2024 ᠲᠣᠷᠭᠠᠨ ᠵᠠᠮ ᠣᠯᠠᠨ ᠤᠯᠤᠰ ᠤᠨ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ ᠮᠣᠩᠭᠤᠯ︶ ᠤᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠪᠠ ᠰᠢᠨ᠎ᠡ ᠮᠠᠲ᠋ᠧᠷᠢᠶᠠᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/23
      9 ᠰᠠᠷ᠎ᠠ ᠶᠢᠨ 20 - 21 ᠤ ᠡᠳᠦᠷ᠂ 2024 ᠲᠣᠷᠭᠠᠨ ᠵᠠᠮ ᠣᠯᠠᠨ ᠤᠯᠤᠰ ᠤᠨ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ ᠮᠣᠩᠭᠤᠯ︶ ᠤᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠪᠠ ᠰᠢᠨ᠎ᠡ ᠮᠠᠲ᠋ᠧᠷᠢᠶᠠᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠢ ᠪᠤᠭᠤᠲᠤ ᠬᠤᠲᠠ ᠳᠤ ᠬᠤᠷᠠᠯᠳᠤᠭᠤᠯᠪᠠ᠃

1.jpg

2.png

3.jpg

      ᠬᠤᠷᠠᠯ ᠤᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ 60 ᠭᠠᠷᠤᠢ ᠲᠤᠰᠬᠠᠢ

ᠮᠡᠷᠭᠡᠵᠢᠯᠲᠡᠨ ᠡᠷᠳᠡᠮᠲᠡᠳ ︽ᠬᠤᠪᠣᠷ ᠰᠢᠷᠣᠢ ᠶᠢᠨ ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠬᠤ ᠮᠡᠷᠭᠡᠵᠢᠯ ᠤᠨ

ᠰᠢᠨ᠎ᠡ ᠶᠢ ᠡᠭᠦᠳᠬᠦ ᠪᠠ ᠦᠷᠭᠦᠯᠵᠢᠯᠡᠬᠦᠶᠢᠴᠡ ᠬᠥᠭᠵᠢᠯᠲᠡ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠥᠨᠳᠥᠷ

ᠪᠦᠲᠦᠮᠵᠢᠲᠡᠢ ᠠᠰᠢᠭᠯᠠᠬᠤ ᠬᠤᠰᠢᠭᠤᠷᠠᠯ ᠮᠡᠷᠭᠡᠵᠢᠯ᠂ ᠳᠠᠪᠠᠭᠤᠯᠢᠭ ᠡᠬᠢ ᠪᠠᠶᠠᠯᠢᠭ ᠤᠨ ᠲᠡᠷᠢᠭᠦᠨ ᠤ ᠮᠠᠲ᠋ᠧᠷᠢᠶᠠᠯ ᠢ

ᠪᠣᠬᠢᠷᠲᠤᠯ ᠦᠭᠡᠢ ᠰᠤᠳᠤᠯᠤᠨ ᠨᠡᠭᠡᠭᠡᠬᠦ ᠪᠠ ᠥᠨᠳᠥᠷ ᠥᠷᠲᠡᠭᠲᠦ ᠬᠡᠷᠡᠭᠯᠡᠯᠲᠡ᠂ ᠴᠠᠬᠢᠭᠤᠷ ᠤᠨ ᠰᠠᠭᠤᠷᠢ

ᠬᠤᠰᠢᠭᠤᠷᠠᠯ ᠮᠠᠲ᠋ᠧᠷᠢᠶᠠᠯ ᠪᠣᠯᠤᠨ ᠮᠡᠷᠭᠡᠵᠢᠯ᠂ ᠠᠵᠤ ᠦᠢᠯᠡᠳᠪᠦᠷᠢ ᠶᠢᠨ ᠮᠠᠰᠢᠨ ᠬᠥᠮᠦᠨ ᠪᠣᠯᠤᠨ ᠣᠶᠤᠨᠲᠤ

ᠦᠢᠯᠡᠳᠬᠦ ᠰᠢᠰᠲ᠋ᠧᠮ︾ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠭᠤᠣᠯ ᠵᠣᠷᠢᠯᠲᠠᠲᠤ ᠮᠡᠳᠡᠭᠦᠯᠦᠯᠲᠡ᠂ ᠲᠤᠰᠬᠠᠢ

ᠰᠡᠳᠦᠪ ᠢᠶᠠᠷ ᠬᠤᠪᠢᠶᠠᠯᠴᠠᠬᠤ ᠪᠠ ᠡᠷᠳᠡᠮ ᠰᠢᠨᠵᠢᠯᠡᠭᠡᠨ ᠤ ᠴᠤᠭᠯᠠᠭᠠᠨ ᠥᠷᠨᠢᠭᠦᠯᠪᠡ᠃ ᠬᠤᠷᠠᠯ ᠳᠤ ᠣᠷᠣᠯᠴᠠᠭᠰᠠᠨ

ᠬᠦᠨᠳᠦᠲᠦ ᠵᠣᠴᠢᠳ ᠬᠤᠪᠣᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠰᠢᠨ᠎ᠡ

ᠡᠨᠧᠷᠭᠢ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠪᠣᠯᠣᠳ ᠲᠡᠮᠦᠷ ᠤᠨ ᠠᠵᠢᠯ ᠲᠥᠷᠥᠯ ᠢ ᠪᠣᠬᠢᠷᠲᠤᠯ ᠦᠭᠡᠢ

ᠲᠡᠶᠢᠰᠢ ᠬᠤᠪᠢᠷᠠᠭᠤᠯᠬᠤ᠂ ᠳᠡᠭᠡᠳᠦ ᠳᠡᠰ ᠤᠨ ᠦᠢᠯᠡᠳᠬᠦ ᠮᠡᠷᠭᠡᠵᠢᠯ ᠤᠨ ᠰᠢᠪᠲᠤᠯᠤᠯᠲᠠ᠂ ᠪᠣᠬᠢᠷᠲᠤᠯ ᠦᠭᠡᠢ

ᠲᠡᠮᠦᠷᠯᠢᠭ ᠬᠠᠶᠢᠯᠤᠭᠤᠯᠬᠤ ᠪᠠ ᠰᠢᠨ᠎ᠡ ᠮᠠᠲ᠋ᠧᠷᠢᠶᠠᠯ ᠤᠨ ᠬᠤᠰᠢᠭᠤᠷᠠᠯ ᠮᠡᠷᠭᠡᠵᠢᠯ᠂ ᠰᠢᠨ᠎ᠡ ᠶᠢ ᠡᠭᠦᠳᠦᠭᠰᠡᠨ ᠦᠷ᠎ᠡ

ᠪᠦᠲᠦᠭᠡᠯ ᠵᠢᠴᠢ ᠬᠥᠭᠵᠢᠯᠲᠡ ᠶᠢᠨ ᠬᠠᠨᠳᠤᠰᠢ᠂ ᠦᠢᠯᠡᠳᠪᠦᠷᠢᠯᠡᠬᠦ ᠰᠤᠷᠤᠯᠴᠠᠬᠤ ᠰᠣᠳᠤᠯᠬᠤ ᠬᠡᠷᠡᠭᠯᠡᠬᠦ ᠶᠢᠨ

ᠠᠭᠤᠰᠤᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠪᠠ᠃

   

4.jpg

5.jpg

      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠶᠡᠭᠡ ᠰᠤᠷᠭᠠᠭᠤᠯᠢ ᠪᠣᠯᠤᠨ ᠯᠦ ᠴᠧᠩ ᠲᠤᠷᠰᠢᠯᠲᠠ ᠶᠢᠨ ᠲᠠᠰᠤᠭ ︽ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠥᠬᠡᠬᠤᠲᠠ ᠪᠤᠭᠤᠲᠤ ᠣᠷᠳᠣᠰ ᠤᠨ ᠤᠯᠤᠰ ᠤᠨ

ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠦᠲᠦᠭᠡᠨ

ᠪᠠᠶᠢᠭᠤᠯᠤᠯᠲᠠ ᠶᠢᠨ ᠲᠥᠷᠥᠯ ᠵᠦᠢᠯ - ᠳᠣᠣᠷ᠎ᠠ ᠨᠡᠭᠦᠷᠡᠰᠦᠲᠥ᠋ᠷᠥᠭᠴᠢᠲᠦ ᠣᠬᠤᠷ ᠴᠤᠪᠤᠷᠠᠯ ᠢᠶᠠᠷ ᠳᠠᠷᠤᠰᠢᠭᠤᠯᠬᠤ

ᠪᠠ ᠰᠢᠲᠠᠭᠠᠬᠤ ᠶᠢ ᠨᠢᠭᠡ ᠴᠣᠭᠴᠠᠵᠢᠭᠤᠯᠤᠭᠰᠠᠨ ᠲᠦᠷᠭᠡᠨ ᠰᠢᠲᠠᠭᠠᠵᠤ ᠪᠠᠷᠢᠯᠳᠤᠭᠤᠯᠬᠤ ᠲᠣᠨᠤᠭ ᠲᠥᠬᠦᠭᠡᠷᠦᠮᠵᠢ ᠶᠢ

ᠰᠤᠳᠤᠯᠤᠨ ᠦᠢᠯᠡᠳᠬᠦ ᠵᠢᠴᠢ ᠬᠡᠷᠡᠭᠯᠡᠬᠦ︾ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ

ᠦᠰᠦᠭ ᠵᠢᠷᠤᠵᠤ᠂ ᠮᠣᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ ᠯᠤᠭ᠎ᠠ ︽ᠣᠯᠠᠨ ᠤᠯᠤᠰ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ︾ ᠢ ᠬᠠᠮᠲᠤ ᠳᠤ ᠪᠠᠨ

ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠡᠭᠦᠨ ᠠᠴᠠ ᠭᠠᠳᠠᠨ᠎ᠠ᠂ ᠪᠠᠰᠠ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠰᠣᠨᠢᠨ ᠤ ᠨᠠᠢᠮᠠᠳᠤᠭᠠᠷ

ᠬᠤᠭᠤᠴᠠᠭᠠᠨ ᠤ ᠨᠠᠶᠢᠷᠠᠭᠤᠯᠬᠤ ᠵᠥᠪᠯᠡᠯ ᠢ ᠪᠠᠶᠢᠭᠤᠯᠬᠤ ᠶᠣᠰᠣᠯᠠᠯ ᠢ ᠶᠠᠪᠤᠭᠤᠯᠤᠭᠰᠠᠨ ᠪᠥᠭᠡᠳ ᠨᠠᠶᠢᠷᠠᠭᠤᠯᠬᠤ

ᠵᠥᠪᠯᠡᠯ ᠤᠨ ᠲᠥᠯᠥᠭᠡᠯᠡᠭᠴᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠣᠷᠭᠠᠨ ᠵᠠᠮ

ᠣᠯᠠᠨ ᠤᠯᠤᠰ ᠤᠨ ᠦᠢᠯᠡᠳᠪᠦᠷᠢᠯᠡᠬᠦ  ᠰᠤᠷᠤᠯᠴᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ ᠬᠤᠷᠠᠯ ︵ᠥᠪᠥᠷ

ᠮᠣᠩᠭᠤᠯ︶ ᠢᠶᠠᠷ ᠲᠠᠪᠴᠠᠩ ᠪᠣᠯᠭᠠᠵᠤ᠂ ᠮᠠᠨ ᠤ ᠣᠷᠣᠨ ᠤ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢ

ᠵᠢᠯᠣᠭᠤᠳᠴᠤ ᠳᠤᠮᠳᠠᠳᠤ ᠭᠠᠳᠠᠭᠠᠳᠤ ᠶᠢᠨ ᠬᠤᠣᠰ ᠵᠢᠯᠣᠭᠤᠳᠣᠭᠴᠢ ᠪᠠᠭᠰᠢ ᠬᠠᠮᠲᠤᠷᠠᠨ ᠰᠣᠳᠤᠯᠬᠤ ᠰᠤᠷᠤᠭᠴᠢ

ᠬᠥᠮᠦᠵᠢᠭᠦᠯᠬᠦ᠂ ᠣᠯᠠᠨ ᠤᠯᠤᠰ ᠤᠨ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭᠠᠨ ᠤ

ᠡᠷᠳᠡᠮ ᠰᠢᠨᠵᠢᠯᠡᠭᠡᠨ ᠤ ᠰᠣᠯᠢᠯᠴᠠᠭ᠎ᠠ ᠵᠡᠷᠭᠡ ᠠᠵᠢᠯ ᠢ ᠢᠳᠡᠪᠬᠢᠲᠡᠢ ᠥᠷᠨᠢᠭᠦᠯᠪᠡ᠃ ᠳᠠᠷᠠᠭ᠎ᠠ ᠠᠯᠬᠤᠮ ᠳᠤ᠂

ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠤᠷᠠᠯ ᠤᠨ ᠨᠡᠷᠡᠲᠦ ᠲᠡᠮᠳᠡᠭᠲᠦ ᠶᠢᠨ

ᠳᠠᠪᠠᠭᠤᠯᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠣᠯᠠᠨ ᠤᠯᠤᠰ ᠤᠨ

ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠨ ᠤ ᠣᠷᠣᠨ  ᠤ ᠶᠡᠭᠡ ᠳᠡᠭᠡᠳᠦ ᠰᠤᠷᠭᠠᠭᠤᠯᠢ ᠶᠢᠨ

ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠣᠯᠠᠨ ᠤᠯᠤᠰ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ 

ᠥᠷᠭᠡᠳᠭᠡᠨ᠂ ᠮᠠᠨ ᠤ ᠣᠷᠣᠨ  ᠤ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ ᠪᠠ ᠴᠢᠨᠠᠷᠯᠢᠭ ᠬᠥᠭᠵᠢᠭᠦᠯᠬᠦ ᠶᠢ

ᠦᠷᠭᠦᠯᠵᠢᠯᠡᠨ ᠠᠬᠢᠭᠤᠯᠤᠨ᠎ᠠ᠃

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠵᠢᠯᠣᠭᠤᠳᠴᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠶᠡᠭᠡ ᠰᠤᠷᠭᠠᠭᠤᠯᠢ ᠠᠴᠠ

ᠭᠤᠣᠯᠯᠠᠨ ᠡᠷᠬᠢᠯᠡᠵᠦ᠂ ᠯᠦ ᠴᠧᠩ ᠲᠤᠷᠰᠢᠯᠲᠠ ᠶᠢᠨ ᠲᠠᠰᠤᠭ᠂ ᠬᠥᠩᠭᠡᠨ ᠬᠤᠪᠣᠷ ᠰᠢᠷᠣᠢ ᠶᠢᠨ ᠡᠬᠢ ᠪᠠᠶᠠᠯᠢᠭ ᠢ

ᠪᠣᠬᠢᠷᠲᠤᠯ ᠦᠭᠡᠢ ᠭᠠᠷᠭᠠᠨ ᠠᠪᠬᠤ ᠪᠠ ᠥᠨᠳᠥᠷ ᠪᠦᠲᠦᠮᠵᠢᠲᠡᠢ ᠠᠰᠢᠭᠯᠠᠬᠤ ᠰᠤᠷᠭᠠᠨ ᠬᠥᠮᠦᠵᠢᠯ ᠤᠨ ᠶᠠᠮᠤᠨ ᠤ

ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠬᠠᠮᠵᠢᠯᠴᠠᠨ ᠡᠷᠬᠢᠯᠡᠪᠡ᠃ ᠪᠡᠭᠡᠵᠢᠩ ᠤᠨ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ

ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ᠂ ᠨᠠᠨᠺᠠᠢ ᠶᠡᠭᠡ ᠰᠤᠷᠭᠠᠭᠤᠯᠢ᠂ ᠠᠦ᠋ᠰᠲᠷᠠᠯᠢᠶ᠎ᠠ ᠶᠢᠨ ᠺᠦᠨᠰᠯᠠᠨᠳ᠋ ᠶᠡᠭᠡ

ᠰᠤᠷᠭᠠᠭᠤᠯᠢ᠂ ᠪᠧᠯᠤᠷᠦ᠋ᠰᠢᠶ᠎ᠠ ᠶᠢᠨ ᠭᠤᠮᠧᠯ ᠶᠡᠭᠡ ᠰᠤᠷᠭᠠᠭᠤᠯᠢ᠂ ᠮᠣᠩᠭᠤᠯ ᠤᠯᠤᠰ ᠤᠨ ᠤᠯᠤᠰ ᠤᠨ ᠶᠡᠭᠡ

ᠰᠤᠷᠭᠠᠭᠤᠯᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠺᠣᠮᠫᠠᠨᠢ᠂ ᠯᠦ ᠴᠧᠩ ᠲᠤᠷᠰᠢᠯᠲᠠ ᠶᠢᠨ ᠲᠠᠰᠤᠭ

ᠵᠡᠷᠭᠡ ᠨᠢᠭᠡᠴᠢ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map