ᠠᠩᠭᠢ ᠶᠢᠨ ᠺᠠᠳ᠋ᠷ ᠢ ᠬᠡᠷᠬᠢᠨ ᠬᠥᠮᠥᠵᠢᠭᠦᠯᠬᠦ ᠲᠤᠬᠠᠢ ᠦᠬᠦᠯᠡᠬᠦ ᠨᠢ
ᠨᠡᠶᠢᠲᠡᠯᠡᠭᠰᠡᠨ ᠴᠠᠭ᠄
2024/8/9
                    ᠭᠦᠰᠠᠯᠠᠩ

班主任工作2.png

 

      ᠠᠩᠬᠢ ᠨᠢᠭᠡᠴᠢ ᠨᠢ ᠠᠩᠭᠢ ᠶᠢᠨ ᠺᠠᠳ᠋ᠷ ᠠᠴᠠ ᠰᠠᠯᠵᠤ ᠴᠢᠳᠠᠬᠤ ᠦᠭᠡᠢ᠂ ᠠᠩᠭᠢ ᠶᠢᠨ ᠺᠠᠳ᠋ᠷ ᠨᠢ ᠪᠦᠬᠦᠶ ᠯᠡ

ᠠᠩᠭᠢ ᠶᠢᠨ ᠠᠩᠭᠢ ᠶᠢᠨ ᠰᠤᠷᠲᠠᠯ ᠪᠠ ᠰᠤᠷᠤᠯᠴᠠᠬᠤ ᠰᠤᠷᠲᠠᠯ ᠢ ᠰᠢᠭᠤᠳ ᠨᠥᠯᠥᠭᠡᠯᠡᠵᠦ᠂ ᠠᠩᠭᠢ ᠶᠢᠨ

ᠡᠷᠬᠢᠯᠡᠭᠴᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠴᠦ ᠰᠢᠭᠤᠳ ᠨᠥᠯᠥᠭᠡᠯᠡᠳᠡᠭ᠃ ᠠᠩᠭᠢ ᠶᠢᠨ ᠺᠠᠳ᠋ᠷ ᠢ

ᠬᠥᠮᠥᠵᠢᠭᠦᠯᠬᠦ ᠨᠢ ᠠᠩᠭᠢ ᠶᠢᠨ ᠡᠷᠬᠢᠯᠡᠭᠴᠢ ᠡᠨᠡ ᠬᠦ ᠬᠠᠮᠳᠤᠷᠠᠯ ᠢ ᠬᠡᠷᠬᠢᠨ ᠰᠠᠶᠢᠲᠤᠷ ᠬᠠᠮᠢᠶᠠᠷᠬᠤ ᠳᠤ ᠮᠠᠰᠢ

ᠴᠢᠬᠤᠯᠠ ᠦᠢᠯᠡᠳᠦᠯ ᠦᠵᠡᠭᠦᠯᠳᠡᠭ᠃ ᠴᠢᠳᠠᠪᠤᠷᠢᠲᠠᠢ ᠠᠩᠭᠢ ᠶᠢᠨ ᠺᠠᠳ᠋ᠷ ᠢ ᠰᠠᠶᠢᠲᠤᠷ ᠬᠥᠮᠥᠵᠢᠭᠦᠯᠬᠦ ᠨᠢ

ᠠᠩᠭᠢ ᠶᠢᠨ ᠡᠷᠬᠢᠯᠡᠭᠴᠢ ᠶᠢᠨ ᠬᠠᠮᠢᠶᠠᠷᠤᠯᠲᠠ ᠶᠢᠨ ᠳᠤᠮᠳᠠᠬᠢ ᠮᠠᠰᠢ ᠴᠢᠬᠤᠯᠠ ᠵᠦᠢᠯ ᠪᠣᠯᠬᠤ ᠶᠤᠮ᠃

      ᠠᠩᠭᠢ ᠶᠢᠨ ᠺᠠᠳ᠋ᠷ ᠪᠣᠯ ᠠᠩᠭᠢ ᠶᠢᠨ ᠡᠷᠬᠢᠯᠡᠭᠴᠢ ᠶᠢᠨ ᠰᠠᠶᠢᠨ ᠬᠠᠪᠰᠤᠷᠤᠭᠴᠢ᠃ ᠠᠩᠭᠢ ᠶᠢᠨ ᠺᠠᠳ᠋ᠷ ᠬᠡᠷᠪᠡ

ᠥᠪᠡᠷ ᠤᠨ ᠪᠡᠶ᠎ᠡ ᠪᠠᠨ ᠳᠠᠭᠠᠭᠠᠭᠰᠠᠨ ᠦᠵᠡᠯ ᠪᠣᠳᠤᠯ ᠲᠠᠢ ᠪᠣᠯ ᠠᠩᠬᠢ ᠨᠢᠭᠡᠴᠢ ᠶᠢᠨ ᠢᠶᠠᠨ ᠮᠡᠳᠡᠭᠡ ᠵᠠᠩᠭᠢ ᠶᠢ ᠴᠠᠭ

ᠲᠤᠬᠠᠢ ᠳᠤ ᠨᠢ ᠬᠠᠷᠢᠭᠤ ᠲᠤᠰᠬᠠᠬᠤ ᠶᠢᠨ ᠬᠠᠮᠲᠤ ᠵᠦᠢ ᠵᠣᠬᠢᠰᠲᠠᠢ ᠰᠠᠨᠠᠭᠤᠯᠭ᠎ᠠ ᠥᠭᠲᠡᠭ᠃ ᠡᠨᠡ ᠨᠢ ᠠᠩᠬᠢ

ᠨᠢᠭᠡᠴᠢ ᠶᠢᠨ ᠳᠣᠲᠣᠷᠠᠬᠢ ᠪᠠᠶᠢᠳᠠᠯ ᠢ ᠠᠩᠭᠢ ᠶᠢᠨ ᠡᠷᠭᠢᠯᠡᠭᠴᠢ ᠴᠠᠭ ᠲᠤᠬᠠᠢ ᠳᠤ ᠨᠢ ᠡᠵᠡᠮᠰᠢᠵᠦ᠂ ᠠᠵᠢᠯ ᠤᠨ  ᠢᠶᠠᠨ

ᠡᠬᠢ ᠵᠠᠬ᠎ᠠ ᠶᠢ ᠨᠡᠩ ᠦᠷ᠎ᠡ ᠪᠦᠲᠦᠮᠵᠢ ᠲᠠᠢ ᠪᠣᠯᠭᠠᠬᠤ ᠳᠤ ᠳᠤᠰᠠᠯᠠᠳᠠᠭ᠃ ᠲᠡᠭᠡᠪᠡᠯ ᠶᠠᠭᠠᠬᠢᠪᠠᠯ ᠰᠠᠶ᠋ᠢ ᠬᠦᠴᠦᠨ

ᠲᠡᠭᠦᠯᠳᠡᠷ ᠠᠩᠭᠢ ᠶᠢᠨ ᠺᠠᠳ᠋ᠷ ᠤᠨ ᠡᠩᠨᠡᠭᠡ ᠶᠢ ᠪᠠᠶᠢᠭᠤᠯᠵᠤ ᠴᠢᠳᠠᠬᠤ ᠪᠣᠢ︖

      ᠨᠢᠭᠡ᠂ ᠠᠩᠭᠢ ᠶᠢᠨ ᠺᠠᠳ᠋ᠷ ᠢ ᠰᠢᠯᠢᠨ ᠰᠣᠩᠭᠤᠬᠤ

      ᠰᠠᠶᠢᠨ ᠡᠬᠢᠯᠡᠯᠲᠡ ᠨᠢ ᠠᠮᠵᠢᠯᠲᠠ ᠶᠢᠨ ᠬᠠᠭᠠᠰ ᠭᠡᠵᠦ ᠬᠡᠯᠡᠳᠡᠭ᠃ ᠠᠩᠭᠢ ᠶᠢᠨ ᠡᠷᠬᠢᠯᠡᠭᠴᠢ ᠠᠩᠬ᠎ᠠ ᠨᠢᠭᠡᠨ

ᠰᠢᠨ᠎ᠡ ᠠᠩᠭᠢ ᠶᠢᠨ ᠬᠠᠮᠲᠤ ᠨᠡᠶᠢᠲᠡ ᠶᠢ ᠬᠦᠯᠢᠶᠡᠨ ᠠᠪᠬᠤ ᠳᠤ ᠪᠠᠨ ᠵᠠᠪᠠᠯ ᠪᠢᠯᠢᠭ ᠤᠨ ᠨᠢᠳᠦ ᠲᠠᠢ ᠪᠠᠶᠢᠵᠤ᠂

ᠬᠠᠷᠠᠮ ᠦᠭᠡᠢ ᠵᠢᠳᠭᠦᠳᠡᠭ᠂ ᠪᠡᠶ᠎ᠡ ᠪᠠᠨ ᠴᠢᠩᠭ᠎ᠠ ᠱᠠᠭᠠᠷᠳᠠᠳᠠᠭ᠂ ᠰᠤᠷᠬᠤ ᠳᠤ ᠴᠠᠭᠠᠷᠠᠭᠰᠠᠨ ᠰᠢᠯᠢᠳᠡᠭ

ᠰᠤᠷᠤᠭᠴᠢ ᠶᠢ ᠣᠯᠵᠤ ᠬᠠᠷᠠᠬᠤ ᠬᠡᠷᠡᠭᠲᠡᠢ᠃ ᠨᠠᠷᠢᠨ ᠠᠵᠢᠭᠯᠠᠵᠤ᠂ ᠡᠬᠢᠨ ᠤ ᠬᠡᠳᠦᠨ ᠡᠳᠦᠷ ᠲᠤ ᠬᠢᠴᠢᠶᠡᠯ ᠤᠨ

ᠭᠡᠷ ᠲᠤ ᠢᠯᠡᠭᠦᠬᠡᠨ ᠣᠴᠢᠵᠤ ᠰᠠᠭᠤᠨ᠂ ᠰᠤᠷᠤᠭᠴᠢᠳ ᠲᠠᠢ ᠢᠯᠡᠭᠦᠬᠡᠨ ᠶᠠᠷᠢᠯᠴᠠᠵᠤ᠂ ᠰᠠᠨᠠᠭᠠᠴᠢᠯᠠᠭ᠎ᠠ ᠲᠠᠢ ᠪᠠᠷ

ᠨᠢᠭᠡ ᠬᠤᠶᠠᠷ ᠤᠳᠠᠭᠠᠨ ᠤ ᠬᠥᠳᠡᠯᠭᠡᠭᠡᠨ ᠪᠤᠶᠤ ᠶᠠᠷᠢᠯᠴᠠᠭᠠᠨ ᠤ ᠬᠤᠷᠠᠯ ᠢ ᠵᠣᠬᠢᠶᠠᠨ ᠪᠠᠶᠢᠭᠤᠯᠳᠠᠭ ᠯᠠ ᠶᠤᠮ ᠪᠣᠯ

ᠰᠢᠯᠢᠳᠡᠭ ᠠᠩᠬᠢ ᠶᠢᠨ ᠺᠠᠳ᠋ᠷ ᠢ ᠠᠮᠠᠷᠬᠠᠨ ᠡᠷᠢᠵᠦ ᠣᠯᠣᠨ᠎ᠠ ᠭᠡᠳᠡᠭ ᠢ ᠲᠠ ᠣᠯᠵᠤ ᠮᠡᠳᠡᠬᠦ ᠶᠤᠮ᠃ ᠭᠡᠪᠡᠴᠦ ᠪᠢᠳᠡ

ᠶᠠᠭᠠᠬᠢᠭᠰᠠᠨ ᠴᠤ ᠶᠠᠭᠠᠷᠠᠵᠤ ᠪᠣᠯᠬᠤ ᠦᠭᠡᠢ᠃ ᠬᠡᠲᠦ ᠶᠢ ᠣᠯᠵᠤ ᠮᠡᠳᠡᠪᠡᠯ ᠬᠡᠲᠦ ᠶᠢ ᠬᠡᠷᠡᠭᠯᠡᠬᠦ ᠬᠡᠷᠡᠭᠲᠡᠢ᠃ ᠣᠷᠣᠨ

ᠪᠠᠶᠢᠷᠢ ᠪᠠᠨ ᠳᠦᠭᠦᠷᠭᠡᠬᠦ ᠶᠢᠨ ᠲᠥᠯᠥᠭᠡ ᠢᠯᠡᠭᠦᠦ ᠰᠣᠩᠭᠤᠭᠰᠠᠨ ᠤ ᠬᠡᠷᠡᠭ ᠦᠭᠡᠢ᠂ ᠰᠣᠩᠭᠤᠵᠤ ᠭᠠᠷᠭᠠᠭᠰᠠᠨ

ᠬᠡᠲᠦ ᠪᠠᠨ ᠠᠩᠭᠢ ᠶᠢᠨ ᠢᠶᠠᠨ ᠲᠣᠬᠢᠷᠠᠮᠵᠢᠲᠠᠢ ᠪᠠᠶᠢᠷᠢᠨ ᠳᠤ ᠲᠠᠯᠪᠢᠵᠤ᠂ ᠵᠣᠬᠢᠬᠤ ᠵᠢᠯᠣᠭᠤᠳᠤᠯᠭ᠎ᠠ ᠥᠭᠴᠦ᠂ ᠲᠤᠰ

ᠲᠤᠰ ᠤᠨ ᠬᠢᠨᠢ ᠣᠨᠴᠠ ᠴᠢᠳᠠᠪᠤᠷᠢ ᠪᠠ ᠴᠢᠳᠠᠮᠠᠭᠠᠢ ᠴᠢᠨᠠᠷ ᠢ ᠪᠠᠳᠠᠷᠠᠭᠤᠯᠪᠠᠯ ᠲᠡᠳᠡ ᠯᠠᠪᠲᠠᠢ ᠣᠬᠤᠷᠬᠠᠨ

ᠬᠤᠭᠤᠴᠠᠭᠠᠨ ᠳᠤ ᠴᠢᠨᠦ ᠳᠠᠭᠠᠭᠠᠯᠭᠠᠭᠰᠠᠨ ᠬᠦᠨᠳᠦ ᠡᠭᠦᠷᠭᠡ ᠳᠤ ᠵᠣᠬᠢᠴᠠᠬᠤ ᠶᠢᠨ ᠬᠠᠮᠲᠤ ᠲᠡᠭᠦᠨ ᠢ ᠡᠭᠦᠷᠭᠡᠯᠡᠵᠦ

ᠴᠢᠳᠠᠬᠤ ᠶᠤᠮ᠃

      ᠬᠤᠶᠠᠷ᠂ ᠠᠩᠭᠢ ᠶᠢᠨ ᠺᠠᠳ᠋ᠷ ᠤᠨ ᠠᠵᠢᠯ ᠤᠨ ᠵᠣᠬᠢᠴᠠᠭᠤᠯᠭ᠎ᠠ

      ᠪᠠᠭᠰᠢ ᠠᠴᠠ ᠰᠣᠩᠭᠤᠭᠰᠠᠨ ᠬᠡᠳᠦᠨ ᠠᠩᠭᠢ ᠶᠢᠨ ᠺᠠᠳ᠋ᠷ ᠤᠨ ᠢᠶᠠᠨ ᠬᠤᠭᠤᠷᠣᠨᠳᠣᠬᠢ ᠠᠵᠢᠯ ᠢ

ᠵᠣᠬᠢᠴᠠᠭᠤᠯᠬᠤ ᠬᠡᠷᠡᠭᠲᠡᠢ᠃ ᠠᠩᠭᠢ ᠶᠢᠨ ᠢᠶᠠᠨ ᠴᠢᠬᠤᠯᠠ ᠶᠡᠭᠡ ᠬᠡᠷᠡᠭ ᠶᠠᠪᠤᠳᠠᠯ ᠪᠣᠯᠣᠨ ᠰᠤᠷᠭᠠᠭᠤᠯᠢ ᠶᠢᠨ

ᠳᠣᠲᠣᠭᠠᠳᠤ ᠶᠢᠨ ᠠᠵᠢᠯᠯᠠᠭ᠎ᠠ ᠶᠢ ᠬᠠᠮᠵᠢᠯᠴᠠᠨ ᠪᠡᠶᠡᠯᠡᠭᠦᠯᠵᠦ᠂ ᠵᠠᠶᠢᠯᠠᠭᠤᠯᠵᠤ ᠪᠣᠯᠣᠰᠢ ᠦᠭᠡᠢ ᠵᠦᠢ ᠶᠣᠰᠣᠨ ᠤ

ᠬᠠᠮᠲᠤ ᠶᠢᠨ ᠢᠷᠠᠭᠤ ᠠᠯᠳᠠᠷ ᠤᠨ ᠲᠥᠯᠥᠭᠡ ᠶᠠᠮᠠᠷ ᠴᠤ ᠶᠠᠪᠤᠳᠠᠯ ᠢ ᠪᠦᠷ ᠵᠠᠪᠳᠤᠨ ᠬᠢᠵᠦ᠂ ᠲᠦᠪᠡᠭ ᠲᠠᠢ ᠶᠠᠪᠤᠳᠠᠯ

ᠲᠣᠬᠢᠶᠠᠯᠳᠤᠬᠤ ᠦᠶ᠎ᠡ ᠳᠤ ᠬᠡᠳᠦᠨ ᠠᠩᠭᠢ ᠶᠢᠨ ᠺᠠᠳ᠋ᠷ ᠬᠠᠮᠲᠤ ᠪᠠᠷ ᠠᠷᠭ᠎ᠠ ᠪᠤᠳᠤᠵᠤ᠂ ᠬᠠᠮᠲᠤ ᠪᠠᠷ ᠠᠷᠭ᠎ᠠ

ᠤᠬᠠᠭᠠᠨ ᠭᠠᠷᠭᠠᠵᠤ᠂ ᠬᠠᠮᠲᠤ ᠪᠠᠷ ᠡᠭᠦᠷᠭᠡᠯᠡᠨ᠂ ᠬᠠᠮᠲᠤ ᠪᠠᠷ ᠰᠢᠢᠳᠪᠦᠷᠢᠯᠡᠬᠦ ᠬᠡᠷᠡᠭᠲᠡᠢ᠃ ᠭᠠᠭᠴᠠ ᠬᠦ ᠲᠡᠳᠡᠨ ᠳᠤ

ᠢᠩᠭᠢᠵᠦ ᠬᠡᠯᠡᠵᠦ ᠥᠭᠴᠦ᠂ ᠲᠡᠳᠡᠨ ᠢ ᠬᠥᠲᠥᠯᠥᠨ ᠵᠢᠯᠣᠭᠤᠳᠪᠠᠯ ᠰᠠᠶ᠋ᠢ ᠠᠩᠭᠢ ᠶᠢᠨ ᠺᠠᠳ᠋ᠷᠴᠤᠳ ᠤᠷᠢᠳ ᠢᠶᠠᠷ

ᠪᠦᠯᠬᠦᠮᠳᠡᠵᠡᠭᠡᠵᠦ᠂ ᠰᠡᠳᠬᠢᠯ ᠰᠠᠨᠠᠭ᠎ᠠ ᠪᠠᠨ ᠨᠢᠭᠡ ᠱᠤᠭᠤᠮ ᠳᠡᠭᠡᠷ᠎ᠡ ᠲᠠᠯᠪᠢᠵᠤ᠂ ᠬᠦᠴᠦ ᠪᠠᠨ ᠬᠠᠮᠲᠤᠳᠬᠠᠨ ᠬᠠᠮᠲᠤ

ᠨᠡᠶᠢᠲᠡ ᠶᠢ ᠬᠥᠲᠥᠯᠥᠨ ᠵᠢᠯᠤᠭᠤᠳᠴᠤ ᠵᠢᠩᠬᠢᠨᠢ ᠠᠩᠭᠢ ᠶᠢᠨ ᠰᠤᠷᠲᠠᠯ᠂ ᠰᠤᠷᠤᠯᠴᠠᠬᠤ ᠰᠤᠷᠲᠠᠯ ᠢ ᠪᠤᠢ ᠪᠣᠯᠭᠠᠵᠤ

ᠴᠢᠳᠠᠨ᠎ᠠ᠃

      ᠭᠤᠷᠪᠠ᠂ ᠠᠩᠭᠢ ᠶᠢᠨ ᠺᠠᠳ᠋ᠷ ᠤᠨ ᠢᠷᠠᠭᠤ ᠠᠯᠳᠠᠷᠲᠤ ᠳᠦᠷᠢ ᠲᠥᠷᠬᠦ ᠶᠢ ᠪᠤᠢ ᠪᠣᠯᠭᠠᠬᠤ

      ᠬᠠᠮᠲᠤ ᠶᠢᠨ ᠠᠵᠢᠯᠯᠠᠭ᠎ᠠ ᠪᠠ ᠡᠳᠦᠷ ᠲᠤᠳᠤᠮ ᠤᠨ ᠬᠠᠮᠢᠶᠠᠷᠤᠯᠲᠠ ᠶᠢᠨ ᠲᠠᠯ᠎ᠠ ᠪᠠᠷ ᠦᠷ᠎ᠡ ᠪᠦᠲᠦᠭᠡᠯ

ᠣᠯᠣᠭᠰᠠᠨ ᠦᠶ᠎ᠡ ᠳᠤ᠂ ᠵᠠᠪᠰᠢᠶᠠᠨ ᠢ ᠠᠰᠢᠭᠯᠠᠨ ᠠᠩᠭᠢ ᠶᠢᠨ ᠺᠠᠳ᠋ᠷ ᠤᠨ ᠦᠢᠯᠡᠳᠦᠯ ᠪᠠ ᠳᠦᠷᠢ ᠲᠥᠷᠬᠦ ᠶᠢ ᠪᠤᠢ

ᠪᠣᠯᠭᠠᠵᠤ᠂ ᠪᠤᠰᠤᠳ ᠬᠠᠮᠲᠤ ᠰᠤᠷᠤᠭᠴᠢᠳ ᠤᠨ ᠰᠡᠳᠬᠢᠯ ᠵᠢᠷᠦᠬᠡᠨ ᠳᠠᠬᠢ ᠲᠡᠳᠡᠨ ᠤ ᠪᠠᠶᠢᠷᠢ ᠰᠠᠭᠤᠷᠢ ᠶᠢ

ᠳᠡᠭᠡᠭᠰᠢᠯᠡᠭᠦᠯᠵᠦ᠂ ᠲᠡᠳᠡᠨ ᠤ ᠰᠢᠯᠢᠳᠡᠭ᠂ ᠡᠷᠬᠢᠮ ᠳᠡᠭᠡᠳᠦ ᠳᠦᠷᠢ ᠲᠥᠷᠬᠦ ᠶᠢ ᠱᠤᠭᠤᠬᠤ ᠬᠡᠷᠡᠭᠲᠡᠢ᠃ ᠢᠩᠭᠢᠪᠡᠯ

ᠠᠩᠭᠢ  ᠶᠢᠨ ᠺᠠᠳ᠋ᠷᠴᠤᠳ ᠤᠨ ᠥᠪᠡᠷ ᠤᠨ ᠪᠡᠶ᠎ᠡ ᠳᠤ ᠨᠢ ᠠᠮᠵᠢᠯᠲᠠ ᠪᠦᠲᠦᠮᠵᠢ ᠲᠠᠢ᠂ ᠳᠠᠪᠠᠭᠤᠯᠢᠭ ᠲᠥᠷᠥᠭᠳᠡᠯ ᠲᠠᠢ

ᠪᠣᠯᠵᠤ᠂ ᠠᠩᠭᠢ ᠶᠢᠨ ᠴᠣᠭᠴᠠ ᠳᠤ ᠠᠵᠢᠯ ᠶᠠᠪᠤᠳᠠᠯ ᠬᠢᠵᠦ᠂ ᠠᠩᠭᠢ ᠶᠢᠨ ᠴᠣᠭᠴᠠ ᠳᠤ ᠳᠤᠷᠠᠲᠠᠶᠢᠶ᠎ᠠ

ᠦᠢᠯᠡᠴᠢᠯᠡᠬᠦ ᠳᠤ ᠨᠠᠩ ᠢᠲᠡᠭᠡᠯ ᠲᠠᠢ᠂ ᠪᠦᠬᠦ ᠠᠩᠭᠢ ᠶᠢᠨ ᠰᠤᠷᠤᠭᠴᠢ ᠲᠡᠳᠡᠨ ᠢ ᠪᠢᠰᠢᠷᠡᠬᠦ ᠰᠡᠳᠬᠢᠯᠭᠡ ᠲᠠᠢ          

ᠪᠤᠯᠤᠨ᠎ᠠ᠃ ᠭᠠᠭᠴᠠ ᠬᠦ ᠰᠤᠷᠤᠭᠴᠢᠳ ᠡᠶᠢᠮᠦ ᠪᠣᠳᠣᠯ ᠪᠠ ᠲᠠᠨᠢᠯᠲᠠ ᠲᠠᠢ ᠪᠣᠯᠪᠠᠯ ᠰᠠᠶ᠋ᠢ ᠬᠦᠴᠢᠷ ᠠᠰᠠᠭᠤᠳᠠᠯ

ᠲᠤᠯᠭᠠᠷᠠᠬᠤ ᠦᠶ᠎ᠡ ᠳᠤ ᠴᠠᠭ ᠲᠤᠬᠠᠢ ᠳᠤ ᠨᠢ ᠠᠩᠭᠢ ᠶᠢᠨ ᠺᠠᠳ᠋ᠷᠴᠤᠳ ᠢ ᠡᠷᠢᠨ ᠨᠡᠪᠲᠡᠷᠡᠯᠴᠡᠵᠦ᠂ ᠠᠩᠭᠢ ᠶᠢᠨ

ᠺᠠᠳ᠋ᠷᠴᠤᠳ ᠲᠤ ᠪᠠᠶᠢᠳᠠᠯ ᠢ ᠲᠤᠰᠬᠠᠵᠤ᠂ ᠰᠤᠷᠤᠭᠴᠢᠳ ᠤᠨ ᠰᠡᠳᠬᠢᠯ ᠳᠤ ᠵᠣᠬᠢᠬᠤ ᠬᠡᠮᠵᠢᠶᠡᠨ ᠤ ᠲᠦᠰᠢᠭ

ᠲᠤᠯᠭᠠᠭᠤᠷᠢ ᠲᠠᠢ ᠪᠣᠯᠵᠤ᠂ ᠶᠠᠮᠠᠷ ᠤᠴᠢᠷ ᠲᠤᠯᠭᠠᠷᠠᠪᠠᠯ ᠬᠡᠨ ᠢ ᠡᠷᠢᠵᠦ ᠰᠢᠢᠳᠪᠦᠷᠢᠯᠡᠭᠦᠯᠪᠡᠯ ᠵᠣᠬᠢᠬᠤ ᠶᠢ ᠮᠡᠳᠡᠬᠦ

ᠪᠤᠯᠤᠨ᠎ᠠ᠃ ᠢᠩᠭᠢᠪᠡᠯ ᠠᠩᠬᠢ ᠨᠢᠭᠡᠴᠢ ᠶᠢ ᠨᠡᠩ ᠪᠦᠯᠬᠦᠮᠳᠡᠯ ᠲᠠᠢ᠂ ᠨᠡᠩ ᠨᠢᠭᠲᠠᠷᠠᠯ ᠤᠨ ᠬᠦᠴᠦᠨ ᠲᠠᠢ          

ᠪᠣᠯᠭᠠᠨ᠎ᠠ᠃ ᠠᠩᠭᠢ ᠶᠢᠨ ᠺᠠᠳ᠋ᠷ ᠤᠨ ᠤᠷᠢᠶᠠᠯᠠᠬᠤ ᠬᠦᠴᠦᠨ ᠴᠤ ᠨᠡᠮᠡᠭᠳᠡᠨ᠎ᠡ᠃

      ᠳᠥᠷᠪᠡ᠂ ᠰᠢᠨ᠎ᠡ ᠠᠩᠭᠢ ᠳᠤ ᠠᠩᠭᠢ ᠶᠢᠨ ᠺᠠᠳ᠋ᠷ ᠡᠯᠰᠡᠬᠦ

      ᠬᠥᠮᠥᠨ ᠤ ᠲᠤᠭ᠎ᠠ ᠶᠢ ᠬᠡᠲᠦᠷᠬᠡᠢ ᠣᠯᠠᠨ ᠪᠠᠶᠢᠯᠭᠠᠵᠤ ᠪᠣᠯᠬᠤ ᠦᠭᠡᠢ᠃ ᠲᠡᠳᠡᠨ ᠳᠤ ᠥᠷᠢᠰᠦᠯᠳᠦᠭᠡᠨ ᠤ

ᠠᠭᠤᠷ ᠠᠮᠢᠰᠬᠤᠯ ᠢ ᠪᠣᠢ ᠪᠤᠯᠭᠠᠵᠣ᠂ ᠠᠩᠭᠢ ᠶᠢᠨ ᠺᠠᠳ᠋ᠷ ᠤᠨ ᠣᠷᠣᠨ ᠪᠠᠶᠢᠷᠢ ᠣᠨᠴᠠᠭᠠᠶ ᠴᠢᠬᠤᠯᠠ᠂ ᠬᠡᠨ ᠴᠦ ᠭᠡᠳ

ᠡᠭᠦᠷᠭᠡᠯᠡᠵᠦ ᠳᠡᠶᠢᠯᠬᠦ ᠬᠢᠯᠪᠠᠷ ᠠᠵᠢᠯ ᠪᠢᠰᠢ ᠭᠡᠳᠡᠭ ᠢ ᠮᠡᠳᠡᠭᠦᠯᠬᠦ ᠬᠡᠷᠡᠭᠲᠡᠢ᠃ ᠰᠣᠩᠭᠤᠭᠳᠠᠭᠰᠠᠨ ᠰᠤᠷᠤᠭᠴᠢ ᠶᠢ

ᠭᠦᠢᠴᠡᠳ ᠳᠠᠪᠠᠭᠤᠯᠢᠭ ᠰᠡᠳᠬᠢᠯᠭᠡ ᠲᠠᠢ ᠪᠣᠯᠭᠠᠬᠤ ᠮᠥᠷᠲᠡᠭᠡᠨ ᠰᠣᠩᠭᠤᠭᠳᠠᠭᠰᠠᠨ ᠦᠭᠡᠢ ᠰᠤᠷᠤᠭᠴᠢ ᠶᠢ ᠴᠤ

ᠲᠡᠳᠦᠢ ᠶᠡᠭᠡ ᠭᠤᠲᠤᠷᠠᠩᠭᠤᠢ ᠰᠡᠳᠬᠢᠯᠭᠡ ᠲᠠᠢ ᠪᠣᠯᠭᠠᠬᠤ ᠦᠭᠡᠢ ᠪᠠᠶᠢᠬᠤ ᠶᠢ ᠠᠩᠬᠠᠷᠤᠨ᠎ᠠ᠃ ᠨᠢᠭᠡᠨᠲᠡ ᠪᠠᠶᠢᠭ᠎ᠠ

ᠠᠩᠭᠢ ᠶᠢᠨ ᠺᠠᠳ᠋ᠷᠴᠤᠳ ᠲᠠᠢ ᠪᠠᠨ ᠦᠵᠡᠯ ᠰᠠᠨᠠᠭ᠎ᠠ ᠪᠠᠨ ᠨᠢᠭᠡᠳᠬᠡᠵᠦ᠂ ᠬᠡᠵᠢᠶ᠎ᠡ ᠴᠦ ᠭᠡᠰᠡᠨ ᠠᠳᠠᠯᠢ ᠨᠢᠭᠡᠨ ᠹᠷᠣᠨᠲ

ᠳᠡᠭᠡᠷ᠎ᠡ ᠵᠣᠭᠰᠣᠵᠤ᠂ ᠵᠣᠷᠢᠭᠲᠠᠢ ᠪᠠᠷ ᠬᠠᠨᠳᠤᠵᠤ᠂ ᠵᠣᠷᠢᠭᠲᠠᠢ ᠪᠠᠷ ᠠᠵᠢᠯ ᠢᠶᠠᠨ ᠦᠷᠨᠢᠭᠦᠯᠬᠦ ᠬᠡᠷᠡᠭᠲᠡᠢ ᠭᠡᠳᠡᠭ ᠢ

ᠲᠣᠳᠣᠷᠬᠠᠢ ᠵᠢᠭᠠᠵᠤ ᠥᠭᠬᠦ ᠬᠡᠷᠡᠭᠲᠡᠢ᠃ ᠲᠡᠳᠡ ᠪᠣᠯ ᠬᠠᠮᠢᠶᠠᠷᠤᠭᠴᠢ ᠮᠥᠷᠲᠡᠭᠡᠨ ᠦᠢᠯᠡᠴᠢᠯᠡᠭᠴᠢ᠃ ᠢᠩᠭᠢᠪᠡᠯ ᠰᠠᠶ᠋ᠢ

ᠰᠣᠩᠭᠤᠭᠳᠠᠭᠰᠠᠨ ᠠᠩᠭᠢ ᠶᠢᠨ ᠺᠠᠳ᠋ᠷ ᠢᠶᠠᠨ ᠠᠩᠭᠢ ᠶᠢᠨ ᠺᠠᠳ᠋ᠷ ᠤᠨ ᠡᠩᠨᠡᠭᠡ ᠳᠤ ᠰᠠᠶ᠋ᠢᠬᠠᠨ ᠣᠷᠣᠬᠤ ᠳᠤ ᠲᠣᠳᠣᠷᠬᠠᠢ

ᠬᠠᠷᠠᠯᠲᠠ ᠲᠠᠢ ᠪᠣᠯᠭᠠᠵᠤ ᠴᠢᠳᠠᠨ᠎ᠠ᠃

      ᠬᠡᠪᠡᠴᠦ ᠮᠠᠰᠢ ᠣᠯᠠᠨ ᠪᠠᠭᠰᠢ ᠨᠠᠷ ᠠᠩᠭᠢ ᠶᠢᠨ ᠺᠠᠳ᠋ᠷ ᠢ ᠰᠠᠶ᠋ᠢᠬᠠᠨ ᠲᠤᠰᠢᠶᠠᠯ ᠳᠤ ᠲᠣᠮᠢᠯᠠᠬᠤ ᠰᠡᠳᠬᠢᠴᠡ ᠶᠢ

ᠣᠮᠲᠣᠭᠠᠶᠢᠯᠠᠳᠠᠭ᠃ ᠠᠩᠭᠢ ᠶᠢᠨ ᠺᠠᠳ᠋ᠷ ᠨᠢᠭᠡ ᠪᠦᠷᠢ ᠮᠠᠰᠢ ᠶᠡᠭᠡ ᠳᠠᠪᠠᠭᠤᠯᠢᠭ ᠰᠡᠳᠬᠢᠯᠭᠡ ᠲᠠᠢ ᠲᠤᠯᠠ ᠪᠠᠭᠰᠢ

ᠪᠣᠯᠣᠭᠰᠠᠳ ᠲᠡᠳᠡᠨ ᠳᠤ ᠡᠭᠦᠷᠭᠡ ᠬᠠᠷᠢᠭᠤᠴᠠᠯᠭ᠎ᠠ ᠳᠠᠭᠠᠭᠠᠯᠭᠠᠬᠤ ᠬᠡᠷᠡᠭᠲᠡᠢ᠃ ᠲᠡᠳᠡᠨ ᠳᠤ ᠠᠮᠵᠢᠯᠲᠠ ᠶᠢᠨ ᠪᠠᠶᠠᠷ

ᠪᠠᠭ᠋ᠠᠳᠤᠯ ᠢ ᠣᠶᠢᠯᠠᠭᠠᠭᠤᠯᠵᠤ ᠴᠢᠳᠠᠬᠤ ᠦᠬᠡᠢ ᠣᠮᠲᠣᠭᠠᠶᠢᠯᠠᠪᠠᠯ ᠰᠢᠨ᠎ᠡ ᠠᠩᠭᠢ ᠶᠢᠨ ᠺᠠᠳ᠋ᠷ ᠤᠨ ᠬᠠᠯᠠᠭᠤᠨ

ᠰᠡᠳᠬᠢᠯᠭᠡ ᠶᠢ ᠶᠡᠭᠡ ᠪᠠᠷ ᠨᠥᠯᠥᠭᠡᠯᠡᠨ᠎ᠡ᠃ ᠰᠢᠨ᠎ᠡ ᠠᠩᠭᠢ ᠶᠢᠨ ᠺᠠᠳ᠋ᠷ ᠰᠢᠯᠢᠭᠳᠡᠭᠰᠡᠨ ᠶᠠᠪᠤᠳᠠᠯ ᠨᠢ ᠠᠩᠬᠢ

ᠨᠢᠭᠡᠴᠢ ᠶᠢᠨ ᠺᠠᠳ᠋ᠷ ᠤᠨ ᠡᠩᠨᠡᠭᠡ ᠶᠢ ᠤᠯᠠᠮ ᠠᠴᠠ ᠤᠯᠠᠮ ᠬᠦᠴᠦᠷᠬᠡᠭᠵᠢᠭᠦᠯᠵᠦ᠂ ᠨᠥᠯᠥᠭᠡᠯᠡᠬᠦ ᠬᠡᠪᠴᠢᠶ᠎ᠡ ᠨᠢ ᠴᠦ

ᠤᠯᠠᠮ ᠠᠴᠠ ᠤᠯᠠᠮ ᠶᠡᠭᠡ ᠪᠣᠯᠵᠤ᠂ ᠠᠩᠭᠢ ᠶᠢᠨ ᠬᠠᠮᠲᠤ ᠨᠡᠶᠢᠲᠡ ᠶᠢᠨ ᠦᠵᠡᠯ ᠰᠠᠨᠠᠭ᠎ᠠ ᠶᠢ ᠨᠢᠭᠡᠳᠬᠡᠬᠦ ᠪᠠ ᠪᠣᠶ

ᠪᠦᠬᠦᠢ ᠬᠠᠮᠲᠤ ᠰᠤᠷᠤᠭᠴᠢᠳ ᠲᠠᠢ ᠪᠦᠯᠬᠦᠮᠳᠡᠬᠦ ᠳᠤ ᠨᠠᠩ ᠠᠰᠢᠭᠲᠠᠢ ᠪᠣᠯᠵᠤ᠂ ᠠᠩᠭᠢ ᠶᠢᠨ ᠬᠠᠮᠲᠤ ᠨᠡᠶᠢᠲᠡ ᠶᠢᠨ

ᠪᠣᠳᠠᠲᠤ ᠬᠦᠴᠦᠨ ᠢ ᠳᠠᠶᠢᠴᠢᠯᠠᠨ᠂ ᠨᠠᠩ ᠬᠦᠴᠦᠷᠬᠡᠭ᠂ ᠨᠠᠩ ᠲᠡᠭᠦᠯᠳᠡᠷ ᠪᠣᠯᠭᠠᠵᠤ᠂ ᠰᠣᠷᠣᠭᠴᠢ ᠶᠢᠨ ᠥᠪᠡᠷ ᠢ ᠪᠠᠨ

ᠬᠠᠮᠢᠶᠠᠷᠴᠤ᠂ ᠥᠪᠡᠷ ᠢ ᠪᠠᠨ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠵᠦ᠂ ᠠᠩᠭᠢ ᠶᠢᠨ ᠡᠷᠬᠢᠯᠡᠭᠴᠢ ᠶᠢᠨ ᠠᠵᠢᠯ ᠤᠨ

ᠳᠠᠷᠤᠭᠠᠰᠣ ᠶᠢ ᠶᠡᠭᠡ ᠪᠠᠷ ᠪᠠᠭᠠᠰᠬᠠᠵᠤ᠂ ᠡᠶ᠎ᠡ ᠵᠣᠬᠢᠴᠠᠯ ᠲᠠᠢ ᠠᠩᠭᠢ ᠶᠢᠨ ᠬᠠᠮᠲᠤ ᠨᠡᠶᠢᠲᠡ ᠶᠢ ᠪᠠᠶᠢᠭᠤᠯᠬᠤ ᠳᠤ

ᠳᠤᠲᠠᠭᠳᠠᠵᠤ ᠪᠣᠯᠣᠰᠢ ᠦᠭᠡᠢ ᠨᠥᠬᠦᠴᠡᠯ ᠢ ᠪᠦᠷᠢᠯᠳᠦᠭᠦᠯᠵᠦ ᠥᠭᠬᠦ ᠪᠣᠯᠣᠨ᠎ᠠ᠃

      ᠠᠵᠢᠯᠯᠠᠵᠤ ᠪᠠᠶᠢᠭ᠎ᠠ ᠪᠠᠶᠢᠭᠤᠯᠭ᠎ᠠ᠄ ᠬᠡᠰᠢᠭᠲᠡᠨ ᠬᠤᠰᠢᠭᠤᠨ ᠤ

               ᠪᠠᠶᠠᠩᠭᠤᠤᠯ ᠪᠠᠭ᠎ᠠ ᠰᠤᠷᠭᠠᠭᠤᠯᠢ

               ︵ᠠᠯᠳᠠᠨᠰᠦ᠋ᠭᠡ ᠨᠠᠶᠢᠷᠠᠭᠤᠯᠪᠠ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map