ᠮᠠᠨ ᠤ ᠣᠷᠣᠨ ᠤ ᠣᠷᠣᠯᠴᠠᠭᠴᠢ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ ᠳᠤ ᠣᠷᠣᠯᠴᠠᠵᠤ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 12 - 13 ᠤ ᠡᠳᠦᠷ᠂ ᠪᠦᠬᠦ ᠠᠷᠠᠳ ᠤᠨ ᠠᠮᠤᠷ ᠲᠦᠪᠰᠢᠨ ᠤ ᠢᠯᠡ ᠬᠢᠴᠢᠶᠡᠯ ᠵᠢᠴᠢ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠬᠤᠪᠧᠢ ᠮᠤᠵᠢ ᠶᠢᠨ ᠦᠬᠠᠨ ᠬᠤᠲᠠ ᠳᠤ ᠶᠠᠪᠤᠭᠳᠠᠭᠤᠯᠪᠠ᠃ ᠪᠦᠬᠦ ᠤᠯᠤᠰ  ᠤᠨ ᠡᠯ᠎ᠡ ᠭᠠᠵᠠᠷ ᠠᠴᠠ ᠢᠷᠡᠭᠰᠡᠨ 50 ᠣᠷᠣᠯᠴᠠᠭᠴᠢ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠠᠶᠤᠯ ᠦᠭᠡᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠮᠡᠳᠡᠯᠭᠡ ᠶᠢᠨ ᠲᠤᠬᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ ᠮᠥᠷᠦᠶᠢᠴᠡᠪᠡ᠃   

1.webp.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠠᠨᠢᠯᠴᠠᠭᠤᠯᠤᠭᠰᠠᠨ

ᠤᠷᠤᠯᠳᠤᠭᠠᠨ ᠳᠤ ᠣᠷᠣᠯᠴᠠᠭᠴᠢ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠶᠠ ᡁᠢ

ᠾᠦᠢ ᠮᠠᠨ ᠤ ᠣᠷᠣᠨ ᠢ ᠲᠥᠯᠥᠭᠡᠯᠡᠨ ᠤᠷᠤᠯᠳᠤᠭᠠᠨ ᠳᠤ ᠣᠷᠣᠯᠴᠠᠵᠤ᠂ ᠬᠤᠷᠴᠠ ᠰᠢᠷᠦᠭᠦᠨ ᠮᠥᠷᠦᠶᠢᠴᠡᠭᠡᠨ ᠢᠶᠠᠷ

ᠳᠠᠮᠵᠢᠨ᠂ ᠵᠢᠶᠠ ᡁᠢ ᠾᠦᠢ ᠬᠠᠮᠤᠭ ᠤᠨ ᠡᠴᠦᠰ ᠲᠤ ᠰᠢᠯᠢᠳᠡᠭ ᠢᠯᠡᠷᠡᠯ ᠢᠶᠠᠷ ᠳᠥᠷᠪᠡᠳᠦᠭᠡᠷ ᠬᠤᠭᠤᠴᠠᠭᠠᠨ ᠤ

ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ

ᠤᠷᠤᠯᠳᠤᠭᠠᠨ ᠤ ᠰᠢᠯᠢᠳᠡᠭ ᠲᠠᠶᠢᠯᠪᠤᠷᠢᠯᠠᠭᠴᠢ ᠶᠢᠨ ᠢᠷᠠᠭᠤ ᠠᠯᠳᠠᠷ ᠢ ᠬᠦᠷᠲᠡᠪᠡ᠃

   

2.webp.png

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠤᠷᠭᠠᠨ

ᠬᠥᠮᠦᠵᠢᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ

ᠦᠷᠭᠦᠯᠵᠢᠯᠡᠨ ᠠᠬᠢᠭᠤᠯᠵᠤ᠂ ᠨᠡᠩ ᠣᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠭᠴᠢ ᠶᠢ

ᠬᠥᠮᠦᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷᠯᠢᠭ ᠤᠬᠠᠭᠤᠯᠭ᠎ᠠ

ᠬᠥᠮᠦᠵᠢᠯ ᠤᠨ ᠬᠦᠴᠦᠨ  ᠢ ᠴᠢᠷᠮᠠᠶᠢᠨ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ ᠶᠢᠨ

ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠷᠭ᠎ᠠ ᠵᠠᠮ ᠢ ᠥᠷᠭᠡᠳᠬᠡᠨ᠂ ᠰᠢᠨᠵᠢᠯᠡᠬᠦ

ᠤᠬᠠᠭᠠᠨ ᠢ ᠲᠦᠭᠡᠮᠡᠯᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠮᠡᠳᠡᠯᠭᠡ ᠪᠠ ᠪᠠᠴᠢᠮ

ᠪᠠᠶᠢᠳᠠᠯ ᠢ  ᠠᠷᠭᠠᠴᠠᠬᠤ ᠴᠢᠳᠠᠪᠤᠷᠢ ᠶᠢ ᠰᠤᠷᠭᠠᠭᠤᠯᠢ ᠶᠢᠨ ᠬᠦᠷᠢᠶᠡᠨ ᠤ ᠡᠯ᠎ᠡ ᠥᠨᠴᠥᠭ ᠪᠤᠯᠤᠩ ᠬᠦᠷᠲᠡᠯ᠎ᠡ ᠦᠨᠡᠨ

ᠬᠦ ᠪᠦᠲᠦᠮᠵᠢᠲᠡᠢ ᠤᠯᠠᠮᠵᠢᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ

ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map