠲᠠ ᠶᠢᠨ ᠪᠤᠰᠤᠳᠴᠢ ᠴᠣᠭᠴᠠ ᠳᠤ ᠰᠢᠯᠵᠢᠳᠡᠭ᠃ ᠠᠩᠭᠢ ᠶᠢᠨ ᠡᠷᠬᠢᠯᠡᠭᠴᠢ ᠨᠢ ᠠᠩᠭᠢ ᠶᠢᠨ

ᠬᠠᠮᠢᠶᠠᠷᠤᠯᠲᠠ ᠶᠢᠨ ᠰᠢᠰᠲ᠋ᠧᠮ ᠳᠤ ᠬᠠᠮᠢᠶᠠᠷᠤᠯᠲᠠ ᠶᠢᠨ ᠪᠡᠶᠡᠴᠢ ᠴᠣᠭᠴᠠ ᠪᠥᠭᠡᠳ ᠬᠡᠷᠪᠡ ᠠᠩᠭᠢ ᠶᠢᠨ ᠢᠶᠠᠨ ᠶᠠᠮᠠᠷ

ᠨᠢᠭᠡᠨ ᠠᠵᠢᠯᠯᠠᠭᠠᠨ ᠤ ᠳᠤᠮᠳᠠ ᠰᠤᠷᠤᠭᠴᠢᠳ ᠲᠠᠢ ᠪᠠᠨ ᠨᠢᠭᠡ ᠳᠤᠭᠤᠶᠢᠯᠠᠩ ᠳᠤ ᠬᠤᠪᠢᠶᠠᠭᠳᠠᠨ ᠤᠷᠤᠪᠠᠯ

ᠬᠠᠮᠢᠶᠠᠷᠤᠯᠲᠠ ᠶᠢᠨ ᠪᠤᠰᠤᠳᠴᠢ ᠴᠣᠭᠴᠠ ᠪᠣᠯᠵᠤ ᠬᠤᠪᠢᠷᠠᠳᠠᠭ᠃ ᠬᠥᠮᠥᠨ ᠤ ᠲᠤᠰ ᠪᠡᠶ᠎ᠡ ᠪᠣᠯ ᠳᠠᠷᠤᠢ

ᠬᠠᠮᠢᠶᠠᠷᠤᠯᠲᠠ ᠶᠢᠨ ᠪᠡᠶᠡᠴᠢ ᠴᠣᠭᠴᠠ ᠪᠠ ᠬᠠᠮᠢᠶᠠᠷᠤᠯᠲᠠ ᠶᠢᠨ ᠪᠤᠰᠤᠳᠴᠢ ᠴᠣᠭᠴᠠ ᠶᠢᠨ ᠨᠢᠭᠡᠳᠦᠮᠡᠯ ᠴᠣᠭᠴᠠ

ᠮᠥᠨ᠃ ᠬᠠᠮᠢᠶᠠᠷᠤᠯᠲᠠ ᠶᠢᠨ ᠪᠡᠶᠡᠴᠢ ᠴᠣᠭᠴᠠ ᠪᠣᠯᠤᠭᠰᠠᠨ ᠬᠥᠮᠥᠨ ᠥᠪᠡᠷ ᠤᠨ ᠪᠡᠶᠡᠴᠢ ᠴᠣᠭᠴᠠ ᠶᠢᠨ ᠪᠠᠶᠢᠷᠢ

ᠰᠠᠭᠤᠷᠢ ᠪᠠᠨ ᠲᠣᠭᠲᠠᠭᠠᠬᠤ ᠶᠢᠨ ᠲᠥᠯᠥᠭᠡ ᠡᠷᠬᠡᠪᠰᠢ ᠥᠪᠡᠷ ᠢ ᠪᠠᠨ ᠲᠠᠨᠢᠬᠤ᠂ ᠦᠨᠡᠯᠡᠬᠦ ᠪᠠ ᠥᠭᠡᠷᠡᠴᠢᠯᠡᠬᠦ

ᠬᠡᠷᠡᠭᠲᠡᠢ᠃ ᠳᠠᠷᠣᠢ ᠥᠪᠡᠷ ᠢ ᠪᠠᠨ ᠬᠠᠮᠢᠶᠠᠷᠤᠯᠲᠠ ᠶᠢᠨ ᠪᠤᠰᠤᠳᠴᠢ ᠴᠣᠭᠴᠠ ᠪᠣᠯᠭᠠᠵᠤ᠂ ᠥᠪᠡᠷ ᠤᠨ ᠦᠵᠡᠯ

ᠰᠠᠨᠠᠭ᠎ᠠ ᠪᠠ ᠦᠢᠯᠡ ᠠᠵᠢᠯᠯᠠᠭ᠎ᠠ ᠪᠠᠨ ᠬᠠᠮᠢᠶᠠᠷᠬᠤ ᠬᠡᠷᠡᠭᠲᠡᠢ᠃ ᠡᠨᠡ ᠨᠢ ᠪᠡᠶᠡᠴᠢ ᠴᠣᠭᠴᠠ ᠠᠴᠠ ᠪᠠᠨ ᠪᠤᠰᠤᠳᠴᠢ

ᠴᠣᠭᠴᠠ ᠪᠣᠯᠵᠤ ᠬᠤᠪᠢᠷᠠᠬᠤ ᠶᠠᠪᠤᠳᠠᠯ ᠪᠣᠯᠣᠨ᠎ᠠ᠃ ᠬᠠᠮᠢᠶᠠᠷᠤᠯᠲᠠ ᠶᠢᠨ ᠪᠤᠰᠤᠳᠴᠢ ᠴᠣᠭᠴᠠ ᠪᠣᠯᠤᠭᠰᠠᠨ ᠪᠠᠶᠢᠪᠠᠯ

ᠥᠪᠡᠷ ᠤᠨ ᠥᠪᠡᠷᠮᠢᠴᠡ ᠣᠨᠴᠠᠯᠢᠭ ᠠᠴᠠ ᠪᠠᠨ ᠪᠣᠯᠵᠤ᠂ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠪᠠᠰᠠ ᠡᠷᠬᠡᠪᠰᠢ

ᠥᠪᠡᠷ ᠤᠨ ᠪᠡᠶᠡᠴᠢ ᠴᠢᠳᠠᠮᠠᠭᠠᠢ ᠴᠢᠨᠠᠷ ᠢᠶᠠᠨ ᠪᠠᠳᠠᠷᠠᠭᠤᠯᠵᠤ ᠪᠣᠳᠠᠲᠠᠢ ᠠᠵᠢᠯᠯᠠᠭ᠎ᠠ ᠳᠤ ᠤᠷᠤᠯᠴᠠᠵᠣ ᠪᠠᠶᠢᠮᠠᠨᠵᠢᠨ

ᠰᠠᠶ᠋ᠢ ᠬᠠᠮᠢᠶᠠᠷᠤᠯᠲᠠ ᠶᠢᠨ ᠠᠵᠢᠯᠯᠠᠭ᠎ᠠ ᠳᠠᠬᠢ ᠪᠡᠶᠡᠴᠢ ᠴᠣᠭᠴᠠ ᠪᠣᠯᠬᠤ ᠬᠡᠷᠡᠭᠲᠡᠢ᠃

      ᠬᠠᠮᠢᠶᠠᠷᠤᠯᠲᠠ ᠶᠢᠨ ᠪᠡᠶᠡᠴᠢ ᠴᠣᠭᠴᠠ ᠪᠠ ᠬᠠᠮᠢᠶᠠᠷᠤᠯᠲᠠ ᠶᠢᠨ ᠪᠤᠰᠤᠳᠴᠢ ᠴᠣᠭᠴᠠ  ᠶᠢᠨ ᠥᠪᠡᠷ ᠢ ᠪᠠᠨ

ᠬᠤᠪᠢᠷᠠᠭᠤᠯᠬᠤ ᠨᠢ ᠲᠦᠢᠯ ᠤᠨ ᠴᠢᠬᠤᠯᠠ ᠶᠤᠮ᠃ ᠠᠩᠭᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠳᠤᠮᠳᠠ

ᠠᠩᠭᠢ ᠶᠢᠨ ᠡᠷᠬᠢᠯᠡᠭᠴᠢ ᠰᠤᠷᠤᠭᠴᠢᠳ ᠤᠨ ᠢᠶᠠᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠬᠤ ᠶᠢ

ᠠᠩᠬᠠᠷᠴᠤ᠂ ᠲᠡᠳᠡᠨ ᠤ ᠪᠡᠶ᠎ᠡ ᠪᠠᠨ ᠳᠠᠭᠠᠭᠠᠬᠤ ᠴᠢᠨᠠᠷ ᠢ ᠭᠦᠢᠴᠡᠳ ᠪᠠᠳᠠᠷᠠᠭᠤᠯᠤᠨ᠂ ᠪᠦᠲᠦᠭᠡᠯᠴᠢ          

ᠴᠢᠨᠠᠷᠲᠠᠢ ᠠᠵᠢᠯᠯᠠᠭᠠᠨ ᠤ ᠡᠵᠡᠨ ᠮᠡᠳᠡᠭᠴᠢ ᠪᠣᠯᠭᠠᠵᠤ᠂ ᠡᠭᠦᠨ ᠤ ᠤᠯᠠᠮ ᠢᠶᠠᠷ ︽ᠪᠤᠰᠤᠳ ᠢᠶᠠᠷ          

ᠬᠠᠮᠢᠶᠠᠷᠤᠭᠤᠯᠵᠤ︾ ᠪᠠᠶᠢᠭᠰᠠᠨ ᠠᠴᠠ ᠪᠠᠨ ︽ᠥᠪᠡᠷ ᠢᠶᠠᠨ ᠬᠠᠮᠢᠶᠠᠷᠬᠤ︾ ᠳᠠᠶᠢᠰᠢ ᠳᠠᠪᠰᠢᠬᠤ ᠶᠢ ᠠᠬᠢᠭᠤᠯᠬᠤ

ᠬᠡᠷᠡᠭᠲᠡᠢ᠃ ᠡᠳᠦᠢ ᠲᠡᠳᠦᠢ ᠡᠯᠧᠮᠧᠨ᠋ᠲ ᠤᠳ ᠨᠢᠭᠡ ᠰᠢᠰᠲ᠋ᠧᠮ ᠪᠣᠯᠣᠨ ᠤᠶᠠᠯᠳᠤᠬᠤ ᠦᠶ᠎ᠡ ᠳᠤ ᠲᠡᠳᠡᠭᠡᠷ ᠤᠨ

ᠴᠢᠳᠠᠪᠤᠷᠢ ᠨᠢ ᠴᠦ ᠬᠠᠷᠢᠯᠴᠠᠨ ᠤᠶᠠᠯᠳᠤᠳᠠᠭ᠃ ᠡᠶᠢᠮᠦ ᠤᠶᠠᠯᠳᠤᠯ ᠨᠢ ᠪᠦᠬᠦᠯᠢ ᠴᠣᠭᠴᠠ ᠶᠢᠨ ᠴᠢᠳᠠᠪᠤᠷᠢ ᠶᠢ ᠡᠯ᠎ᠡ

ᠬᠡᠰᠡᠭ ᠤᠨ ᠴᠢᠳᠠᠪᠤᠷᠢ ᠶᠢᠨ ᠨᠡᠶᠢᠯᠡᠪᠦᠷᠢ ᠠᠴᠠ ᠶᠡᠭᠡ ᠪᠣᠯᠭᠠᠵᠤ ᠮᠡᠳᠡᠬᠦ ᠪᠥᠭᠡᠳ ᠲᠡᠭᠦᠨ ᠠᠴᠠ ᠪᠠᠭ᠎ᠠ ᠪᠤᠯᠭᠠᠵᠤ ᠴᠤ

ᠮᠡᠳᠡᠬᠦ ᠶᠤᠮ᠃

      ᠪᠦᠬᠦᠯᠢ ᠴᠣᠭᠴᠠ ᠶᠢᠨ ᠴᠢᠳᠠᠮᠵᠢ ᠶᠢ ᠡᠯ᠎ᠡ ᠬᠡᠰᠡᠭ ᠤᠨ ᠴᠢᠳᠠᠮᠵᠢ ᠶᠢᠨ ᠨᠡᠶᠢᠯᠡᠪᠦᠷᠢ ᠠᠴᠠ ᠶᠡᠭᠡ          

ᠪᠠᠶᠢᠯᠭᠠᠶ᠎ᠠ ᠭᠡᠪᠡᠯ ᠡᠯᠧᠮᠧᠨ᠋ᠲ ᠤᠨ ᠤᠶᠠᠯᠳᠤᠯ ᠢ ᠬᠡᠵᠢᠶᠡᠳᠡ ᠰᠢᠯᠢᠳᠡᠭᠵᠢᠭᠦᠯᠬᠦ ᠴᠢᠭᠯᠡᠯ ᠢᠶᠠᠷ ᠲᠣᠬᠢᠷᠠᠭᠤᠯᠬᠤ          

ᠬᠡᠷᠡᠭᠲᠡᠢ᠃ ᠰᠢᠰᠲ᠋ᠧᠮᠲᠦ ᠦᠵᠡᠯᠲᠡ ᠶᠢᠨ ᠰᠢᠯᠢᠳᠡᠭᠵᠢᠭᠦᠯᠦᠯᠲᠡ ᠶᠢᠨ ᠬᠠᠨᠳᠤᠯᠭᠠᠲᠤ ᠴᠢᠨᠠᠷ ᠨᠢ ᠮᠠᠨ ᠤ ᠠᠩᠭᠢ ᠶᠢᠨ

ᠬᠠᠮᠢᠶᠠᠷᠤᠯᠲᠠ  ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠪᠠ ᠴᠢᠭᠯᠡᠯ ᠢ ᠳᠤᠷᠠᠳᠤᠨ ᠭᠠᠷᠭᠠᠵᠠᠢ᠃ ᠲᠡᠷᠡ ᠨᠢ          

ᠡᠯ᠎ᠡ ᠡᠯᠧᠮᠧᠨ᠋ᠲ ᠤᠨ ᠤᠶᠠᠯᠳᠤᠯ ᠢ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠬᠥᠭᠵᠢᠯᠲᠡ ᠶᠢ          

ᠠᠬᠢᠭᠤᠯᠤᠨ᠎ᠠ᠃ ᠡᠶᠢᠮᠦ ᠠᠴᠠ ᠠᠩᠭᠢ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠪᠦᠬᠦᠯᠢ ᠴᠣᠭᠴᠠ ᠶᠢ

ᠴᠢᠩᠭᠠᠳᠬᠠᠬᠤ ᠪᠠᠷ ᠵᠣᠷᠢᠯᠭ᠎ᠠ ᠪᠣᠯᠭᠠᠵᠤ᠂ ᠪᠣᠳᠠᠲᠠᠢ ᠪᠠᠶᠢᠳᠠᠯ ᠪᠠ ᠱᠠᠭᠠᠷᠳᠠᠯᠭ᠎ᠠ ᠶᠢ ᠦᠨᠳᠦᠰᠦᠯᠡᠨ

ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠬᠡᠷᠡᠭᠲᠡᠢ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠬᠡᠰᠢᠭᠲᠡᠨ ᠬᠤᠰᠢᠭᠤᠨ ᠤ ᠪᠠᠶᠠᠩᠭᠤᠤᠯ ᠪᠠᠭ᠎ᠠ ᠰᠤᠷᠭᠠᠭᠤᠯᠢ 

                               ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map