ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ 2024 ᠣᠨ ᠤ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠢ ᠵᠠᠬᠢᠳᠠᠯ
ᠨᠡᠶᠢᠲᠡᠯᠡᠭᠰᠡᠨ ᠴᠠᠭ᠄
2024/9/23
ᠡᠯ᠎ᠡ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2024 ᠣᠨ ᠤ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢ ᠲᠣᠭᠲᠠᠭᠠᠬᠤ ᠪᠠ ᠰᠡᠳᠦᠪ ᠪᠡᠶᠡᠯᠡᠭᠦᠯᠦᠭᠰᠡᠨ ᠢ ᠰᠢᠯᠭᠠᠨ ᠠᠪᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ 19 ᠵᠢᠩᠬᠢᠨᠢ ᠠᠩᠭᠢᠲᠤ ᠳᠡᠭᠡᠳᠦ ᠰᠤᠷᠭᠠᠭᠤᠯᠢ 2024 ᠣᠨ ᠤ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠢ ᠳᠡᠭᠡᠭᠰᠢ ᠮᠡᠳᠡᠭᠦᠯᠪᠡ᠃      ᠡᠳᠦᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠬᠢᠨᠠᠨ ᠪᠠᠶᠢᠴᠠᠭᠠᠵᠤ ᠪᠠᠲᠤᠯᠠᠭᠰᠠᠨ ᠲᠥᠷᠥᠯ ᠵᠦᠢᠯ 650 ᠵᠢᠴᠢ ᠰᠢᠯᠭᠠᠷᠠᠭᠤᠯᠵᠤ ᠮᠠᠭᠠᠳᠯᠠᠨ ᠲᠣᠭᠲᠠᠭᠠᠭᠰᠠᠨ 216 ᠵᠦᠢᠯ ᠤᠨ ᠤᠯᠤᠰ ᠤᠨ ᠳᠡᠰ ᠤᠨ ᠲᠥᠷᠥᠯ ᠵᠦᠢᠯ ᠤᠨ ᠨᠡᠷᠡᠰ ᠢ ᠨᠡᠶᠢᠲᠡᠯᠡᠪᠡ᠃ ᠡᠭᠦᠨ ᠳᠤ ᠰᠢᠨ᠎ᠡ ᠶᠢ ᠡᠭᠦᠳᠬᠦ ᠪᠣᠯᠪᠠᠰᠤᠷᠠᠯ ᠤᠨ ᠲᠥᠷᠥᠯ ᠵᠦᠢᠯ 547᠂ ᠦᠢᠯᠡᠰ ᠪᠣᠰᠬᠠᠬᠤ ᠪᠣᠯᠪᠠᠰᠤᠷᠠᠯ ᠤᠨ ᠲᠥᠷᠥᠯ ᠵᠦᠢᠯ 61᠂ ᠦᠢᠯᠡᠰ ᠪᠣᠰᠬᠠᠬᠤ ᠦᠢᠯᠡᠳᠦᠯᠭᠡ ᠶᠢᠨ ᠲᠥᠷᠥᠯ ᠵᠦᠢᠯ 42 ︵ᠨᠡᠷᠡᠰ ᠢ ᠳᠠᠭᠠᠯᠳᠤᠭᠤᠯᠤᠯ ᠳᠤ ᠦᠵᠡᠭᠡᠷᠡᠢ︶ ᠪᠤᠢ᠃      ᠡᠯ᠎ᠡ ᠳᠡᠭᠡᠳᠦ ᠰᠤᠷᠭᠠᠭᠤᠯᠢ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠷᠤᠳᠠᠯ ᠤᠨ ᠪᠡᠯᠡ ᠣᠷᠣᠭᠤᠯᠤᠯᠲᠠ ᠶᠢ ᠪᠠᠲᠤᠯᠠᠵᠤ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ᠳᠠᠭᠠᠯᠳᠤᠭᠤᠯᠤᠯ᠄      1.2024 ᠣᠨ ᠤ ᠤᠯᠤᠰ ᠤᠨ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠨᠡᠷᠡᠰ      2.2024 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠨᠡᠷᠡᠰ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ             2024 ᠣᠨ ᠤ 9 ᠰᠠᠷ᠎ᠠ ᠶᠢᠨ 11 ᠤ ᠡᠳᠦᠷᠳᠠᠭᠠᠯᠳᠤᠭᠤᠯᠤᠯ 1.2024 ᠣᠨ ᠤ ᠤᠯᠤᠰ ᠤᠨ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠨᠡᠷᠡᠰ. xls ᠳᠠᠭᠠᠯᠳᠤᠭᠤᠯᠤᠯ 2.2024 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠤᠨ ᠨᠡᠷᠡᠰ. xls 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map