ᠮᠥᠩᠭᠦᠨ ᠮᠧᠲᠠᠯ 1 ᠬᠦᠷᠡᠯ ᠮᠧᠲᠠᠯ 10 — ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠱᠠᠩᠨᠠᠯ ᠭᠦᠷᠲᠡᠭᠰᠡᠳ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/9
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠤ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠱᠠᠩᠨᠠᠯ  ᠭᠦᠷᠲᠡᠭᠰᠡᠳ ᠢ ᠨᠡᠶᠢᠲᠡᠯᠡᠵᠦ᠂ ᠮᠠᠨ ᠤ ᠣᠷᠣᠨ ᠤ 13 ᠲᠠᠮᠢᠷᠴᠢᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ᠂ ᠡᠭᠦᠨ ᠳᠤ ᠦᠰᠦᠨ ᠪᠤᠶᠢᠵᠢᠯᠲᠠ ᠶᠢᠨ ᠤᠷᠤᠯᠳᠤᠭᠠᠨ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ 3᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ 3︔ ᠠᠵᠢᠯ ᠣᠯᠭᠤᠯᠲᠠ ᠶᠢᠨ ᠤᠷᠤᠯᠳᠤᠭᠠᠨ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ 2᠂ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠳᠤᠭᠤᠶᠢᠯᠠᠩ 2︔ ᠤᠶᠤᠲᠠᠳ ᠤᠨ ᠠᠵᠢᠯ ᠮᠡᠷᠭᠡᠵᠢᠯ ᠤᠨ ᠬᠥᠭᠵᠢᠯᠲᠡ ᠪᠣᠯᠤᠨ ᠠᠵᠢᠯ ᠣᠯᠭᠤᠯᠲᠠ ᠶᠢ ᠵᠢᠯᠣᠭᠤᠳᠬᠤ ᠬᠢᠴᠢᠶᠡᠯ ᠤᠨ ᠵᠢᠭᠠᠨ ᠰᠤᠷᠭᠠᠯᠲᠠ ᠶᠢᠨ ᠤᠷᠤᠯᠳᠤᠭᠠᠨ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ 1᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ 2 ᠪᠤᠢ᠃ ᠮᠥᠩᠭᠦᠨ ᠮᠧᠲᠠᠯ 1᠂ ᠬᠦᠷᠡᠯ ᠮᠧᠲᠠᠯ 10᠂ ᠰᠢᠯᠢᠳᠡᠭ ᠱᠠᠩᠨᠠᠯ 2 ᠭᠦᠷᠲᠡᠪᠡ᠃      ᠡᠨᠡ ᠤᠳᠠᠭᠠᠨ ᠤ ᠤᠷᠤᠯᠳᠤᠭᠠᠨ ᠢ ︽ᠵᠠᠯᠠᠭᠤ ᠨᠠᠰᠤᠨ ᠤ ᠬᠦᠰᠡᠯ ᠢᠶᠠᠨ ᠳᠡᠷᠭᠡᠯᠰᠢᠭᠦᠯᠵᠦ᠂ ᠠᠵᠢᠯ ᠮᠡᠷᠭᠡᠵᠢᠯ ᠤᠨ ᠢᠷᠡᠭᠡᠳᠦᠢ ᠶᠢ ᠲᠥᠯᠦᠪᠵᠢᠭᠦᠯᠦᠶ᠎ᠡ︾ ᠪᠠᠷ ᠭᠤᠣᠯ ᠰᠡᠳᠦᠪ ᠪᠣᠯᠭᠠᠵᠤ᠂ ᠰᠤᠷᠭᠠᠨ ᠬᠥᠮᠦᠵᠢᠯ ᠤᠨ ᠶᠠᠮᠤᠨ᠂ ᠱᠠᠩᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠬᠢᠯᠡᠭᠰᠡᠨ ᠶᠠᠪᠤᠳᠠᠯ ᠪᠣᠯ ᠤᠯᠤᠰ ᠤᠨ ᠳᠣᠲᠣᠭᠠᠳᠤ ᠶᠢᠨ ᠤᠶᠤᠲᠠᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠠᠷ ᠵᠣᠷᠢᠯᠲᠠ ᠪᠣᠯᠭᠠᠭᠰᠠᠨ ᠪᠦᠬᠦ ᠤᠯᠤᠰ ᠤᠨ ᠴᠢᠨᠠᠷᠲᠠᠢ ᠲᠤᠰᠬᠠᠢ ᠤᠷᠤᠯᠳᠤᠭᠠᠨ ᠪᠣᠯᠤᠨ᠎ᠠ᠃ ᠤᠷᠤᠯᠳᠤᠭᠠᠨ ᠡᠬᠢᠯᠡᠭᠰᠡᠨ ᠠᠴᠠ ᠨᠠᠭᠠᠰᠢ᠂ 952 ᠲᠦᠮᠡᠨ ᠰᠤᠷᠤᠭᠴᠢ ᠨᠡᠷ᠎ᠡ ᠮᠡᠳᠡᠭᠦᠯᠵᠦ᠂ ᠪᠦᠬᠦ ᠤᠯᠤᠰ ᠤᠨ 2740 ᠶᠡᠭᠡ ᠳᠡᠭᠡᠳᠦ ᠰᠤᠷᠭᠠᠭᠤᠯᠢ ᠶᠢ ᠬᠠᠮᠤᠷᠤᠨ᠂ ᠱᠠᠲᠤ ᠱᠠᠲᠤ ᠪᠠᠷ ᠰᠢᠯᠭᠠᠷᠠᠭᠤᠯᠬᠤ ᠪᠠᠷ ᠳᠠᠮᠵᠢᠨ᠂ 600 ᠭᠠᠷᠤᠢ ᠣᠶᠤᠲᠠᠨ ᠪᠦᠬᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠳᠠᠪᠰᠢᠨ ᠣᠷᠣᠪᠠ᠃      2023 ᠣᠨ ᠤ 10 ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠷᠤᠯᠳᠤᠭᠠᠨ ᠢ ᠵᠣᠬᠢᠶᠠᠨ  ᠪᠠᠶᠢᠭᠤᠯᠬᠤ ᠪᠡᠯᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠣᠷᠣᠨ ᠤ 20 ᠶᠡᠭᠡ ᠳᠡᠭᠡᠳᠦ ᠰᠤᠷᠭᠠᠭᠤᠯᠢ ᠶᠢᠨ 7 ᠲᠦᠮᠡ ᠭᠠᠷᠤᠢ ᠰᠤᠷᠭᠠᠭᠤᠯᠢ ᠳᠤ ᠪᠠᠶᠢᠭ᠎ᠠ ᠰᠤᠷᠤᠭᠴᠢ ᠨᠡᠷ᠎ᠡ ᠮᠡᠳᠡᠭᠦᠯᠦᠨ ᠣᠷᠣᠯᠴᠠᠵᠤ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠶᠤᠲᠠᠳ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠶᠢᠨ ᠤᠷᠤᠯᠳᠤᠭᠠᠨ ᠭᠡᠬᠦ ᠡᠨᠡ ᠬᠦ ᠲᠠᠪᠴᠠᠩ ᠢ ᠭᠦᠢᠴᠡᠳ ᠠᠰᠢᠭᠯᠠᠵᠤ᠂ ᠶᠣᠰᠣ ᠰᠤᠷᠲᠠᠬᠤᠨ ᠢ ᠪᠣᠢ ᠪᠣᠯᠭᠠᠨ ᠬᠥᠮᠦᠨ ᠬᠥᠮᠦᠵᠢᠭᠦᠯᠬᠦ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠠᠷ ᠭᠤᠣᠯ ᠰᠢᠵᠢᠮ ᠪᠣᠯᠭᠠᠨ᠂ ᠤᠷᠤᠯᠳᠤᠭᠠᠨ ᠪᠠ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠭᠦᠨᠵᠡᠭᠡᠢ ᠠᠭᠤᠰᠬᠠᠵᠤ᠂ ᠠᠳᠠᠯᠢ ᠬᠤᠭᠤᠴᠠᠭᠠᠨ ᠳᠤ ᠣᠯᠠᠨ ᠲᠠᠯᠠᠪᠤᠷ ᠲᠤᠰᠬᠠᠢ ᠤᠷᠢᠬᠤ ᠠᠵᠢᠯᠯᠠᠭ᠎ᠠ᠂ ᠠᠵᠢᠯ ᠮᠡᠷᠭᠡᠵᠢᠯ ᠤᠨ ᠠᠮᠢᠳᠤᠷᠠᠬᠤᠢ ᠶᠢ ᠪᠡᠶᠡᠴᠢᠯᠡᠨ ᠣᠶᠢᠯᠭᠠᠬᠤ᠂ ᠠᠵᠤ ᠠᠬᠤᠶᠢᠯᠠᠯ ᠢ ᠰᠣᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠭᠡᠬᠦ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠠᠵᠢᠯ ᠣᠯᠭᠤᠯᠲᠠ ᠶᠢ ᠠᠬᠢᠭᠤᠯᠬᠤ ᠶᠢ ᠨᠡᠩ ᠰᠠᠶᠢᠲᠤᠷ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠠᠬᠢᠭᠤᠯᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map