ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠠᠭᠤᠰᠬᠠᠨ᠂ ᠬᠠᠮᠲᠤ ᠳᠤ ᠪᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/8/6
      7 ᠰᠠᠷ᠎ᠠ ᠶᠢᠨ 31- 8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠠᠭᠤᠰᠬᠠᠨ᠂ ᠬᠠᠮᠲᠤ ᠳᠤ ᠪᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠡᠷᠬᠢᠯᠡᠪᠡ᠃      ᠡᠨᠡ ᠤᠳᠠᠭᠠᠨ ᠤ ᠠᠵᠢᠯᠯᠠᠭ᠎ᠠ ᠳᠤ ᠬᠠᠮᠲᠤ ᠶᠢᠨ ᠰᠤᠷᠤᠯᠴᠠᠯᠭ᠎ᠠ᠂ ᠭᠤᠣᠯ ᠰᠡᠳᠦᠪᠲᠦ ᠮᠡᠳᠡᠭᠦᠯᠦᠯᠲᠡ᠂ ᠰᠣᠯᠢᠯᠴᠠᠵᠤ ᠰᠤᠳᠤᠯᠤᠨ ᠶᠠᠷᠢᠯᠴᠠᠬᠤ᠂ ᠦᠵᠡᠭᠦᠯᠭᠡ ᠪᠠ ᠦᠢᠯᠡᠳᠦᠯᠭᠡ ᠶᠢᠨ ᠵᠢᠭᠠᠨ ᠰᠤᠷᠭᠠᠯᠲᠠ ᠪᠠ ᠬᠢᠴᠢᠶᠡᠯ ᠤᠨ ᠦᠵᠡᠭᠦᠯᠭᠡ ᠵᠡᠷᠭᠡ ᠣᠯᠠᠨ ᠭᠤᠭᠴᠤᠭ᠎ᠠ ᠶᠢ ᠪᠠᠭᠲᠠᠭᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ  ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠳᠤ ᠪᠠᠨ ᠰᠤᠷᠤᠯᠴᠠᠭᠰᠠᠨ ᠪᠥᠭᠡᠳ ︽ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠵᠠᠯᠠᠭᠤ ᠡᠷᠳᠡᠮᠲᠡᠳ ᠤᠨ ᠰᠣᠯᠢᠯᠴᠠᠭᠠᠨ ᠤ ᠬᠤᠷᠠᠯ︾ ᠪᠣᠯᠤᠨ ︽ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠰᠤᠳᠤᠯᠭᠠᠨ ᠤ ᠨᠡᠷᠡᠲᠦ ᠬᠥᠮᠦᠰ ᠤᠨ ᠶᠠᠷᠢᠯᠴᠠᠭᠠᠨ ᠤ           ᠬᠤᠷᠠᠯ︾  ᠤᠨ ᠬᠤᠶᠠᠷ ᠲᠠᠯᠠᠪᠤᠷ ᠡᠷᠳᠡᠮ ᠰᠢᠨᠵᠢᠯᠡᠭᠡᠨ ᠤ ᠠᠵᠢᠯᠯᠠᠭ᠎ᠠ ᠶᠢ ᠡᠷᠬᠢᠯᠡᠪᠡ᠃ ᠡᠭᠦᠨ ᠠᠴᠠ ᠭᠠᠳᠠᠨ᠎ᠠ᠂ ᠬᠤᠷᠠᠯ ᠳᠤ ᠣᠷᠣᠯᠴᠠᠭᠰᠠᠳ ᠪᠦᠬᠦ ᠤᠯᠤᠰ ᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠤᠯᠠᠯ︾  ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠨ  ᠤ ᠭᠤᠣᠯ ᠰᠡᠳᠦᠪᠲᠦ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ︽ᠠᠨᠠᠷ ᠤᠯᠠᠭᠠᠨ︾᠂ ︽ᠤᠮᠠᠷᠠᠲᠤ ᠬᠢᠯᠢ           ᠨᠣᠭᠤᠭᠠᠨ︾᠂ ︽ᠰᠠᠨᠰᠠᠷ ᠤᠨ ᠠᠶᠠᠯᠠᠯ ᠬᠥᠬᠡ︾ ᠵᠡᠷᠭᠡ ᠣᠨᠴᠠᠯᠢᠭᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠦᠵᠡᠭᠦᠯᠭᠡ ᠪᠠ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭᠠᠨ ᠤ ᠣᠨᠴᠠ ᠳᠡᠰ ᠤᠨ ᠱᠠᠩᠨᠠᠯ ᠭᠦᠷᠲᠡᠭᠰᠡᠨ ᠪᠠᠭᠰᠢ ᠶᠢᠨ ᠬᠢᠴᠢᠶᠡᠯ ᠤᠨ ᠦᠵᠡᠭᠦᠯᠭᠡ  ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠠᠭᠤᠯᠭ᠎ᠠ ᠨᠢ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤ ᠶᠢ ᠬᠠᠮᠤᠷᠪᠠ᠃   

1.png

2.png

3.png

4.png

5.png

      ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ︽ᠰᠢ ᠶᠢᠨ ᠫᠢᠩ ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠣᠶᠢᠮᠤᠯᠠᠯ︾ ᠤᠨ

ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠪᠣᠯᠤᠨ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ

ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ︽ᠭᠠᠷ ᠬᠤᠯᠪᠣᠯᠴᠠᠵᠤ︾ ᠬᠠᠮᠲᠤ ᠳᠤ ᠪᠠᠨ ᠬᠢᠴᠢᠶᠡᠯ

ᠪᠡᠯᠡᠳᠬᠡᠬᠦ ᠲᠥᠪ ︵ᠪᠡᠭᠡᠵᠢᠩ ᠶᠡᠭᠡ ᠰᠤᠷᠭᠠᠭᠤᠯᠢ - ᠥᠪᠥᠷ ᠮᠣᠩᠭᠤᠯ ᠤᠨ ᠥᠪᠡᠷᠲᠡᠭᠡᠨ ᠵᠠᠰᠠᠬᠤ          

ᠣᠷᠣᠨ︶ ᠬᠠᠮᠵᠢᠯᠴᠠᠨ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠠᠭᠠᠭᠠᠴᠢᠯᠠᠨ 

ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋

ᠱᠦᠵᠢ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠪᠤᠶᠤ ᠦᠵᠡᠯ ᠰᠠᠨᠠᠭ᠎ᠠ ᠤᠯᠤᠰ ᠲᠥᠷᠥ ᠶᠢᠨ ᠵᠢᠭᠠᠬᠤ ᠶᠢ

ᠰᠤᠳᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ

ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ 170 ᠭᠠᠷᠤᠢ ᠬᠥᠮᠦᠨ ᠣᠷᠣᠯᠴᠠᠵᠤ᠂

ᠪᠦᠬᠦ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠰᠦᠯᠵᠢᠶᠡᠨ ᠳᠤ ᠠᠵᠢᠯᠯᠠᠭ᠎ᠠ ᠳᠤ

ᠣᠷᠣᠯᠴᠠᠵᠠᠢ᠃

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map