ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ 2024 ᠣᠨ ᠤ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/18
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠡᠬᠢ ᠪᠠᠶᠠᠯᠢᠭ ᠢ ᠨᠢᠭᠲᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠴᠢᠩᠭᠠᠳᠬᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 13 - 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠬᠡᠬᠤᠲᠠ ᠳᠤ 2024 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ 2024 ᠣᠨ ᠤ ᠪᠦᠭᠦᠳᠡ ᠬᠤᠷᠠᠯ  ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠵᠢᠶᠠ ᠶᠥᠩ ᠹᠧᠩ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃      ᠬᠤᠷᠠᠯ ᠠᠴᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠪᠦᠬᠦ ᠣᠷᠣᠨ ᠤ ᠡᠯ᠎ᠡ ᠳᠡᠭᠡᠳᠦ ᠰᠤᠷᠭᠠᠭᠤᠯᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠪᠠᠶᠢᠷᠢ ᠲᠣᠭᠲᠠᠭᠠᠯᠲᠠ ᠪᠣᠯᠤᠨ ᠴᠢᠳᠠᠪᠤᠷᠢᠲᠠᠨ ᠤ ᠳᠠᠪᠠᠭᠤᠯᠢᠭ ᠢ ᠨᠠᠷᠢᠯᠢᠭ ᠣᠨᠣᠴᠠᠲᠠᠢ ᠡᠵᠡᠮᠳᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠳᠤᠲᠠᠭᠤᠳᠠᠯ ᠪᠠ ᠠᠰᠠᠭᠤᠳᠠᠯ ᠢ ᠪᠤᠰᠤᠳᠴᠢ ᠪᠠᠷ ᠵᠠᠳᠠᠯᠤᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠭᠦᠨᠵᠡᠭᠡᠢ ᠬᠡᠷᠡᠭᠵᠢᠭᠦᠯᠵᠦ᠂ ᠵᠠᠩᠭᠢᠯᠠᠭ᠎ᠠ ᠶᠢᠨ ᠬᠦᠷᠢᠶᠡᠨ ᠤ ᠠᠵᠤ ᠦᠢᠯᠡᠰ ᠤᠨ ᠬᠡᠯᠬᠢᠶ᠎ᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠣᠭᠤᠮᠢ︾ ᠶᠢᠨ ᠠᠰᠠᠭᠤᠳᠠᠯ ᠢ ᠡᠮᠬᠢᠯᠡᠵᠦ᠂ ᠤᠤᠭᠠᠯ ᠡᠭᠦᠳᠦᠯᠲᠡ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠬᠦᠴᠦ ᠪᠠᠨ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠰᠠᠭᠤᠷᠢ ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠰᠢᠨᠵᠢᠯᠡᠭᠡᠨ ᠤ ᠰᠠᠯᠠᠭᠠᠨ ᠤ ᠰᠣᠯᠪᠢᠴᠠᠨ ᠠᠭᠤᠰᠬᠤ ᠶᠢ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠠᠬᠢ ᠰᠠᠭᠤᠷᠢ ᠰᠢᠨᠵᠢᠯᠡᠬᠦ ᠤᠬᠠᠭᠠᠨ ᠤ ᠠᠰᠠᠭᠤᠳᠠᠯ ᠢ ᠰᠦᠪᠡᠭᠴᠢᠯᠡᠨ ᠰᠢᠢᠳᠪᠦᠷᠢᠯᠡᠬᠦ ᠬᠡᠷᠡᠭᠲᠡᠢ᠃ ᠡᠷᠳᠡᠮ ᠰᠢᠨᠵᠢᠯᠡᠭᠡᠨ ᠤ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠴᠢᠮ ᠬᠡᠷᠡᠭᠴᠡᠭᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠰᠢᠨ᠎ᠡ ᠪᠠᠷ ᠮᠠᠨᠳᠤᠭᠰᠠᠨ ᠰᠣᠯᠪᠢᠴᠠᠯ ᠬᠦᠷᠢᠶᠡᠨ ᠤ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠲᠠᠪᠴᠠᠩ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠦ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠷᠢᠯᠴᠠᠨ ᠠᠰᠢᠭᠲᠠᠢ ᠬᠠᠮᠲᠤ ᠳᠤ ᠪᠠᠨ ᠠᠰᠢᠭ ᠬᠦᠷᠲᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠴᠢᠮ ᠬᠡᠷᠡᠭᠴᠡᠭᠡ ᠲᠠᠢ ᠤᠶᠠᠯᠳᠤᠭᠤᠯᠤᠨ᠂ ᠰᠢᠨᠵᠢᠯᠡᠭᠡᠨ  ᠤ ᠰᠠᠯᠠᠭᠠᠨ ᠤ ᠲᠤᠰᠬᠠᠢ ᠮᠡᠷᠭᠡᠵᠢᠯ ᠢ ᠬᠠᠩᠭᠠᠬᠤ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠡᠯᠬᠢᠶ᠎ᠡ᠂ ᠰᠤᠷᠭᠠᠨ ᠬᠥᠮᠦᠵᠢᠯ ᠤᠨ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ           ᠴᠢᠬᠤᠯᠠᠴᠢᠯᠠᠪᠠ᠃      ᠬᠤᠷᠠᠯ ᠠᠴᠠ ᠵᠢᠨᠠᠨ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ  ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠥᠪᠥᠷ ᠮᠣᠩᠭᠤᠯ ᠤᠨ ᠺᠧ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠢ ᠬᠢᠨᠠᠨ ᠬᠠᠮᠢᠶᠠᠷᠬᠤ ᠦᠢᠯᠡᠴᠢᠯᠡᠭᠡᠨ ᠤ ᠲᠥᠪ ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠭ᠎ᠠ ᠪᠦᠷᠢᠳᠬᠡᠯ᠂ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠪᠣᠯᠤᠨ ᠡᠷᠳᠡᠮ ᠰᠢᠨᠵᠢᠯᠡᠭᠡᠨ ᠤ ᠵᠠᠷᠤᠳᠠᠯ ᠤᠨ ᠬᠠᠮᠢᠶᠠᠷᠤᠯᠲᠠ ᠵᠡᠷᠭᠡ ᠬᠦᠷᠢᠶᠡᠨ ᠤ ᠲᠣᠭᠤᠷᠢᠨ ᠳᠤ ᠲᠤᠰᠬᠠᠢ ᠰᠡᠳᠦᠪᠲᠦ ᠵᠢᠯᠣᠭᠤᠳᠣᠯᠭ᠎ᠠ ᠬᠢᠯᠭᠡᠪᠡ᠃

1.png

      ᠬᠤᠷᠠᠯ ᠳᠡᠭᠡᠷ᠎ᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 6 ᠶᠡᠭᠡ ᠳᠡᠭᠡᠳᠦ ᠰᠤᠷᠭᠠᠭᠤᠯᠢ

ᠶᠡᠭᠡ ᠳᠡᠭᠡᠳᠦ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ ᠢ ᠠᠬᠢᠭᠤᠯᠬᠤ᠂ ᠮᠠᠨ ᠤ

ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ

ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ

ᠤᠯᠠᠷᠢᠭᠤᠯᠬᠤ ᠦᠷ᠎ᠡ ᠪᠦᠲᠦᠮᠵᠢ ᠶᠢ ᠴᠢᠩᠭᠠᠳᠬᠠᠬᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ

ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠲᠤᠷᠰᠢᠯᠭ᠎ᠠ ᠪᠠᠨ ᠰᠣᠯᠢᠯᠴᠠᠪᠠ᠃

2.webp.png

      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠨᠢᠭᠡ

ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ

ᠪᠡᠶᠡᠯᠡᠭᠦᠯᠵᠦ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ 60 ᠲᠤᠰᠬᠠᠢ ᠮᠡᠷᠭᠡᠵᠢᠯᠲᠡᠨ ᠥᠪᠡᠷᠲᠡᠭᠡᠨ

ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠵᠥᠪᠯᠡᠯ ᠤᠨ ᠭᠡᠰᠢᠭᠦᠨ ᠢᠶᠠᠷ ᠰᠣᠩᠭᠤᠭᠳᠠᠪᠠ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠤᠪᠢᠳᠠᠨ

ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠷᠳᠡᠮ ᠰᠢᠨᠵᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠵᠥᠪᠯᠡᠯ ᠤᠨ ᠪᠦᠬᠦ ᠭᠡᠰᠢᠭᠦᠨ 120 ᠬᠥᠮᠦᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map