ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠤᠷᠪᠠᠳᠤᠭᠠᠷ ᠬᠤᠭᠤᠴᠠᠭᠠᠨ ᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ ᠲᠣᠯᠤᠭᠠᠢ ᠳᠤ ᠨᠢ ᠣᠷᠣᠭᠤᠯᠬᠤ︾ ᠶᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
      8 ᠰᠠᠷ᠎ᠠ ᠶᠢᠨ 1 ᠤ ᠡᠳᠦᠷ᠂ ᠭᠤᠷᠪᠠᠳᠤᠭᠠᠷ ᠬᠤᠭᠤᠴᠠᠭᠠᠨ ᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ ᠬᠢᠴᠢᠶᠡᠯ ᠤᠨ ᠲᠠᠩᠬᠢᠮ ᠳᠤ ᠣᠷᠣᠭᠤᠯᠬᠤ ᠲᠠᠷᠢᠬᠢ ᠲᠣᠯᠣᠭᠠᠢ ᠳᠤ ᠨᠢ           ᠣᠷᠣᠭᠤᠯᠬᠤ︾ ᠶᠢ ᠠᠬᠢᠭᠤᠯᠬᠤ ᠬᠤᠷᠠᠯ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠵᠤᠤ ᠳ᠋ᠦᠩ ᠬᠠᠢ᠂ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠮᠧᠩ ᠰᠢᠶᠠᠩ ᠾᠥᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃   

1.webp.png

      ᠬᠤᠷᠠᠯ ᠳᠡᠭᠡᠷ᠎ᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ

ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂

ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ

ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠳᠤ ᠪᠠᠨ ᠰᠤᠷᠤᠯᠴᠠᠵᠤ᠂ ᠰᠢᠨ᠎ᠡ ᠴᠠᠭ

ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠠᠬᠢᠭᠤᠯᠬᠤ

ᠠᠷᠭ᠎ᠠ ᠬᠡᠮᠵᠢᠶ᠎ᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠳᠡᠭᠡᠷ᠎ᠡ ᠪᠦᠬᠦ ᠤᠯᠤᠰ ᠤᠨ ︽ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ

ᠲᠣᠶᠢᠮᠤᠯᠠᠯ︾ ᠤᠨ ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠲᠤᠰᠬᠠᠢ ᠮᠡᠷᠭᠡᠵᠢᠯᠲᠡᠨ ᠢ ᠤᠷᠢᠵᠤ ᠴᠢᠬᠤᠯᠠ

ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠤᠨ ᠶᠠᠷᠢᠯᠴᠠᠵᠤ᠂ ᠬᠤᠯᠪᠣᠭᠳᠠᠯ ᠪᠦᠬᠦᠢ ᠮᠤᠵᠢ          

ᠣᠷᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠡᠯ᠎ᠡ ᠭᠠᠵᠠᠷ ᠤᠨ ᠠᠷᠭ᠎ᠠ ᠬᠡᠮᠵᠢᠶ᠎ᠡ ᠠᠷᠭ᠎ᠠ

ᠪᠣᠳᠤᠯᠭ᠎ᠠ ᠶᠢ ᠰᠣᠯᠢᠯᠴᠠᠵᠤ ᠳᠡᠯᠭᠡᠨ ᠦᠵᠡᠭᠦᠯᠬᠦ ᠶᠢᠨ ᠬᠠᠮᠲᠤ ᠪᠡᠭᠡᠵᠢᠩ ᠶᠡᠭᠡ ᠰᠤᠷᠭᠠᠭᠤᠯᠢ ᠶᠢᠨ ︽ᠭᠠᠷ

ᠬᠤᠯᠪᠣᠯᠴᠠᠵᠤ︾ ᠬᠠᠮᠲᠤ ᠳᠤ ᠪᠠᠨ ᠬᠢᠴᠢᠶᠡᠯ ᠪᠡᠯᠡᠳᠬᠡᠬᠦ ᠲᠥᠪ ᠤᠨ ᠵᠢᠱᠢᠶ᠎ᠡ ᠦᠵᠡᠭᠦᠯᠬᠦ ᠬᠢᠴᠢᠶᠡᠯ ᠪᠠ

ᠬᠠᠮᠲᠤ ᠳᠤ ᠪᠠᠨ ᠬᠢᠴᠢᠶᠡᠯ ᠪᠡᠯᠡᠳᠬᠡᠬᠦ ᠠᠵᠢᠯᠯᠠᠭ᠎ᠠ ᠶᠢ ᠥᠷᠨᠢᠭᠦᠯᠪᠡ᠃

      ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠶᠢ ︽ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ

ᠣᠷᠣᠭᠤᠯᠬᠤ᠂ ᠲᠠᠷᠢᠬᠢ ᠲᠣᠯᠣᠭᠠᠢ ᠳᠤ ᠨᠢ ᠣᠷᠣᠭᠤᠯᠬᠤ︾ ᠵᠢᠴᠢ ︽ᠶᠠᠭᠤᠨ ᠳᠤ ᠣᠷᠣᠭᠤᠯᠬᠤ᠂ ᠶᠠᠭᠤ ᠶᠢ

ᠣᠷᠣᠭᠤᠯᠬᠤ᠂ ᠶᠠᠭᠠᠬᠢᠵᠤ ᠣᠷᠣᠭᠤᠯᠬᠤ︾ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ

ᠬᠠᠮᠲᠤ ᠳᠤ ᠪᠠᠨ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠮ ᠤᠨ ᠲᠥᠪ ᠬᠤᠷᠢᠶᠠᠨ ᠤ

ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ

ᠶᠣᠰᠣᠭᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠪᠣᠯᠤᠨ ᠪᠦᠬᠦ ᠤᠯᠤᠰ ᠤᠨ

ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ

ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠬᠡᠮᠵᠢᠶᠡᠨ ᠤ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ

ᠡᠭᠦᠳᠬᠦ ᠣᠨᠣᠯ ᠢ ᠪᠥᠬᠦ ᠲᠠᠯ᠎ᠠ ᠪᠠᠷ᠂ ᠰᠢᠰᠲ᠋ᠧᠮ ᠲᠠᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠠᠮᠢᠳᠤᠯᠢᠭ ᠢᠶᠠᠷ

ᠬᠢᠴᠢᠶᠡᠯ ᠤᠨ ᠲᠠᠩᠬᠢᠮ ᠲᠤ ᠣᠷᠣᠭᠤᠯᠬᠤ᠂ ᠨᠡᠪᠲᠡᠷᠡᠲᠡᠯ᠎ᠡ ᠣᠶᠢᠯᠠᠭᠠᠭᠤᠯᠬᠤ ᠪᠠᠷ ᠲᠠᠷᠢᠬᠢ ᠲᠣᠯᠤᠭᠠᠢ ᠳᠤ ᠨᠢ

ᠣᠷᠣᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠥᠳᠲᠡᠷ ᠲᠦᠷᠭᠡᠨ

ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠣᠢ ᠪᠣᠯᠭᠠᠨ᠂ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ

ᠰᠠᠨᠠᠭ᠎ᠠ ᠶᠢ ᠡᠬᠡ ᠤᠯᠤᠰ ᠤᠨ ᠤᠮᠠᠷᠠᠲᠤ ᠬᠢᠯᠢ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ

ᠬᠡᠷᠡᠭᠲᠡᠢ ᠭᠡᠵᠦ ᠱᠠᠭᠠᠷᠳᠠᠪᠠ᠃

   

2.webp.png

      ᠡᠨᠡ ᠤᠳᠠᠭᠠᠨ ᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ  ᠤᠨ ᠦᠨᠳᠦᠰᠦᠲᠡᠨ ᠤ ᠶᠡᠭᠡ ᠰᠤᠷᠭᠠᠭᠤᠯᠢ ᠳᠠᠭᠠᠭᠠᠴᠢᠯᠠᠨ

ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋

ᠱᠦᠵᠢ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠪᠤᠶᠤ ᠦᠵᠡᠯ ᠰᠠᠨᠠᠭ᠎ᠠ ᠤᠯᠤᠰ ᠲᠥᠷᠥ ᠶᠢᠨ ᠵᠢᠭᠠᠬᠤ ᠶᠢ

ᠰᠤᠳᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ

ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map