ᠬᠥᠯᠥᠨ ᠪᠤᠶᠢᠷ ᠬᠤᠲᠠ ᠶᠢᠨ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠪᠣᠯᠤᠨ ᠰᠢᠶᠠᠩᠭᠠᠩ ᠤᠨ ᠴᠤᠸᠠᠩ ᡁᠢ ᠳᠤᠮᠳᠠᠳᠤ ᠰᠤᠷᠭᠠᠭᠤᠯᠢ ᠡᠭᠡᠴᠢ ᠦᠬᠢᠨ ᠳᠡᠭᠦᠦ ᠰᠤᠷᠭᠠᠭᠤᠯᠢ ᠶᠢᠨ ᠬᠠᠷᠢᠴᠠᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2024/8/7
      ᠣᠶᠢᠷ᠎ᠠ ᠳᠤ᠂ ᠥᠪᠥᠷ ᠮᠣᠩᠭᠤᠯ ᠰᠢᠶᠠᠩᠭᠠᠩ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠶᠢ ᠠᠬᠢᠭᠤᠯᠬᠤ ᠶᠢᠨ ᠲᠥᠯᠥᠭᠡ᠂ ᠰᠢᠶᠠᠩᠭᠠᠩ ᠤᠨ ᠴᠤᠸᠠᠩ ᡁᠢ ᠳᠤᠮᠳᠠᠳᠤ ᠰᠤᠷᠭᠠᠭᠤᠯᠢ ᠶᠢᠨ ᠪᠠᠶᠢᠴᠠᠭᠠᠵᠤ ᠰᠣᠯᠢᠯᠴᠠᠬᠤ ᠪᠦᠯᠬᠦᠮ ᠬᠥᠯᠥᠨ ᠪᠤᠶᠢᠷ ᠬᠤᠲᠠ ᠳᠤ ᠬᠦᠷᠴᠦ ᠪᠠᠶᠢᠴᠠᠭᠠᠵᠤ ᠰᠣᠯᠢᠯᠴᠠᠨ᠂ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠡᠭᠡᠴᠢ ᠦᠬᠢᠨ ᠳᠡᠭᠦᠦ ᠰᠤᠷᠭᠠᠭᠤᠯᠢ ᠶᠢᠨ ᠬᠠᠷᠢᠴᠠᠭ᠎ᠠ ᠪᠠᠶᠢᠭᠤᠯᠪᠠ᠃   

1.webp.png

      ᠰᠣᠯᠢᠯᠴᠠᠭᠠᠨ ᠤ ᠪᠦᠯᠬᠦᠮ ᠤᠨ 36 ᠪᠠᠭᠰᠢ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ

ᠲᠣᠭᠠᠵᠢᠭᠤᠯᠤᠭᠰᠠᠨ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠰᠤᠷᠭᠠᠭᠤᠯᠢ ᠶᠢᠨ ᠲᠡᠦᠬᠡ ᠶᠢᠨ ᠬᠤᠩᠭᠢᠯ ᠢ

ᠲᠣᠭᠤᠷᠢᠨ ᠦᠵᠡᠵᠦ ᠪᠠᠶᠢᠴᠠᠭᠠᠭᠰᠠᠨ ᠪᠥᠭᠡᠳ ᠰᠤᠷᠭᠠᠨ ᠬᠥᠮᠦᠵᠢᠯ  ᠤᠨ ᠣᠶᠢᠯᠠᠭᠠᠭᠳᠠᠬᠤᠨ ᠢ 

ᠦᠢᠯᠡᠳᠦᠯᠭᠡᠵᠢᠭᠦᠯᠦᠭᠰᠡᠨ᠂ ᠪᠠᠭᠰᠢ ᠬᠥᠮᠥᠵᠢᠭᠦᠯᠬᠦ ᠶᠢ ᠬᠡᠷᠡᠭᠵᠢᠭᠦᠯᠦᠭᠰᠡᠨ᠂ ᠰᠤᠷᠤᠭᠴᠢᠳ ᠤᠨ ᠠᠵᠢᠯᠯᠠᠭ᠎ᠠ ᠶᠢ

ᠥᠷᠨᠢᠭᠦᠯᠦᠭᠰᠡᠨ ᠵᠡᠷᠭᠡ ᠲᠠᠯ᠎ᠠ ᠪᠠᠷ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠲᠠᠢ

ᠰᠠᠨᠠᠯ ᠢᠶᠠᠨ ᠰᠣᠯᠢᠯᠴᠠᠪᠠ᠃ ᠡᠨᠡ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠢᠶᠠᠩᠭᠠᠩ ᠤᠨ

ᠪᠠᠭᠰᠢ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠣᠨᠴᠠᠯᠢᠭ ᠪᠠ

ᠣᠳᠣᠬᠢᠴᠢᠯᠠᠭᠰᠠᠨ ᠬᠥᠭᠵᠢᠯᠲᠡ ᠶᠢᠨ ᠦᠷ᠎ᠡ ᠪᠦᠲᠦᠮᠵᠢ ᠶᠢ ᠭᠦᠨᠵᠡᠭᠡᠢ ᠣᠶᠢᠯᠠᠭᠠᠵᠤ᠂ ᠥᠪᠥᠷ ᠮᠣᠩᠭᠤᠯ

ᠰᠢᠶᠠᠩᠭᠠᠩ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠳᠠᠯᠳᠠ ᠬᠦᠴᠦᠨ ᠢ ᠤᠯᠠᠮ ᠨᠢᠭᠡ

ᠠᠯᠬᠤᠮ ᠬᠥᠭᠵᠢᠭᠡᠪᠡ᠃

      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠣᠷᠣᠨ ᠤ ᠰᠤᠷᠭᠠᠭᠤᠯᠢ ᠪᠣᠯᠤᠨ ᠰᠢᠶᠠᠩᠭᠠᠩ ᠣᠣᠮᠧᠨ ᠤ

ᠰᠤᠷᠭᠠᠭᠤᠯᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠣᠳᠣ ᠨᠢᠭᠡᠨᠲᠡ 3 ᠰᠤᠷᠭᠠᠭᠤᠯᠢ

ᠰᠢᠶᠠᠩᠭᠠᠩ᠂ ᠣᠣᠮᠧᠨ ᠤ ᠰᠤᠷᠭᠠᠭᠤᠯᠢ ᠯᠤᠭ᠎ᠠ ᠡᠭᠡᠴᠢ ᠥᠬᠢᠨ ᠳᠡᠭᠦᠦ ᠰᠤᠷᠭᠠᠭᠤᠯᠢ ᠶᠢᠨ ᠬᠠᠷᠢᠴᠠᠭ᠎ᠠ          

ᠪᠠᠶᠢᠭᠤᠯᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠰᠣᠯᠢᠯᠴᠠᠭᠠᠨ ᠤ ᠲᠠᠪᠴᠠᠩ ᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠥᠷ ᠮᠣᠩᠭᠤᠯ ᠪᠣᠯᠤᠨ ᠰᠢᠶᠠᠩᠭᠠᠩ᠂

ᠣᠣᠮᠧᠨ ᠤ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map