ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯᠲᠠᠨ ᠠᠵᠢᠯᠴᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠤᠮᠪᠠᠯᠲᠠ ᠶᠢᠨ ᠤᠷᠤᠯᠳᠤᠭᠠᠨ ᠳᠤ ᠰᠢᠯᠢᠳᠡᠭ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/6
      ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 2 - 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯ ᠤᠨ ᠬᠤᠷᠢᠶ᠎ᠠ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠠᠵᠢᠯᠴᠢᠨ ᠤ ᠤᠮᠪᠠᠯᠲᠠ ᠶᠢᠨ ᠤᠷᠤᠯᠳᠤᠭᠠᠨ ᠢ ᠡᠷᠬᠢᠯᠡᠪᠡ᠃ ᠡᠨᠡ ᠤᠳᠠᠭᠠᠨ ᠤ ᠤᠷᠤᠯᠳᠤᠭᠠᠨ ᠳᠤ 50 ᠮᠧᠲᠷ᠂ 100 ᠮᠧᠲᠷ ᠤᠨ ᠴᠢᠯᠥᠭᠡᠲᠦ ᠤᠮᠪᠠᠯᠲᠠ᠂ 50 ᠮᠧᠲᠷ᠂ 100 ᠮᠧᠲᠷ ᠤᠨ ᠮᠡᠯᠡᠬᠡᠢ ᠤᠮᠪᠠᠯᠲᠠ ᠵᠢᠴᠢ ᠤᠷᠤᠯᠳᠤᠭᠠᠨ ᠤ ᠲᠣᠭᠯᠠᠭᠠᠮ ᠵᠡᠷᠭᠡ ᠣᠯᠠᠨ ᠲᠥᠷᠥᠯ ᠵᠦᠢᠯ ᠢ ᠲᠣᠬᠢᠷᠠᠭᠤᠯᠵᠤ᠂ ᠤᠷᠤᠯᠳᠤᠭᠠᠨ ᠤ ᠴᠢᠨᠠᠷ ᠪᠠ ᠰᠣᠨᠢᠷᠬᠠᠯᠲᠤ ᠴᠢᠨᠠᠷ ᠢ ᠪᠦᠷᠢᠳᠦᠭᠦᠯᠪᠡ᠃ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ ᠨᠢᠭᠡᠳᠦᠭᠡᠷ ᠠᠵᠢᠯ ᠤᠨ ᠭᠠᠵᠠᠷ ᠤᠨ ᠯᠢ ᠰᠢᠶᠣᠤ ᠫᠧᠢ ᠡᠮᠡᠭᠲᠡᠢ ᠶᠢᠨ 50 ᠮᠧᠲᠷ ᠤᠨ ᠴᠢᠯᠥᠭᠡᠲᠦ ᠤᠮᠪᠠᠯᠲᠠ ︵40 ᠨᠠᠰᠤᠨ ᠠᠴᠠ ᠳᠣᠷᠣᠭᠰᠢ︶ ᠳᠤ ᠮᠠᠩᠯᠠᠶᠢᠯᠠᠵᠤ᠂ ᠡᠮᠡᠭᠲᠡᠢ ᠶᠢᠨ 50 ᠮᠧᠲᠷ ᠤᠨ ᠮᠡᠯᠡᠬᠡᠢ ᠤᠮᠪᠠᠯᠲᠠ ︵40 ᠨᠠᠰᠤᠨ ᠠᠴᠠ ᠳᠣᠷᠣᠭᠰᠢ︶ ᠳᠤ ᠭᠤᠲᠠᠭᠠᠷ ᠲᠤ ᠣᠷᠣᠨ᠂ ᠪᠤᠰᠤᠳ 3 ᠣᠷᠣᠯᠴᠠᠭᠴᠢ ᠴᠤ ᠭᠤᠶᠢᠳᠠ ᠰᠠᠶᠢᠬᠠᠨ ᠮᠥᠷᠦᠶᠢᠴᠡᠵᠦ᠂ ᠮᠠᠨ ᠤ ᠲᠢᠩᠬᠢᠮ ᠤᠨ ᠺᠠᠳ᠋ᠷ ᠠᠵᠢᠯᠲᠠᠨ ᠤ ᠡᠷᠡᠮᠡᠬᠡᠶᠢᠯᠡᠨ ᠤᠷᠤᠭᠰᠢᠯᠠᠬᠤ ᠡᠷᠴᠢ ᠵᠣᠷᠢᠭ᠂ ᠰᠢᠷᠭᠠᠭᠤ ᠬᠠᠲᠠᠭᠤᠵᠢᠯᠲᠠᠢ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ  ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃

1.jpg

 

2.jpg

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map