ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ | ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ 9 ᠤ ᠡᠳᠦᠷ ᠠᠴᠠ 10 ᠤ ᠡᠳᠦᠷ ᠪᠣᠯᠲᠠᠯ᠎ᠠ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ | ᠪᠦᠭᠡᠳ ᠴᠢᠬᠤᠯᠠ ᠶᠠᠷᠢᠶ᠎ᠠ ᠲᠠᠯᠪᠢᠪᠠ᠃ 9 ᠳ᠋ᠦ᠋ᠭᠡᠷ ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ | ᠳᠦᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠂ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ | ᠠᠴᠠ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ | ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠦᠩᠨᠡᠯ ᠳᠡᠪᠰᠢᠭᠦᠯᠵᠡᠢ᠃ ᠲᠡᠷᠡ᠂ ᠪᠠᠭᠰᠢ ᠶᠢ ᠬᠦᠨᠳᠦᠯᠡᠵᠦ | ᠰᠤᠷᠭᠠᠨ ᠬᠥᠮᠦᠵᠢᠯ ᠢ ᠴᠢᠬᠤᠯᠠᠴᠢᠯᠠᠬᠤ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠃ | ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠲᠤᠬᠠᠶᠢᠯᠠᠭᠰᠠᠨ ᠠᠵᠢᠯ ᠤᠨ | ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠶᠢᠨ ᠪᠠᠭᠰᠢᠯᠠᠭᠰᠠᠨ ᠣᠨ ᠤ ᠨᠡᠮᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠠᠯᠢᠩ ᠬᠥᠯᠥᠰᠦ ᠶᠢᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠪᠠᠭᠰᠢ ᠶᠢᠨ ᠲᠤᠬᠠᠶᠢᠯᠠᠭᠰᠠᠨ ᠠᠵᠢᠯ ᠤᠨ ᠨᠡᠷ᠎ᠡ ᠬᠦᠨᠳᠦ ᠪᠠ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠤᠰᠤ | ᠡᠭᠦᠷᠭᠡ ᠶᠢᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ ᠢᠷᠠᠭᠤ ᠠᠯᠳᠠᠷᠲᠠᠢ ᠪᠠᠷ ᠠᠵᠢᠯ ᠠᠴᠠ ᠪᠠᠨ ᠪᠠᠭᠤᠵᠤ | ᠠᠮᠠᠷᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠯᠢᠳᠡᠭ ᠪᠠᠭᠰᠢ ᠶᠢ ᠰᠣᠩᠭᠤᠨ ᠲᠡᠷᠢᠭᠦᠨ ᠤ ᠨᠡᠶᠢᠲᠡᠯᠢᠭ | ᠵᠢᠱᠢᠶ᠎ᠡ ᠪᠠᠷ ᠬᠥᠬᠢᠭᠦᠯᠬᠦ ᠪᠠ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠭᠰᠢ ᠨᠠᠷ ᠲᠤ | ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠶᠢ ᠬᠦᠷᠲᠡᠭᠡᠯᠭᠡᠵᠦ᠂ ᠨᠡᠶᠢᠭᠡᠮ ᠤᠨ ᠬᠢᠨ ᠳᠤ ᠬᠠᠮᠤᠭ ᠠᠴᠠ ᠢᠯᠡᠭᠦᠦ | ᠬᠦᠨᠳᠦᠳᠬᠡᠭᠳᠡᠬᠦ ᠲᠤᠬᠠᠶᠢᠯᠠᠭᠰᠠᠨ ᠠᠵᠢᠯ ᠤᠨ ᠨᠢᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | |