ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ 43 ᠠᠮᠤᠷ ᠲᠦᠪᠰᠢᠨ ᠤ | ᠰᠠᠨᠠᠭᠤᠯᠤᠮᠵᠢ ᠶᠢ ᠬᠠᠮᠲᠤ ᠳᠤ ᠪᠠᠨ ᠦᠵᠡᠵᠡᠭᠡᠶ᠎ᠡ᠃ | | | 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠰᠠᠨᠠᠭᠤᠯᠤᠮᠵᠢ | | ᠨᠢᠭᠡ᠂ ᠡᠷᠡᠭᠦᠯ ᠮᠡᠨᠳᠦ ᠶᠢᠨ ᠬᠠᠮᠢᠶᠠᠷᠤᠯᠲᠠ | 1. ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠬᠤ ᠶᠢᠨ | ᠬᠠᠮᠲᠤ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠥᠪᠡᠷ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ ᠪᠣᠯᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠨ᠂ ᠬᠤᠭ ᠨᠣᠪᠰᠢ ᠶᠢ | ᠲᠥᠷᠥᠯ ᠬᠤᠪᠢᠶᠠᠨ ᠬᠠᠶᠠᠨ᠎ᠠ᠃ ᠬᠡᠦᠬᠡᠳ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠵᠦ᠂ | ᠡᠪᠡᠳᠴᠢᠯᠡᠪᠡᠯ ᠰᠤᠷᠭᠠᠭᠤᠯᠢ ᠳᠤ ᠬᠦᠷᠭᠡᠬᠦ ᠦᠭᠡᠢ᠃ | 2. ︽ᠭᠤᠷᠪᠠ ᠦᠭᠡᠢ︾ ᠢᠳᠡᠭᠡᠨ ᠢ ᠢᠳᠡᠬᠦ ᠦᠭᠡᠢ᠂ ᠤᠬᠢᠶᠠᠵᠤ ᠴᠡᠪᠡᠷᠯᠡᠭᠰᠡᠨ ᠦᠭᠡᠢ ᠢᠳᠡᠭᠡᠨ ᠢ ᠢᠳᠡᠬᠦ | ᠦᠭᠡᠢ᠂ ᠲᠦᠭᠦᠬᠡᠢ ᠤᠰᠤ ᠤᠤᠭᠤᠬᠤ ᠦᠭᠡᠢ᠃ ᠳᠠᠪᠤᠰᠤ ᠲᠠᠢ᠂ ᠰᠢᠬᠢᠷ ᠲᠠᠢ᠂ ᠲᠣᠰᠣ ᠲᠠᠢ᠂ ᠤᠲᠤᠭᠰᠠᠨᠢᠳᠡᠭᠡᠨ | ᠳᠤᠲᠠᠭᠤ ᠢᠳᠡᠨ᠎ᠡ᠃ | 3. ᠬᠡᠦᠬᠡᠳ ᠤᠨ ᠭᠦᠢᠴᠡᠳ ᠤᠨᠲᠠᠬᠤ ᠴᠠᠭ ᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ | ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ ᠬᠠᠮᠤᠭ ᠤᠨ ᠪᠠᠭ᠎ᠠ ᠳᠤ ᠪᠠᠨ 10 ᠴᠠᠭ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ ᠬᠠᠮᠤᠭ ᠤᠨ ᠪᠠᠭ᠎ᠠ ᠳᠤ ᠪᠠᠨ 9 | ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠢ | ᠬᠠᠮᠤᠭ ᠤᠨ ᠪᠠᠭ᠎ᠠ ᠳᠤ ᠪᠠᠨ 8 ᠴᠠᠭ ᠪᠠᠶᠢᠯᠭᠠᠨ᠎ᠠ᠃ | 4. ᠠᠮᠤᠷ ᠲᠦᠪᠰᠢᠨ ᠬᠥᠳᠡᠯᠭᠡᠭᠡᠨ ᠤ ᠲᠥᠷᠥᠯ ᠵᠦᠢᠯ ᠢ ᠰᠣᠩᠭᠤᠨ᠂ ᠵᠣᠬᠢᠰᠲᠠᠢ ᠪᠡᠶ᠎ᠡ ᠶᠢᠨ ᠲᠠᠮᠢᠷ ᠤᠨ | ᠪᠣᠯᠪᠠᠰᠤᠷᠠᠯ ᠬᠢᠬᠦ ᠶᠢ ᠪᠠᠷᠢᠮᠲᠠᠯᠠᠵᠤ᠂ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠪᠠᠲᠤᠯᠠᠨ᠎ᠠ᠃ | ᠬᠤᠶᠠᠷ᠂ ᠰᠤᠷᠭᠠᠭᠤᠯᠢ ᠳᠤ ᠣᠴᠢᠬᠤ ᠪᠠ ᠰᠤᠷᠭᠠᠭᠤᠯᠢ ᠠᠴᠠ ᠪᠤᠴᠠᠬᠤ ᠠᠮᠤᠷ ᠲᠦᠪᠰᠢᠨ | 5. ᠬᠢᠴᠢᠶᠡᠯ ᠬᠤᠴᠣᠷᠬᠤ ᠦᠭᠡᠢ᠂ ᠡᠷᠲᠡ ᠪᠤᠴᠠᠬᠤ ᠦᠭᠡᠢ᠂ ᠴᠠᠭ ᠲᠤ ᠪᠠᠨ ᠰᠤᠷᠭᠠᠭᠤᠯᠢ ᠳᠤ ᠣᠴᠢᠵᠤ | ᠳᠡᠶᠢᠯᠬᠦ ᠦᠭᠡᠢ ᠪᠤᠶᠤ ᠰᠤᠷᠭᠠᠭᠤᠯᠢ ᠠᠴᠠ ᠡᠷᠲᠡ ᠪᠤᠴᠠᠬᠤ ᠦᠶ᠎ᠡ ᠴᠢᠯᠥᠭᠡ ᠭᠤᠶᠤᠨ᠎ᠠ︔ ᠰᠦᠯᠵᠢᠶᠡᠨ ᠪᠠᠭᠠᠷ᠂ | ᠠᠷᠢᠬᠢᠨ ᠪᠠᠭᠠᠷ᠂ ᠳᠠᠭᠤᠤ ᠪᠥᠵᠢᠭ ᠤᠨ ᠲᠢᠩᠬᠢᠮ᠂ ᠨᠠᠭᠠᠳᠤᠮ ᠤᠨ ᠲᠢᠩᠬᠢᠮ ᠵᠡᠷᠭᠡ ᠲᠠᠯᠠᠪᠤᠷ ᠲᠤ ᠣᠴᠢᠬᠤ ᠦᠭᠡᠢ᠃ | 6. ᠶᠠᠪᠠᠭᠠᠨ ᠤ ᠵᠠᠮ ᠢᠶᠠᠷ ᠶᠠᠪᠤᠬᠤ ᠳᠤ ᠪᠠᠨ ᠪᠠᠷᠠᠭᠤᠨ ᠲᠠᠯ᠎ᠠ ᠶᠢ ᠳᠠᠭᠠᠵᠤ ᠶᠠᠪᠤᠨ᠎ᠠ︔ ᠵᠠᠮ | ᠣᠭᠲᠤᠯᠬᠤ ᠳᠤ ᠡᠷᠢᠶᠡᠨ ᠱᠤᠭᠤᠮ᠂ ᠱᠠᠲᠤᠲᠤ ᠬᠥᠭᠦᠷᠭᠡ ᠪᠤᠶᠤ ᠭᠠᠵᠠᠷ ᠳᠣᠣᠷᠠᠬᠢ ᠵᠠᠮ ᠢᠶᠠᠷ ᠶᠠᠪᠤᠨ᠎ᠠ︔ ᠤᠯᠠᠭᠠᠨ | ᠳ᠋ᠧᠩ ᠢ ᠥᠩᠭᠡᠷᠡᠬᠦ ᠦᠭᠡᠢ᠂ ᠬᠠᠯᠬᠠᠪᠴᠢ ᠬᠡᠷᠡᠰᠬᠡ ᠶᠢ ᠳᠠᠪᠠᠭ᠋ᠤ ᠦᠭᠡᠢ︔ ᠵᠠᠰᠠᠮᠠᠯ ᠵᠠᠮ ᠳᠡᠭᠡᠷ᠎ᠡ ᠪᠤᠶᠤ ᠲᠡᠷᠭᠡ | ᠬᠥᠰᠬᠡ ᠶᠢᠨ ᠲᠣᠭᠤᠷᠢᠨ ᠳᠤ ᠨᠠᠭᠠᠳᠬᠤ ᠦᠭᠡᠢ᠃ | 7. ᠰᠤᠷᠭᠠᠭᠤᠯᠢ ᠶᠢᠨ ᠲᠡᠷᠭᠡᠨ ᠳᠤ ᠰᠠᠭᠤᠬᠤ ᠳᠤ ᠠᠶᠤᠯ ᠦᠭᠡᠢ ᠶᠢᠨ ᠪᠥᠰᠡ ᠶᠢ ᠪᠦᠰᠡᠯᠡᠨ᠎ᠡ︔ | ᠰᠤᠷᠭᠠᠭᠤᠯᠢ ᠳᠤ ᠬᠦᠷᠪᠡᠯ ᠳᠠᠷᠤᠶᠢᠬᠠᠨ ᠲᠡᠷᠭᠡᠨ ᠠᠴᠠ ᠪᠠᠭᠤᠵᠤ᠂ ᠪᠠᠭ᠎ᠠ ᠰᠤᠷᠭᠠᠭᠤᠯᠢ ᠶᠢᠨ ᠰᠤᠷᠤᠭᠴᠢᠳ | ᠭᠡᠷ ᠲᠤ ᠪᠠᠨ ᠬᠠᠷᠢᠬᠤ ᠦᠶ᠎ᠡ ᠳᠤ ᠭᠡᠷ ᠤᠨ ᠠᠬᠠᠮᠠᠳ ᠬᠠᠷᠠᠭᠳᠠᠬᠤ ᠦᠭᠡᠢ ᠪᠣᠯ ᠲᠡᠷᠭᠡᠨ ᠠᠴᠠ ᠪᠠᠭᠤᠬᠤ ᠦᠭᠡᠢ᠂ | ᠭᠤᠷᠪᠠᠨ ᠬᠦᠷᠳᠦᠲᠦ ᠲᠡᠷᠭᠡ᠂ ᠲᠠᠷᠢᠶᠠᠯᠠᠩ ᠳᠤ ᠬᠡᠷᠡᠭᠯᠡᠬᠦ ᠲᠡᠷᠭᠡᠨ ᠳᠤ ᠰᠠᠭᠤᠬᠤ ᠦᠭᠡᠢ᠂ ᠠᠶᠠᠨᠴᠢᠳ ᠤᠨ | ᠲᠡᠭᠡᠭᠡᠪᠦᠷᠢ ᠶᠢᠨ ᠬᠢᠷᠢ ᠭᠡᠮ ᠦᠭᠡᠢ ᠲᠡᠷᠭᠡ ᠪᠤᠶᠤ ᠲᠠᠨᠢᠯ ᠪᠤᠰᠤ ᠬᠥᠮᠦᠨ ᠤ ᠲᠡᠷᠭᠡᠨ ᠳᠤ ᠰᠠᠭᠤᠬᠤ ᠦᠭᠡᠢ᠃ | 8. ᠪᠦᠬᠦᠯᠢ 12 ᠨᠠᠰᠤ ᠬᠦᠷᠦᠭᠡᠳᠦᠢ ᠪᠣᠯ ᠳᠤᠭᠤᠢ ᠲᠡᠷᠭᠡ ᠤᠨᠤᠭᠠᠳ ᠵᠠᠰᠠᠮᠠᠯ ᠵᠠᠮ ᠳᠡᠭᠡᠷ᠎ᠡ ᠭᠠᠷᠬᠤ | ᠦᠭᠡᠢ᠂ ᠪᠦᠬᠦᠯᠢ 16 ᠨᠠᠰᠤ ᠬᠦᠷᠦᠭᠡᠳᠦᠢ ᠪᠣᠯ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠦᠭᠡᠢ︔ ᠶᠠᠪᠠᠭᠠᠨ | ᠶᠠᠪᠤᠬᠤ ᠪᠤᠶᠤ ᠳᠤᠭᠤᠢ ᠣᠨᠣᠬᠤ ᠳᠤ ᠪᠠᠨ ᠭᠠᠷ ᠤᠲᠠᠰᠤ ᠦᠵᠡᠬᠦ ᠦᠭᠡᠢ᠂ ᠳᠠᠭᠤᠤ ᠰᠣᠨᠣᠰᠬᠤ ᠦᠭᠡᠢ᠂ ᠮᠠᠰᠢᠨ | ᠲᠡᠷᠭᠡᠨ ᠤ ᠵᠠᠮ ᠢᠶᠠᠷ ᠶᠠᠪᠤᠬᠤ ᠦᠭᠡᠢ᠃ | 9. ᠰᠤᠷᠭᠠᠭᠤᠯᠢ ᠳᠤ ᠣᠴᠢᠬᠤ ᠪᠤᠶᠤ ᠰᠤᠷᠭᠠᠭᠤᠯᠢ ᠠᠴᠠ ᠪᠤᠴᠠᠬᠤ ᠳᠤ ᠪᠠᠨ ᠰᠢᠷᠦᠭᠦᠨ ᠪᠣᠷᠣᠭᠠᠨ᠂ | ᠠᠶᠤᠩᠭ᠎ᠠ ᠴᠠᠬᠢᠯᠭᠠᠨ᠂ ᠮᠥᠨᠳᠥᠷ ᠵᠡᠷᠭᠡ ᠬᠡᠴᠡᠭᠦᠦ ᠠᠭᠤᠷ ᠠᠮᠢᠰᠬᠤᠯ ᠢ ᠠᠩᠬᠠᠷᠤᠨ ᠰᠡᠷᠭᠡᠶᠢᠯᠡᠨ᠎ᠡ᠃ | ᠭᠤᠷᠪᠠ᠂ ᠰᠤᠷᠭᠠᠭᠤᠯᠢ ᠳᠤ ᠪᠠᠶᠢᠬᠤ ᠠᠮᠤᠷ ᠲᠦᠪᠰᠢᠨ | 10. ᠠᠮᠤᠷ ᠲᠦᠪᠰᠢᠨ ᠤ ᠮᠡᠳᠡᠯᠭᠡ ᠴᠢᠳᠠᠪᠤᠷᠢ ᠶᠢ ᠨᠠᠷᠢᠨ ᠬᠢᠨᠠᠮᠠᠭᠠᠢ ᠰᠤᠷᠤᠯᠴᠠᠵᠤ᠂ ᠰᠤᠷᠭᠠᠭᠤᠯᠢ ᠠᠴᠠ | ᠵᠣᠬᠢᠶᠠᠨ ᠪᠠᠶᠢᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠠᠮᠤᠷ ᠲᠦᠪᠰᠢᠨ ᠤ ᠬᠥᠮᠦᠵᠢᠯ ᠤᠨ | ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠷᠠᠭᠤᠯᠤᠨ᠂ ᠰᠡᠷᠭᠡᠶᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | 11. ᠠᠰᠠᠷ ᠢ ᠳᠠᠪᠠᠵᠤ ᠪᠠᠭᠤᠬᠤ᠂ ᠠᠰᠠᠷ ᠤᠨ ᠨᠡᠪᠲᠡᠷᠡᠬᠦ ᠵᠠᠮ ᠢᠶᠠᠷ ᠶᠠᠪᠤᠬᠤ ᠳᠤ ᠪᠠᠨ ᠪᠠᠷᠠᠭᠤᠨ ᠲᠠᠯ᠎ᠠ ᠪᠠᠷ | ᠠᠯᠭᠤᠷ ᠶᠠᠪᠤᠵᠤ᠂ ᠰᠢᠬᠠᠯᠳᠤᠬᠤ ᠦᠭᠡᠢ᠂ ᠬᠤᠭᠤᠯᠠᠨ ᠭᠡᠷ᠂ ᠶᠣᠰᠣᠯᠠᠯ ᠤᠨ ᠲᠠᠩᠬᠢᠮ ᠵᠡᠷᠭᠡ ᠬᠥᠮᠦᠨ ᠣᠯᠠᠨ | ᠭᠠᠵᠠᠷ ᠲᠤ ᠰᠢᠬᠠᠯᠳᠤᠬᠤ ᠦᠭᠡᠢ᠂ ᠡᠮᠬᠢ ᠵᠢᠷᠤᠮ ᠢ ᠴᠢᠬᠤᠯᠠᠴᠢᠯᠠᠵᠤ᠂ ᠭᠢᠰᠬᠢᠯᠳᠦᠬᠦ ᠠᠴᠠ ᠵᠠᠶᠢᠯᠠᠰᠬᠢᠨ᠎ᠠ᠃ | 12. ᠠᠰᠠᠷ ᠤᠨ ᠱᠠᠲᠤ᠂ ᠠᠰᠠᠷ ᠤᠨ ᠬᠤᠩᠬᠢᠯ᠂ ᠤᠰᠤᠨ ᠴᠥᠭᠦᠷᠥᠮ ᠵᠡᠷᠭᠡ ᠣᠷᠣᠨ ᠪᠦᠰᠡ ᠶᠢᠨ | ᠬᠠᠯᠬᠠᠪᠴᠢ ᠪᠡᠯᠡᠳᠬᠡᠮᠵᠢ ᠶᠢ ᠠᠪᠠᠷᠢᠬᠤ ᠦᠭᠡᠢ᠂ ᠬᠠᠯᠬᠠᠪᠴᠢ ᠬᠡᠷᠡᠰᠬᠡ ᠥᠬᠡᠶ ᠲᠠᠪᠴᠠᠩ ᠳᠤ ᠨᠠᠭᠠᠳᠬᠤ ᠦᠭᠡᠢ᠂ | ᠤᠨᠠᠬᠤ ᠠᠴᠠ ᠰᠡᠷᠭᠡᠶᠢᠯᠡᠨ᠎ᠡ᠃ | 13. ᠬᠤᠨᠣᠭᠯᠠᠬᠤ ᠲᠣᠭᠲᠠᠭᠠᠯ ᠢ ᠴᠢᠩᠭ᠎ᠠ ᠵᠢᠷᠤᠮᠯᠠᠵᠤ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠵᠤ᠂ | ᠢᠯᠡ ᠭᠠᠯ ᠬᠡᠷᠡᠭᠯᠡᠬᠦ ᠦᠭᠡᠢ᠂ ᠪᠣᠰᠤᠳ ᠬᠥᠮᠦᠨ ᠢ ᠬᠤᠨᠣᠭᠤᠯᠬᠤ ᠦᠭᠡᠢ᠂ ᠤᠨᠲᠠᠬᠤ ᠥᠷᠦᠭᠡ ᠶᠢ ᠴᠡᠪᠡᠷᠬᠡᠨ | ᠪᠠᠶᠢᠯᠭᠠᠵᠤ᠂ ᠠᠮᠢ ᠵᠢᠭᠤᠲᠠᠬᠤ ᠵᠠᠮ ᠢ ᠪᠠᠲᠤ ᠡᠵᠡᠮᠳᠡᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ | ᠬᠡᠷᠡᠭᠰᠡᠯ ᠢ ᠬᠡᠷᠡᠭᠯᠡᠵᠦ ᠰᠤᠷᠬᠤ ᠬᠡᠷᠡᠭᠲᠡᠢ᠃ | 14. ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ ᠲᠡᠷᠭᠡ ᠵᠣᠭᠰᠣᠭᠠᠬᠤ | ᠭᠠᠵᠠᠷ ᠵᠡᠷᠭᠡ ᠣᠷᠣᠨ ᠵᠠᠢ ᠳᠤ ᠳᠤᠷ᠎ᠠ ᠪᠠᠷ ᠢᠶᠠᠨ ᠣᠷᠣᠵᠤ ᠪᠣᠯᠬᠤ ᠦᠭᠡᠢ᠂ ᠲᠡᠷᠭᠡ ᠬᠦᠰᠭᠡᠨ ᠤ ᠪᠠᠯᠠᠢ ᠣᠷᠣᠨ ᠢ | ᠰᠡᠷᠡᠮᠵᠢᠯᠡᠨ᠎ᠡ᠃ | 15. ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠬᠤᠯᠪᠣᠭᠳᠠᠬᠤ ᠠᠮᠤᠷ ᠲᠦᠪᠰᠢᠨ ᠤ | ᠵᠢᠷᠤᠮᠵᠢᠯ ᠢ ᠵᠢᠷᠤᠮᠯᠠᠵᠤ᠂ ᠠᠮᠤᠷ ᠲᠦᠪᠰᠢᠨ ᠤ ᠭᠡᠨᠡᠳᠲᠡ ᠶᠢᠨ ᠬᠡᠷᠡᠭ ᠲᠣᠬᠢᠶᠠᠯᠳᠤᠪᠠᠯ᠂ ᠲᠣᠭᠲᠠᠭᠠᠯ ᠶᠣᠰᠣᠭᠠᠷ | ᠵᠣᠬᠢᠰᠲᠠᠢ ᠰᠢᠢᠳᠪᠦᠷᠢᠯᠡᠬᠦ ᠶᠢᠨ ᠬᠠᠮᠲᠤ ᠳᠠᠷᠤᠢ ᠳᠤ ᠨᠢ ᠪᠠᠭᠰᠢ ᠳᠤ ᠮᠡᠳᠡᠭᠦᠯᠦᠨ᠎ᠡ᠃ | ᠳᠥᠷᠪᠡ᠂ ᠤᠰᠤᠨ ᠤ ᠠᠳᠡᠯ ᠢ ᠰᠡᠷᠭᠡᠶᠢᠯᠡᠬᠦ ᠠᠮᠤᠷ ᠲᠦᠪᠰᠢᠨ | 16. ᠭᠤᠣᠯ ᠮᠥᠷᠡᠨ ᠨᠠᠭᠤᠷ ᠴᠥᠭᠦᠷᠥᠮ ᠵᠡᠷᠭᠡ ᠤᠰᠤᠨ ᠤ ᠵᠠᠬ᠎ᠠ᠂ ᠤᠰᠤ ᠵᠠᠯᠠᠬᠤ ᠲᠠᠪᠴᠠᠩ᠂ | ᠪᠠᠷᠢᠯᠭ᠎ᠠ ᠶᠢᠨ ᠭᠠᠵᠠᠷ ᠤᠨ ᠤᠰᠤᠨ ᠨᠦᠬᠡ ᠵᠡᠷᠭᠡ ᠭᠠᠵᠠᠷ ᠲᠤ ᠨᠠᠭᠠᠳᠴᠤ ᠠᠯᠢᠶᠠᠯᠠᠬᠤ ᠦᠭᠡᠢ᠃ ᠭᠤᠣᠯ ᠤᠨ | ᠤᠷᠤᠰᠬᠠᠯ ᠵᠡᠷᠭᠡ ᠤᠰᠤᠨ ᠣᠷᠣᠨ ᠤ ᠡᠳ᠋ ᠪᠣᠳᠠᠰ ᠢ ᠲᠡᠭᠦᠬᠦ ᠦᠭᠡᠢ᠂ ᠭᠤᠣᠯ ᠮᠥᠷᠡᠨ ᠨᠠᠭᠤᠷ ᠤᠨ ᠬᠥᠪᠡᠭᠡᠨ ᠳᠤ | ᠭᠠᠷ ᠢᠶᠠᠨ ᠤᠬᠢᠶᠠᠬᠤ ᠦᠭᠡᠢ᠂ ᠶᠠᠭᠤᠮ᠎ᠠ ᠪᠠᠨ ᠤᠬᠢᠶᠠᠬᠤ ᠦᠭᠡᠢ᠂ ᠵᠢᠭᠠᠰᠤ ᠵᠢᠷᠠᠭᠠᠬᠠᠢ᠂ ᠮᠡᠯᠡᠬᠡᠢ ᠶᠢ ᠪᠠᠷᠢᠬᠤ | ᠦᠭᠡᠢ᠃ | 17. ᠤᠰᠤᠨ ᠳᠤ ᠳᠤᠷ᠎ᠠ ᠪᠠᠷ ᠢᠶᠠᠨ ᠤᠮᠪᠠᠭ᠋ᠤ ᠦᠭᠡᠢ᠂ ᠳᠤᠷ᠎ᠠ ᠪᠠᠷ ᠢᠶᠠᠨ ᠪᠤᠰᠤᠳ ᠲᠠᠢ ᠬᠠᠮᠲᠤ ᠤᠮᠪᠠᠭ᠋ᠤ | ᠦᠭᠡᠢ᠂ ᠭᠡᠷ ᠤᠨ ᠠᠬᠠᠮᠠᠳ ᠦᠭᠡᠢ ᠪᠤᠶᠤ ᠪᠠᠭᠰᠢ ᠶᠢᠨ ᠳᠠᠭᠠᠭᠤᠯᠭ᠎ᠠ ᠦᠭᠡᠢ ᠪᠠᠷ ᠤᠰᠤᠨ ᠳᠤ ᠤᠮᠪᠠᠭ᠋ᠤ ᠦᠭᠡᠢ᠂ | ᠠᠮᠤᠷ ᠲᠦᠪᠰᠢᠨ ᠤ ᠲᠥᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ ᠤᠰᠤᠨ ᠤᠷᠤᠨ ᠳᠤ ᠤᠮᠪᠠᠭ᠋ᠤ | ᠦᠭᠡᠢ᠂ ᠰᠠᠶᠢᠨ ᠮᠡᠳᠡᠬᠦ ᠦᠭᠡᠢ ᠤᠰᠤᠨ ᠣᠷᠣᠨ ᠳᠤ ᠤᠮᠪᠠᠭ᠋ᠤ ᠦᠭᠡᠢ᠃ | 18. ᠨᠠᠶᠢᠵᠠ ᠶᠢᠨ ᠢᠶᠠᠨ ᠤᠰᠤᠨ ᠳᠤ ᠤᠨᠠᠭᠰᠠᠨ ᠢ ᠣᠯᠵᠤ ᠮᠡᠳᠡᠪᠡᠯ᠂ ᠳᠠᠷᠤᠢ ᠳᠤ ᠨᠢ ᠨᠠᠰᠤᠨ ᠳᠤ | ᠬᠦᠷᠦᠭᠰᠡᠳ ᠠᠴᠠ ᠬᠠᠪᠰᠤᠷᠤᠯᠭ᠎ᠠ ᠭᠤᠶᠤᠴᠢᠯᠠᠬᠤ ᠪᠤᠶᠤ 110᠂ 120 ᠳᠤ ᠤᠲᠠᠰᠤᠳᠠᠵᠤ ᠴᠠᠭᠳᠠᠭ᠎ᠠ ᠳᠤ | ᠮᠡᠳᠡᠭᠦᠯᠦᠨ ᠲᠤᠰᠠᠯᠠᠮᠵᠢ ᠭᠤᠶᠤᠴᠢᠯᠠᠨ᠎ᠠ᠂ ᠰᠣᠬᠤᠷ ᠪᠠᠯᠠᠢ ᠪᠠᠷ ᠬᠠᠪᠰᠤᠷᠬᠤ ᠪᠤᠶᠤ ᠤᠰᠤᠨ ᠳᠤ ᠠᠪᠤᠷᠠᠬᠤ ᠪᠠᠷ | ᠣᠷᠣᠵᠤ ᠪᠣᠯᠬᠤ ᠦᠭᠡᠢ᠃ | ᠲᠠᠪᠤ᠂ ᠰᠡᠳᠬᠢᠴᠡ ᠶᠢᠨ ᠡᠷᠡᠭᠦᠯ ᠮᠡᠨᠳᠦ ᠶᠢᠨ ᠠᠮᠤᠷ ᠲᠦᠪᠰᠢᠨ | 19. ᠢᠳᠡᠪᠬᠢᠲᠡᠢ ᠥᠭᠡᠳᠡᠷᠬᠡᠭ᠂ ᠪᠠᠶᠠᠷ ᠪᠠᠶᠠᠰᠬᠤᠯᠠᠩ ᠲᠠᠢ ᠣᠪᠤᠷ ᠢᠶᠠᠷ ᠪᠠᠭᠰᠢ᠂ ᠡᠴᠢᠭᠡ ᠡᠬᠡ᠂ ᠬᠠᠮᠲᠤ | ᠰᠤᠷᠤᠭᠴᠢᠳ ᠲᠠᠢ ᠨᠡᠪᠲᠡᠷᠡᠨ ᠰᠣᠯᠢᠯᠴᠠᠵᠤ᠂ ᠰᠤᠷᠭᠠᠭᠤᠯᠢ ᠶᠢᠨ ᠬᠠᠮᠲᠤ ᠶᠢᠨ ᠬᠥᠳᠡᠯᠭᠡᠭᠡᠨ ᠳᠤ ᠢᠳᠡᠪᠬᠢᠲᠡᠢ | ᠣᠷᠣᠯᠴᠠᠬᠤ ᠬᠡᠷᠡᠭᠲᠡᠢ᠃ | 20. ᠨᠤᠭᠤᠷᠠᠯ ᠪᠦᠳᠦᠷᠢᠯ ᠳᠤ ᠤᠴᠠᠷᠠᠪᠠᠯ ᠰᠢᠨᠲᠠᠷᠠᠬᠤ ᠦᠭᠡᠢ᠂ ᠰᠢᠢᠳᠪᠦᠷᠢᠯᠡᠬᠦ ᠳᠤ ᠪᠡᠷᠬᠡᠲᠡᠢ ᠬᠦᠴᠢᠷᠳᠡᠯ | ᠪᠠ ᠠᠰᠠᠭᠤᠳᠠᠯ ᠳᠤ ᠲᠤᠯᠭᠠᠷᠠᠪᠠᠯ ᠪᠤᠰᠤᠳ ᠠᠴᠠ ᠬᠠᠪᠰᠤᠷᠤᠯᠭ᠎ᠠ ᠡᠷᠢᠬᠦ ᠶᠢ ᠰᠤᠷᠬᠤ ᠬᠡᠷᠡᠭᠲᠡᠢ᠃ | 21. ᠬᠡᠷᠡᠭᠦᠯ ᠵᠣᠳᠣᠭᠠᠨ ᠬᠢᠬᠦ ᠦᠭᠡᠢ᠂ ᠪᠤᠰᠤᠳ ᠢ ᠳᠠᠷᠤᠯᠠᠬᠤ ᠦᠭᠡᠢ᠂ ᠲᠠᠮᠠᠬᠢ ᠲᠠᠲᠠᠵᠤ ᠠᠷᠢᠬᠢ | ᠤᠤᠭᠤᠬᠤ ᠦᠭᠡᠢ᠂ ᠫᠠᠢ ᠨᠠᠭᠠᠳᠬᠤ ᠦᠭᠡᠢ᠂ ᠬᠤᠣᠷ ᠲᠠᠲᠠᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠮᠤᠬᠤᠷ | ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠣᠷᠣᠯᠴᠠᠬᠤ | ᠦᠭᠡᠢ᠃ ᠢ ᠲᠦᠸᠧ ᠮᠢ ᠡᠰᠲ᠋ᠧᠷ ᠠᠭᠤᠯᠤᠭᠰᠠᠨ ︽ᠲᠣᠯᠤᠭᠠᠢ ᠳᠤ ᠭᠠᠷᠬᠤ ᠡᠯᠧᠺᠲᠷᠣᠨ ᠲᠠᠮᠠᠬᠢ︾ ᠵᠡᠷᠭᠡ | ᠰᠢᠨ᠎ᠡ ᠬᠡᠯᠪᠡᠷᠢ ᠶᠢᠨ ᠬᠤᠣᠷᠲᠤ ᠡᠳ᠋ ᠪᠣᠯᠤᠨ ︽ᠰᠢᠶᠣᠣ ᠴᠢ︾ ︵ᠠᠽᠣᠲ ᠤᠨ ᠳᠠᠪᠬᠤᠷ ᠢᠰᠦᠯ︶ ᠵᠡᠷᠭᠡ | ᠬᠠᠮᠢᠶᠠᠷᠤᠯᠲᠠ ᠳᠤ ᠣᠷᠣᠭᠤᠯᠤᠭᠰᠠᠨ ᠦᠭᠡᠢ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢᠨ ᠬᠦᠨᠳᠦ ᠨᠣᠴᠢᠲᠠᠢ ᠬᠤᠣᠷ | ᠬᠥᠨᠥᠭᠡᠯ ᠢ ᠲᠠᠨᠢᠵᠤ᠂ ︽ᠲᠠᠷᠢᠬᠢ ᠰᠡᠷᠭᠦᠭᠡᠬᠦ︾᠂ ︽ᠮᠠᠷᠢᠶ᠎ᠠ ᠰᠢᠭᠤᠷᠠᠭᠤᠯᠬᠤ︾᠂ ︽ᠰᠢᠨᠤᠭᠤᠯᠬᠤ | ᠦᠭᠡᠢ︾᠂ ︽ᠬᠤᠣᠷᠲᠠᠭᠤᠯᠬᠤ ᠦᠭᠡᠢ︾ ᠵᠡᠷᠭᠡ ᠨᠡᠷ᠎ᠡ ᠪᠠᠷ ᠬᠤᠣᠷ ᠲᠠᠲᠠᠭᠤᠯᠬᠤ ᠪᠠᠷ ᠥᠳᠥᠭᠡᠨ ᠲᠠᠲᠠᠬᠤ ᠶᠢ | ᠠᠩᠬᠠᠷᠤᠨ ᠰᠡᠷᠭᠡᠶᠢᠯᠡᠬᠦ ᠬᠡᠷᠡᠭᠲᠡᠢ᠃ | 22. ᠰᠦᠯᠵᠢᠶᠡᠨ ᠤ ᠲᠣᠭᠯᠠᠭᠠᠮ ᠳᠤ ᠰᠢᠨᠤᠬᠤ ᠦᠭᠡᠢ᠂ ᠱᠠᠯᠢᠭ ᠵᠠᠪᠬᠠᠢ᠂ ᠬᠦᠴᠦᠷᠬᠡᠭᠯᠡᠯ᠂ | ᠥᠪᠡᠷ ᠢ ᠢᠶᠠᠨ ᠦᠭᠡᠢ ᠬᠢᠬᠦ ᠵᠡᠷᠭᠡ ᠡᠷᠡᠭᠦᠯ ᠪᠤᠰᠤ ᠠᠭᠤᠯᠭ᠎ᠠ ᠶᠢᠨ ᠲᠣᠭᠯᠠᠭᠠᠮ ᠢ ᠨᠠᠭᠠᠳᠬᠤ ᠦᠭᠡᠢ᠂ | ᠰᠦᠯᠵᠢᠶᠡᠨ ᠤ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ᠂ ᠲᠠᠨᠢᠯ ᠪᠤᠰᠤ ᠰᠦᠯᠵᠢᠶᠡᠨ ᠠᠨᠳᠠ ᠲᠠᠢ | ᠠᠭᠤᠯᠵᠠᠬᠤ ᠦᠭᠡᠢ᠃ | ᠵᠢᠷᠭᠤᠭ᠎ᠠ᠂ ᠭᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ | 23. ᠰᠤᠷᠤᠭᠴᠢ ᠴᠠᠭ ᠳᠤ ᠪᠠᠨ ᠰᠤᠷᠭᠠᠭᠤᠯᠢ ᠳᠤ ᠬᠦᠷᠴᠦ ᠳᠡᠶᠢᠯᠬᠦ ᠦᠭᠡᠢ ᠪᠣᠯ ᠴᠢᠯᠥᠭᠡ ᠭᠤᠶᠤᠵᠤ᠂ | ᠰᠤᠷᠭᠠᠭᠤᠯᠢ ᠠᠴᠠ ᠡᠷᠲᠡ ᠪᠤᠴᠠᠬᠤ ᠦᠶ᠎ᠡ ᠳᠤ ᠴᠢᠯᠦᠭᠡ ᠭᠤᠶᠤᠵᠤ᠂ ᠭᠡᠷ ᠪᠦᠯᠢ ᠪᠠ ᠰᠤᠷᠭᠠᠭᠤᠯᠢ ᠨᠡᠪᠲᠡᠷᠡᠬᠦ | ᠬᠡᠷᠡᠭᠲᠡᠢ᠃ ᠬᠡᠦᠬᠡᠳ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠠᠳᠠᠭᠰᠢ ᠨᠠᠭᠠᠳᠬᠤ ᠪᠠᠷ ᠭᠠᠷᠬᠤ ᠦᠶ᠎ᠡ᠂ ᠭᠡᠷ ᠤᠨ | ᠠᠬᠠᠮᠠᠳ ᠬᠠᠮᠢᠭ᠎ᠠ ᠣᠴᠢᠬᠤ᠂ ᠶᠠᠭᠤ ᠬᠢᠬᠦ᠂ ᠪᠤᠴᠠᠬᠤ ᠴᠠᠭ᠂ ᠬᠡᠨ ᠲᠠᠢ ᠬᠠᠮᠲᠤ ᠶᠠᠪᠤᠬᠤ ᠶᠢ ᠣᠶᠢᠯᠠᠭᠠᠵᠤ᠂ ᠠᠮᠤᠷ | ᠲᠦᠪᠰᠢᠨ ᠤ ᠬᠥᠮᠦᠵᠢᠯ ᠢ ᠤᠷᠢᠳᠴᠢᠯᠠᠨ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠬᠦ | ᠬᠡᠷᠡᠭᠲᠡᠢ᠃ | 24. ᠭᠡᠷ ᠤᠨ ᠠᠬᠠᠮᠠᠳ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠪᠠ ᠴᠢᠳᠠᠪᠤᠷᠢ ᠶᠢ ᠰᠤᠷᠤᠯᠴᠠᠵᠤ᠂ ᠭᠡᠷ ᠪᠦᠯᠢ ᠶᠢᠨ ᠠᠮᠤᠷ ᠲᠦᠪᠰᠢᠨ ᠤ | ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠬᠡᠷᠡᠭᠲᠡᠢ᠃ ᠬᠡᠦᠬᠡᠳ ᠢ ︽ᠯᠤᠤᠪᠠᠩ ᠤᠨ ᠬᠢᠲᠤᠭ᠎ᠠ︾᠂ ᠯᠠᠶᠢᠰᠧᠷ ᠪᠢᠷ᠂ | ︽ᠲᠠᠷᠢᠲᠤ ᠲᠣᠭᠯᠠᠭᠠᠮ︾᠂ ᠪᠦᠳᠦᠭᠦᠯᠢᠭ ᠬᠡᠦᠬᠡᠯᠳᠡᠢ᠂ ᠬᠠᠮᠠᠷ ᠲᠤ ᠲᠠᠲᠠᠬᠤ ᠡᠨᠧᠷᠭᠢᠲᠦ ᠰᠢᠳᠠᠮ᠂ ︽ᠲᠠᠮᠠᠬᠢᠨ | ᠺᠠᠷᠲ︾ ᠴᠣᠬᠢᠬᠤ᠂ ︽ᠦᠮᠡᠬᠡᠢ ᠤᠰᠤᠨ︾ ᠳᠤ ᠲᠡᠵᠢᠭᠡᠬᠦ ᠵᠡᠷᠭᠡ ᠠᠮᠤᠷ ᠲᠦᠪᠰᠢᠨ ᠤ ᠲᠦᠭᠰᠢᠭᠦᠷᠢ ᠲᠠᠢ᠂ ᠮᠠᠭᠤ | ᠦᠢᠯᠡ ᠠᠵᠢᠯᠯᠠᠭ᠎ᠠ ᠶᠢ ᠠᠮᠠᠷᠬᠠᠨ ᠡᠭᠦᠰᠭᠡᠬᠦ ᠬᠠᠨᠳᠤᠰᠢ ᠲᠠᠢ ᠦᠢᠯᠡᠳᠬᠦᠨ ᠪᠤᠶᠤ ᠲᠣᠭᠯᠠᠭᠠᠮ ᠢ ᠨᠠᠭᠠᠳᠴᠤ ᠪᠣᠯᠬᠤ | ᠦᠭᠡᠢ ᠭᠡᠵᠦ ᠬᠥᠮᠥᠵᠢᠭᠦᠯᠦᠨ ᠵᠢᠯᠣᠭᠤᠳᠤᠨ᠎ᠠ᠃ | 25. ᠰᠢᠨᠵᠢᠯᠡᠬᠦ ᠤᠬᠠᠭᠠᠨᠴᠢ ᠭᠡᠷ ᠤᠨ ᠬᠥᠮᠦᠵᠢᠯ ᠤᠨ ᠦᠵᠡᠯᠲᠡ ᠶᠢ ᠪᠣᠢ ᠪᠣᠯᠭᠠᠵᠤ᠂ ᠬᠡᠪ ᠴᠢᠨᠠᠷ ᠤᠨ | ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ | ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠮᠣᠷᠠᠯ᠂ | ᠦᠢᠯᠡ ᠠᠵᠢᠯᠯᠠᠭ᠎ᠠ ᠶᠢᠨ ᠳᠠᠳᠬᠠᠯ ᠪᠠ ᠡᠷᠡᠭᠦᠯ ᠴᠢᠭᠢᠷᠠᠭ ᠪᠡᠶ᠎ᠡ ᠰᠡᠳᠬᠢᠯ ᠢ ᠬᠥᠮᠦᠵᠢᠭᠦᠯᠬᠦ ᠶᠢ ᠴᠢᠬᠤᠯᠠᠴᠢᠯᠠᠵᠤ᠂ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ | ᠬᠡᠦᠬᠡᠳ ᠤᠨ ᠥᠰᠦᠨ ᠪᠤᠶᠢᠵᠢᠬᠤ ᠬᠠᠷᠠᠯᠲᠠ ᠶᠢ ᠣᠶᠤᠨᠴᠢ ᠪᠠᠷ ᠲᠣᠭᠲᠠᠭᠠᠨ᠎ᠠ︔ ᠢᠯᠡᠭᠦᠦ ᠬᠦᠨᠳᠦᠳᠬᠡᠵᠦ | ᠢᠯᠡᠭᠦᠬᠡᠨ ᠣᠶᠢᠯᠠᠭᠠᠵᠤ᠂ ᠰᠤᠷᠭᠠᠨ ᠬᠥᠮᠥᠵᠢᠭᠦᠯᠬᠦ ᠠᠷᠭ᠎ᠠ ᠮᠠᠶ᠋ᠢᠭ ᠢ ᠴᠢᠬᠤᠯᠠᠴᠢᠯᠠᠨ᠎ᠠ︔ ᠰᠤᠷᠭᠠᠭᠤᠯᠢ ᠡᠬᠢᠯᠡᠬᠦ | ᠤᠯᠠᠷᠢᠯ ᠳᠤ ᠬᠡᠦᠬᠡᠳ ᠤᠨ ᠰᠡᠳᠬᠢᠴᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠡᠦᠬᠡᠳ ᠲᠠᠢ ᠡᠶ᠎ᠡ | ᠡᠪᠲᠡᠢ ᠨᠡᠪᠲᠡᠷᠡᠬᠦ ᠶᠢ ᠪᠠᠲᠤᠯᠠᠨ᠎ᠠ᠃ ᠭᠡᠷ ᠲᠤ ᠪᠠᠨ ᠬᠤᠴᠣᠷᠤᠭᠰᠠᠨ ᠬᠡᠦᠬᠡᠳ ᠤᠨ ᠭᠡᠷ ᠤᠨ ᠠᠬᠠᠮᠠᠳ ᠬᠡᠦᠬᠡᠳ | ᠲᠠᠢ ᠪᠠᠨ ᠲᠣᠭᠲᠠᠭᠰᠠᠨ ᠬᠤᠭᠤᠴᠠᠭ᠎ᠠ ᠲᠠᠢ ᠬᠠᠷᠢᠯᠴᠠᠵᠤ᠂ ᠬᠠᠯᠠᠮᠵᠢᠯᠠᠨ ᠬᠠᠶᠢᠷᠠᠯᠠᠬᠤ ᠬᠡᠷᠡᠭᠲᠡᠢ᠃ | 26. ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠤᠯᠤᠰ ᠤᠨ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠤᠨ ᠤ ᠠᠮᠠᠷᠠᠯᠲᠠ ᠶᠢᠨ | ᠡᠳᠦᠷ ᠢ ᠡᠵᠡᠯᠡᠨ ᠠᠰᠢᠭᠯᠠᠵᠤ ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠳᠡᠮᠵᠢᠵᠦ᠂ ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠡᠦᠬᠡᠳ ᠤᠨ | ᠪᠦᠬᠦ ᠲᠠᠯ᠎ᠠ ᠶᠢᠨ ᠬᠥᠭᠵᠢᠯᠲᠡ ᠪᠠ ᠡᠷᠡᠭᠦᠯ ᠴᠢᠬᠢᠷᠠᠭ ᠥᠰᠦᠨ ᠪᠣᠶᠢᠵᠢᠯᠲᠠ ᠶᠢ ᠠᠬᠢᠭᠤᠯᠬᠤ ᠬᠡᠷᠡᠭᠲᠡᠢ᠃ | 27. ᠨᠠᠰᠤᠨ ᠳᠤ ᠦᠯᠦ ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠵᠠᠰᠠᠬᠤ ᠠᠵᠢᠯ ᠤᠨ ᠲᠤᠬᠠᠢ | ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ | ᠬᠢᠨᠠᠨ ᠬᠠᠮᠠᠭᠠᠯᠠᠭᠴᠢ ᠨᠠᠰᠤᠨ ᠳᠤ ᠦᠯᠦ ᠬᠦᠷᠦᠭᠰᠡᠳ ᠪᠡᠶ᠎ᠡ ᠳᠤ ᠪᠠᠨ ᠵᠢᠷᠤᠭ ᠰᠢᠪᠡᠬᠦ ᠰᠠᠨᠠᠭ᠎ᠠ ᠲᠠᠢ ᠪᠤᠶᠤ | ᠰᠢᠪᠡᠭᠰᠡᠨ ᠢ ᠣᠯᠵᠤ ᠮᠡᠳᠡᠪᠡᠯ ᠴᠠᠭ ᠲᠤᠬᠠᠢ ᠳᠤ ᠨᠢ ᠢᠳᠬᠠᠨ ᠬᠤᠷᠢᠭᠯᠠᠬᠤ ᠬᠡᠷᠡᠭᠲᠡᠢ᠂ ᠨᠠᠰᠤᠨ ᠳᠤ ᠦᠯᠦ | ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠳᠤᠷ᠎ᠠ ᠪᠠᠷ ᠨᠢ ᠲᠠᠯᠪᠢᠵᠤ ᠪᠣᠯᠬᠤ ᠦᠭᠡᠢ᠃ ᠪᠣᠳᠠᠲᠤ | ᠠᠵᠢᠯᠯᠠᠭ᠎ᠠ ᠪᠠᠷ ᠳᠡᠮᠵᠢᠵᠦ᠂ ᠬᠡᠦᠬᠡᠳ ᠢ ᠬᠠᠪᠰᠤᠷᠤᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ | ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠪᠠᠷ ᠬᠥᠮᠥᠵᠢᠭᠦᠯᠵᠦ᠂ ᠪᠡᠶ᠎ᠡ ᠳᠤ ᠪᠠᠨ ᠵᠢᠷᠤᠭ ᠰᠢᠪᠡᠬᠦ ᠶᠢᠨ | ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ | ᠴᠢᠩᠭᠠᠳᠬᠠᠵᠤ᠂ ᠪᠡᠶ᠎ᠡ ᠳᠤ ᠪᠠᠨ ᠵᠢᠷᠤᠭ ᠰᠢᠪᠡᠬᠦ ᠶᠢ ᠣᠶᠤᠨᠴᠢ ᠪᠠᠷ ᠳᠡᠪᠴᠢᠬᠦ ᠪᠣᠯᠭᠠᠨ᠎ᠠ᠃ | 28. ᠭᠡᠷ ᠤᠨ ᠠᠬᠠᠮᠠᠳ ᠠᠴᠠ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠠᠮᠤᠷ ᠲᠦᠪᠰᠢᠨ ᠤ | ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠳᠤ ᠰᠤᠷᠤᠭᠴᠢᠳ ᠢᠳᠡᠪᠬᠢᠲᠡᠢ ᠣᠷᠣᠯᠴᠠᠬᠤ ᠶᠢ ᠳᠡᠮᠵᠢᠵᠦ᠂ ᠠᠮᠤᠷ | ᠲᠦᠪᠰᠢᠨ ᠤ ᠠᠵᠢᠯ ᠤᠨ ᠬᠠᠮ ᠬᠦᠴᠦᠨ ᠢ ᠴᠢᠩᠭᠠᠳᠬᠠᠨ᠎ᠠ᠃ | | | |