ᠪᠦᠬᠦ ᠣᠷᠣᠨ ᠤ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠳᠤ ᠢᠯᠡᠭᠡᠭᠰᠡᠨ ᠲᠣᠬᠤᠨᠢᠭᠤᠯᠬᠤ ᠵᠠᠬᠢᠳᠠᠯ
ᠨᠡᠶᠢᠲᠡᠯᠡᠭᠰᠡᠨ ᠴᠠᠭ᠄
2024/9/10

1.jpg

ᠪᠦᠬᠦ ᠣᠷᠣᠨ ᠤ ᠬᠦᠨᠳᠦᠲᠦ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠨ ᠳᠤ᠄

      40 ᠳᠠᠬᠢ ᠪᠠᠭᠰᠢ ᠶᠢᠨ ᠪᠠᠶᠠᠷ ᠤᠨ ᠡᠳᠦᠷ ᠬᠦᠷᠴᠦ ᠢᠡᠷᠡᠬᠦ ᠳᠠᠰᠢᠷᠠᠮ ᠢᠶᠠᠷ᠂ ᠰᠤᠷᠭᠠᠨ ᠬᠥᠮᠥᠵᠢᠯ ᠤᠨ

ᠹᠷᠣᠨᠲ ᠳᠤ ᠰᠢᠷᠭᠠᠭᠤ ᠬᠠᠲᠠᠭᠤᠵᠢᠯᠲᠠᠢ ᠭᠠᠷᠮᠠᠭᠠᠶᠢᠯᠠᠵᠤ ᠪᠠᠶᠢᠭ᠎ᠠ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ

ᠠᠵᠢᠯᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠦ ᠪᠠᠶᠢᠨ᠎ᠠ︕

      ᠤᠷᠲᠤ ᠬᠤᠭᠤᠴᠠᠭᠠᠨ ᠤ ᠲᠤᠷᠰᠢ᠂ ᠪᠦᠬᠦ ᠣᠷᠣᠨ ᠤ ᠥᠷᠭᠡᠨ ᠣᠯᠠᠨ ᠪᠠᠭᠰᠢ ᠪᠣᠯᠤᠨ ᠰᠤᠷᠭᠠᠨ

ᠬᠥᠮᠦᠵᠢᠯ ᠤᠨ ᠠᠵᠢᠯᠲᠠᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂

ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂

ᠢᠮᠠᠭᠲᠠ ᠴᠠᠭ ᠦᠶ᠎ᠡ ᠳᠤ ᠬᠤᠰᠢᠭᠤᠷᠠᠵᠤ᠂ ᠮᠡᠳᠡᠯᠭᠡ ᠳᠤ ᠴᠠᠭᠠᠷᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠮᠡᠷᠭᠡᠵᠢᠯ᠂

ᠰᠢᠨ᠎ᠡ ᠠᠷᠭ᠎ᠠ ᠶᠢ ᠰᠢᠩᠭᠡᠭᠡᠨ ᠠᠪᠴᠤ᠂ ᠴᠠᠭ ᠦᠶ᠎ᠡ ᠶᠢ ᠢᠳᠡᠪᠬᠢᠲᠡᠢ ᠴᠤᠤᠷᠢᠶᠠᠳᠤᠨ ᠲᠠᠭᠠᠵᠤ᠂ ᠰᠤᠷᠤᠭᠴᠢᠳ ᠢ

ᠢᠷᠡᠭᠡᠳᠦᠢ ᠵᠦᠭ ᠬᠥᠲᠦᠯᠦᠨ᠂ ᠡᠬᠡ ᠤᠯᠤᠰ ᠤᠨ ᠰᠤᠷᠭᠠᠨ ᠬᠥᠮᠥᠵᠢᠯ ᠤᠨ ᠦᠢᠯᠡᠰ ᠲᠤ ᠬᠤᠪᠢ ᠨᠡᠮᠡᠷᠢ

ᠦᠵᠡᠭᠦᠯᠪᠡ︔ ᠢᠮᠠᠭᠲᠠ ︽ᠬᠠᠷᠠᠮ ᠦᠭᠡᠢ ᠵᠣᠷᠢᠭᠤᠯᠵᠤ᠂ ᠬᠠᠷᠢᠭᠤ ᠬᠦᠰᠡᠬᠦ ᠦᠭᠡᠢ︾ ᠵᠣᠷᠢᠭ ᠰᠠᠨᠠᠭ᠎ᠠ ᠶᠢ

ᠪᠠᠷᠢᠮᠲᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠤᠷᠤᠭᠴᠢᠳ ᠤᠨ

ᠵᠠᠩ ᠰᠤᠷᠲᠠᠯ᠂ ᠵᠠᠩ ᠠᠷᠠᠨᠰᠢᠨ᠂ ᠵᠠᠩ ᠴᠢᠨᠠᠷ ᠢ ᠱᠤᠭᠤᠬᠤ ︽ᠶᠡᠭᠡ ᠪᠠᠭᠰᠢ︾ ᠪᠣᠯᠪᠠ︔ ᠢᠮᠠᠭᠲᠠ ᠥᠪᠡᠷ ᠤᠨ

ᠬᠠᠶᠢᠷ᠎ᠠ ᠬᠠᠯᠠᠮᠵᠢ ᠪᠠ ᠬᠠᠶᠢᠷ᠎ᠠ ᠰᠡᠳᠬᠢᠯᠭᠡ ᠶᠢ ᠰᠤᠷᠤᠭᠴᠢ ᠳᠤ ᠪᠠᠨ ᠲᠥᠪᠯᠡᠷᠡᠭᠦᠯᠵᠦ᠂ ᠦᠭᠡ ᠳᠠᠭᠤᠨ ᠦᠭᠡᠢ

ᠴᠢᠷᠮᠠᠶᠢᠨ᠂ ᠬᠠᠷᠠᠮ ᠦᠭᠡᠢ ᠵᠣᠷᠢᠭᠤᠯᠵᠤ᠂ ᠡᠨᠡᠷᠢᠩᠭᠦᠢ ᠰᠡᠳᠬᠢᠯ ᠢᠶᠠᠷ ᠰᠤᠷᠤᠭᠴᠢᠳ ᠢᠳᠡᠷᠡᠭᠦᠨ ᠥᠰᠦᠨ

ᠪᠣᠶᠢᠵᠢᠬᠤ ᠶᠢ ᠰᠠᠬᠢᠨ ᠬᠠᠮᠠᠭᠠᠯᠠᠪᠠ᠃ ᠲᠠ ᠨᠠᠷ ᠡᠭᠡᠯ ᠵᠢᠷ ᠤᠨ ᠠᠵᠢᠯ ᠤᠨ ᠪᠠᠶᠢᠷᠢ ᠠᠴᠠ ᠨᠡᠶᠢᠭᠡᠮ ᠳᠤ ᠨᠢᠭᠡ ᠪᠦᠯᠦᠭ

ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ

ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠪᠠ᠃ 2024 ᠣᠨ ᠳᠤ ᠥᠪᠡᠷᠲᠡᠭᠡᠨ

ᠵᠠᠰᠠᠬᠤ ᠣᠷᠣᠨ ᠤ 1 ᠪᠠᠭᠰᠢ ᠪᠦᠬᠦ ᠤᠯᠤᠰ ᠤᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠦᠯᠢᠭᠡᠷ

ᠳᠠᠭᠤᠷᠢᠶᠠᠯ ᠢᠶᠠᠷ ᠰᠣᠩᠭᠤᠭᠳᠠᠵᠤ᠂ 13 ᠬᠠᠮᠲᠤ ᠨᠡᠶᠢᠲᠡ᠂ 44 ᠪᠠᠭᠰᠢ ᠪᠦᠬᠦ ᠤᠯᠤᠰ ᠤᠨ ᠰᠤᠷᠭᠠᠨ ᠬᠥᠮᠦᠵᠢᠯ ᠤᠨ

ᠰᠢᠰᠲ᠋ᠧᠮ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ ᠬᠦᠷᠲᠡᠵᠡᠢ᠃ ᠡᠳᠡᠭᠡᠷ

ᠠᠮᠵᠢᠯᠲᠠ ᠪᠦᠲᠦᠮᠵᠢ ᠨᠢ ᠪᠠᠭᠰᠢ ᠨᠠᠷ ᠤᠨ ︽ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ

ᠴᠢᠳᠠᠪᠤᠷᠢᠲᠠᠨ ᠬᠥᠮᠦᠵᠢᠭᠦᠯᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠰᠤᠷᠭᠠᠨ

ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠬᠦ ᠳᠦᠷᠰᠦ ᠪᠠᠶᠢᠳᠠᠯ ᠵᠠᠩ ᠴᠢᠨᠠᠷ ᠢ

ᠭᠦᠢᠴᠡᠳ ᠢᠯᠡᠷᠡᠭᠦᠯᠦᠭᠰᠡᠨ ᠪᠣᠯᠬᠤᠷ ᠣᠯᠠᠨ ᠳᠤ ᠲᠠᠭᠠᠰᠢᠶᠠᠭᠳᠠᠬᠤ ᠨᠢ ᠳᠠᠮᠵᠢᠭ ᠦᠭᠡᠢ︕

      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ᠂

ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ

ᠮᠥᠨ᠃ ᠣᠶᠢᠷ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂

ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠢᠨ᠎ᠡ

ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠳᠤᠰᠬᠠᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠴᠢᠩᠭᠠᠳᠬᠠᠬᠤ ᠰᠠᠨᠠᠯ︾ ᠢ ᠨᠡᠶᠢᠲᠡᠯᠡᠵᠦ᠂ ᠰᠢᠨ᠎ᠡ ᠴᠠᠭ ᠦᠶ᠎ᠡ᠂ ᠰᠢᠨ᠎ᠡ ᠠᠶᠠᠯᠠᠯ ᠳᠤ ᠪᠠᠭᠰᠢ ᠶᠢᠨ ᠠᠵᠢᠯ ᠢ

ᠰᠠᠶᠢᠲᠤᠷ ᠬᠢᠬᠦ ᠲᠤᠬᠠᠢ ᠰᠢᠰᠲ᠋ᠧᠮᠲᠡᠢ ᠪᠠᠶᠢᠷᠢᠯᠠᠭᠤᠯᠪᠠ᠃ ᠪᠦᠬᠦ ᠣᠷᠣᠨ ᠤ ᠥᠷᠭᠡᠨ ᠣᠯᠠᠨ ᠪᠠᠭᠰᠢ ᠪᠣᠯᠤᠨ

ᠰᠤᠷᠭᠠᠨ ᠬᠥᠮᠦᠵᠢᠯ ᠤᠨ ᠠᠵᠢᠯᠲᠠᠨ ᠶᠡᠷᠦᠩᠬᠡᠢ ᠱᠦᠵᠢ ᠰᠢ  ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ

ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠲᠥᠯᠥᠭᠡ ᠬᠥᠮᠦᠨ

ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ

ᠢᠮᠠᠭᠲᠠ ᠪᠠᠲᠤ ᠴᠡᠭᠡᠵᠢᠯᠡᠵᠦ᠂ ︽ᠰᠤᠷᠭᠠᠨ ᠬᠥᠮᠦᠵᠢᠯ ᠤᠨ ᠲᠠᠪᠴᠠᠩ ᠳᠤ ᠬᠢᠴᠢᠶᠡᠩᠭᠦᠶᠢᠯᠡᠵᠦ᠂ ᠤᠯᠤᠰ ᠢᠶᠠᠨ

ᠬᠦᠴᠦᠷᠬᠡᠭᠵᠢᠭᠦᠯᠬᠦ ᠳᠤ ᠪᠢ ᠪᠣᠢ︾ ᠭᠡᠬᠦ ᠵᠣᠷᠢᠯᠲᠠ ᠪᠠ ᠬᠦᠰᠡᠯ ᠢ ᠡᠪᠦᠷᠯᠡᠵᠦ᠂ ᠪᠠᠭᠰᠢ ᠶᠢᠨ ᠮᠤᠷᠠᠯ ᠤᠷᠠᠨ ᠳᠠᠷᠬᠠᠨ

 ᠤ ᠰᠡᠳᠬᠢᠯ ᠢ ᠬᠠᠳᠠᠭᠠᠯᠠᠨ᠂ ᠬᠥᠮᠦᠨ ᠬᠥᠮᠦᠵᠢᠭᠦᠯᠬᠦ ᠣᠶᠤᠨ ᠤᠬᠠᠭᠠᠨ ᠢ ᠤᠯᠠᠮᠵᠢᠯᠠᠵᠤ᠂ ᠡᠷᠳᠡᠮ ᠴᠢᠳᠠᠪᠤᠷᠢ ᠳᠤ

ᠴᠠᠭᠠᠷᠠᠬᠤ ᠪᠠᠷ ᠳᠠᠪᠲᠠᠨ ᠪᠣᠯᠪᠠᠰᠤᠷᠠᠵᠤ᠂ ᠡᠨᠡᠷᠢᠩᠭᠦᠢ ᠰᠡᠳᠬᠢᠯ ᠢ ᠢᠮᠠᠭᠲᠠ ᠡᠪᠦᠷᠯᠡᠵᠦ᠂ ᠦᠨᠡᠨ ᠢ ᠪᠠᠷᠢᠮᠲᠠᠯᠠᠨ

ᠡᠷᠳᠡᠮ ᠬᠥᠭᠡᠭᠡᠴᠡᠯᠳᠦᠵᠦ᠂ ᠨᠢᠭᠡ ᠰᠡᠳᠬᠢᠯ ᠢᠶᠠᠷ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂

ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ

ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠥᠪᠡᠷᠲᠡᠭᠡᠨ ᠵᠠᠰᠠᠬᠤ ᠣᠷᠣᠨ  ᠤ ᠰᠤᠷᠭᠠᠨ

ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ᠃

      ᠠᠷᠠᠳ ᠤᠨ ᠪᠠᠭᠰᠢ ᠶᠢᠨ ᠠᠯᠳᠠᠷ ᠭᠠᠪᠢᠶ᠎ᠠ᠂ ᠥᠩᠭᠡ ᠭᠡᠷᠡᠯ ᠳᠥᠷᠪᠡᠨ ᠵᠦᠭ ᠨᠠᠢᠮᠠᠨ ᠵᠣᠪᠬᠢᠰ ᠢ

ᠬᠡᠷᠡᠯᠲᠦᠭᠦᠯᠦᠨᠡᠮ᠃ ᠪᠦᠬᠦ ᠣᠷᠣᠨ ᠤ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠠᠶᠠᠷ ᠤᠨ

ᠡᠳᠦᠷ ᠪᠠᠶᠠᠷ ᠬᠦᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠢ᠂ ᠭᠡᠷ

ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠬᠦᠰᠡᠨ ᠢᠷᠥᠭᠡᠶ᠎ᠡ︕

   

      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ

      ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

      2024 ᠣᠨ ᠤ 9 ᠰᠠᠷ᠎ᠠ ᠶᠢᠨ 10 ᠤ ᠡᠳᠦᠷ

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map