ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ | ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ | ᠮᠡᠨᠳᠦᠴᠢᠯᠡᠯ ᠬᠦᠷᠭᠡᠪᠡ | ᠯᠢ ᠴᠢᠶᠠᠩ ᠬᠤᠷᠠᠯ ᠢ ᠡᠷᠭᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠵᠤ ᠳ᠋ᠢᠩ | ᠰᠢᠤᠸᠠᠢ ᠰᠢᠶᠠᠩ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 10 ᠤ ᠴᠠᠭᠢᠯᠭᠠᠨ ᠮᠡᠳᠡᠭᠡ ᠪᠦᠭᠦ ᠤᠯᠤᠰ ᠤᠨ | ᠰᠤᠷᠭᠠᠨ ᠬᠥᠮᠦᠵᠢᠯ ᠤᠨ ᠶᠡᠭᠡ ᠬᠤᠷᠠᠯ 9 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠲᠡᠷᠡ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠪᠣᠯ ᠣᠶᠢᠷ᠎ᠠ | ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠰᠠᠶᠢᠨ ᠰᠠᠶᠢᠬᠠᠨ | ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠶᠢᠨ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ | ᠮᠥᠨ᠂ ᠡᠷᠬᠡᠪᠰᠢ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | 9 ᠰᠠᠷ᠎ᠠ ᠶᠢᠨ 9 ᠠᠴᠠ 10 ᠤ ᠡᠳᠦᠷ ᠪᠤᠯᠲᠠᠯ᠎ᠠ᠂ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ | ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ | ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ | ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | | | | 9 ᠰᠠᠷ᠎ᠠ ᠶᠢᠨ 9 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ | ᠼᠠᠢ ᠴᠢ᠂ ᠳ᠋ᠢᠩ ᠰᠢᠤᠸᠠᠢ ᠰᠢᠶᠠᠩ ᠪᠡᠭᠡᠵᠢᠩ ᠳᠤ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠭᠦ | ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ | ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠤᠯᠴᠠᠬᠤ ᠲᠥᠯᠥᠭᠡᠯᠡᠭᠴᠢᠳ ᠢ ᠭᠥᠯᠢᠶᠡᠨ ᠠᠪᠴᠤ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | | 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠥᠴᠢᠳᠡᠬᠢ ᠪᠠᠭᠰᠢ ᠶᠢᠨ ᠪᠠᠶᠠᠷ ᠤᠨ ᠡᠳᠦᠷ | ᠪᠣᠯᠣᠨ᠎ᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ | ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ | ᠮᠡᠨᠳᠦᠴᠢᠯᠡᠯ ᠬᠦᠷᠭᠡᠪᠡ᠃ | ᠯᠢ ᠴᠢᠶᠠᠩ ᠬᠤᠷᠠᠯ ᠢ ᠡᠷᠭᠢᠯᠡᠵᠡᠢ᠃ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠬᠤᠷᠠᠯ ᠳᠤ | ᠣᠷᠣᠯᠴᠠᠪᠠ᠃ ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠰᠢ ᠶᠢᠨ ᠫᠢᠩ ᠶᠠᠷᠢᠶᠠᠨ ᠳᠠᠭᠠᠨ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ | ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠠᠶᠢᠭᠤᠯᠤᠨ ᠪᠦᠲᠦᠭᠡᠬᠦ ᠲᠡᠮᠡᠴᠡᠬᠦ ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠠᠵᠢᠯ ᠳᠠᠬᠢ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠪᠠᠶᠢᠷᠢᠰᠢᠯ ᠤᠨ ᠴᠢᠨᠠᠷᠲᠠᠢ | ᠬᠤᠪᠢᠷᠠᠯᠲᠠ ᠭᠠᠷᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠡᠨ ᠤ ᠪᠠᠶᠢᠭᠤᠯᠤᠨ ᠪᠦᠲᠦᠭᠡᠬᠦ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ | ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ | ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ | ᠳᠡᠯᠡᠬᠡᠢ ᠳᠠᠬᠢ ᠨᠥᠯᠥᠭᠡᠯᠡᠬᠦ ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠᠯ ᠵᠣᠬᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ | ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠣᠯᠣᠨ᠎ᠠ᠂ ᠪᠢᠳᠠ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ | ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ | ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠭᠤᠣᠯᠳᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ | ᠴᠢᠭᠯᠡᠯ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠤᠯᠤᠰ ᠤᠨ ᠪᠠᠶᠢᠯᠳᠤᠬᠤ | ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢ | ᠰᠤᠷᠤᠯᠴᠠᠬᠤ ᠪᠠ ᠪᠦᠭᠦ ᠲᠠᠯ᠎ᠠ ᠪᠠᠷ ᠬᠥᠭᠵᠢᠭᠦᠯᠬᠦ᠂ ᠴᠢᠳᠠᠪᠤᠷᠢᠲᠠᠨ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ | ᠬᠠᠩᠭᠠᠬᠤ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ | ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢᠳᠠᠬᠤ ᠵᠡᠷᠭᠡ ᠴᠢᠬᠤᠯᠠ | ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠬᠦ | ᠬᠡᠷᠡᠭᠲᠡᠢ᠃ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ | ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠵᠠᠯᠠᠭᠤ ᠥᠰᠪᠦᠷᠢ ᠶᠢᠨ ᠰᠤᠷᠤᠬᠴᠢᠳ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠢᠲᠡᠭᠡᠯ ᠵᠣᠷᠢᠭ ᠢ ᠨᠢ ᠪᠠᠲᠤᠳᠬᠠᠵᠤ᠂ ᠡᠬᠡ ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ | ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠶ ᠪᠤᠯᠭᠠᠵᠤ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ | ᠡᠭᠦᠷᠭᠡᠯᠡᠬᠦ ᠲᠡᠮᠡᠴᠡᠭᠴᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢᠨ | ᠠᠮᠵᠢᠯᠲᠠ ᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ ᠪᠠᠶᠠᠯᠢᠭ ᠤᠨ | ᠬᠥᠮᠥᠨ ᠢ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ | ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠳᠠ ᠦᠭᠡᠢ | ᠥᠷᠭᠡᠳᠬᠡᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ | ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠪᠠᠷ ᠬᠥᠲᠥᠯᠥᠮᠵᠢ ᠪᠤᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠠᠴᠠ ᠭᠠᠷᠳᠠᠵᠤ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ | ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠂ ᠰᠠᠭᠤᠷᠢ ᠰᠢᠨᠵᠢᠯᠡᠭᠡᠨ᠂ ᠰᠢᠨ᠎ᠡ ᠪᠠᠷ ᠪᠤᠶ ᠪᠣᠯᠤᠭᠰᠠᠨ ᠰᠢᠨᠵᠢᠯᠡᠭᠡᠨ᠂ | ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠣᠷᠦ᠋ᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠬᠤ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ᠃ ᠠᠵᠢᠯ ᠮᠡᠷᠭᠡᠵᠢᠯ ᠪᠠ ᠡᠩ ᠤᠨ ᠬᠢ ᠠᠭᠤᠰᠤᠯᠴᠠᠭᠰᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ | ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠣᠮᠣ ᠤᠯᠤᠰ ᠤᠨ | ᠤᠷᠠᠨ ᠳᠠᠷᠬᠠᠨ᠂ ᠤᠷᠠᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠪᠣᠯᠬᠤᠶᠢᠴᠠ ᠴᠢᠨᠠᠷ᠂ ᠳᠥᠭᠦᠮ | ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ | ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠶᠢ | ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠭᠢ᠂ ᠪᠦᠯᠦᠭ ᠴᠣᠭᠴᠠ ᠶᠢᠨ | ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ | ᠬᠡᠷᠡᠭᠲᠡᠢ᠃ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠬᠦᠷᠲᠡᠭᠡᠬᠦ ᠬᠡᠪᠴᠢᠶ᠎ᠡ ᠶᠢ | ᠥᠷᠭᠡᠳᠬᠡᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ | ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢ ᠬᠥᠮᠥᠵᠢᠭᠦᠯᠦᠨ ᠪᠤᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ | ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ | ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ | ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠥᠯᠥᠰᠦ ᠣᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠨ᠂ ᠪᠠᠭᠰᠢ ᠶᠢᠨ ᠠᠵᠢᠯ ᠮᠡᠷᠭᠡᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠪᠠᠭᠰᠢ ᠳᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠳᠤ ᠬᠠᠮᠤᠭ ᠠᠴᠠ | ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ | ︽ᠣᠷᠣᠭᠤᠯᠤᠨ ᠠᠪᠴᠢᠷᠠᠬᠤ︾ ᠪᠠ ︽ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ | ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ | ᠬᠡᠯᠡᠬᠦ ᠡᠷᠬᠡ ᠶᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ | ᠰᠣᠯᠢᠯᠴᠠᠭ᠎ᠠ ᠪᠣᠯᠣᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ | ᠥᠷᠭᠡᠳᠬᠡᠵᠦ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ | ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ | ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ | ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠠᠴᠠ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠣᠯᠣᠭᠰᠠᠨ ᠲᠡᠦᠬᠡᠲᠦ ᠴᠢᠨᠠᠷᠲᠠᠢ | ᠠᠮᠵᠢᠯᠲᠠ ᠪᠦᠲᠦᠮᠵᠢ᠂ ᠡᠭᠦᠰᠦᠭᠰᠡᠨ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠶᠢ ᠪᠦᠭᠦ ᠲᠠᠯ᠎ᠠ ᠪᠠᠷ ᠳ᠋ᠦᠩᠨᠡᠵᠦ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠣᠨ ᠦᠨᠳᠦᠰᠦᠨ | ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠳᠤ ᠰᠠᠶᠢᠲᠤᠷ ᠰᠢᠢᠳᠪᠦᠷᠢᠯᠡᠬᠦ ᠬᠡᠷᠡᠭᠲᠡᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠴᠢᠬᠤᠯᠠ ᠶᠡᠭᠡ ᠠᠷᠭ᠎ᠠ ᠬᠡᠮᠵᠢᠶ᠎ᠡ ᠶᠢ | ᠰᠢᠰᠲ᠋ᠧᠮ ᠲᠠᠢ ᠪᠠᠶᠢᠷᠢᠯᠠᠭᠤᠯᠪᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ | ᠪᠡᠷᠡᠯᠡᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ | ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ | ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ ᠠᠵᠢᠯ ᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ | ᠲᠤᠯᠭᠤᠷ ᠪᠢᠴᠢᠭ ᠪᠣᠯᠣᠨ᠎ᠠ᠂ ᠡᠨᠡ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ | ᠪᠠᠶᠢᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ᠂ ᠪᠣᠳᠠᠲᠠᠢ ᠶᠢ ᠡᠷᠬᠢᠮᠯᠡᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠤᠷᠭᠠᠨ | ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ | ᠴᠢᠨᠠᠷ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ | ᠰᠦᠨᠡᠰᠦ ᠶᠢ ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ | ᠬᠥᠮᠥᠨ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠢ ᠰᠠᠶᠢᠲᠤᠷ | ᠪᠤᠯᠪᠠᠰᠤᠷᠠᠭᠤᠯᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠷᠦ᠋ᠢᠯᠠᠭᠰᠠᠨ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠴᠢᠬᠤᠯᠠ ᠴᠢᠳᠠᠮᠵᠢ ᠶᠢ ᠰᠠᠶᠢᠲᠤᠷ ᠪᠠᠳᠠᠷᠠᠭᠤᠯᠬᠤ | ᠬᠡᠷᠡᠭᠲᠡᠢ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠠᠷᠠᠳ | ᠣᠯᠠᠨ ᠤ ᠰᠤᠷᠭᠠᠨ ᠬᠥᠮᠦᠵᠢᠯ ᠤᠨ ᠲᠤᠬᠠᠢ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠢᠴᠢᠭ | ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠷᠲᠡᠭᠡᠮᠵᠢ ᠣᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠰᠠᠭᠤᠷᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠨᠡᠭᠡᠭᠡᠯᠲᠡ ᠶᠢ | ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠪᠠᠶᠢᠭᠤᠯᠤᠯ ᠲᠣᠭᠲᠠᠴᠠ ᠶᠢ | ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠠᠭᠠᠨ | ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ | ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠯᠢᠶᠣᠤᠨᠢᠩ ᠮᠤᠵᠢ᠂ | ᠱᠠᠩᠬᠠᠢ ᠬᠤᠲᠠ᠂ ᠬᠤᠪᠧᠢ ᠮᠤᠵᠢ᠂ ᠭᠦᠢᠵᠧᠦ ᠮᠤᠵᠢ᠂ ᠳᠤᠮᠳᠠᠳᠤ ᠤᠯᠤᠰ ᠤᠨ ᠡᠯᠧᠺᠲᠷᠣᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ | ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠳᠥᠴᠢᠳᠡᠬᠢ ᠪᠠᠭᠰᠢ ᠶᠢᠨ ᠪᠠᠶᠠᠷ ᠢ | ᠪᠡᠯᠭᠡᠯᠡᠬᠦ ᠵᠢᠴᠢ ᠪᠦᠭᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ | ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠬᠰᠠᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ᠂ ᠲᠥᠯᠥᠭᠡᠯᠡᠭᠴᠢᠳ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠤᠯᠠᠨ ᠲᠠᠢ | ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠪᠠ᠃ ᠲᠥᠪ ᠤᠨ ᠰᠤᠷᠭᠠᠨ | ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ | ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ | ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ | ᠪᠠᠶᠢᠭ᠎ᠠ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ | | | |