ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠤᠯᠪᠣᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/9/23
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠤᠯᠪᠣᠭ᠎ᠠ ᠪᠠᠶᠢᠭᠤᠯᠬᠤ ᠡᠬᠢᠯᠡᠯᠲᠡ ᠶᠢᠨ ᠶᠣᠰᠣᠯᠠᠯ  ᠢ ᠪᠤᠭᠤᠲᠤ ᠬᠤᠲᠠ ᠳᠤ ᠶᠠᠪᠤᠭᠳᠠᠭᠤᠯᠪᠠ᠃
1.png
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠤᠯᠪᠣᠭ᠎ᠠ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠲᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠢᠯᠣᠭᠤᠳᠣᠯᠭ᠎ᠠ ᠪᠠᠷ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠠᠴᠠ ᠬᠠᠮᠲᠤᠷᠠᠨ ᠰᠠᠨᠠᠭᠠᠴᠢᠯᠠᠵᠤ᠂ ᠣᠯᠠᠨ ᠲᠠᠯ᠎ᠠ ᠶᠢᠨ ᠬᠢᠨ ᠣᠷᠣᠯᠴᠠᠬᠤ᠂ ᠡᠬᠢ ᠪᠠᠶᠠᠯᠢᠭ ᠢ ᠬᠠᠮᠲᠤ ᠳᠤ ᠪᠠᠨ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠨ᠎ᠡ ᠠᠷᠭ᠎ᠠ ᠵᠠᠮ ᠢ ᠬᠠᠮᠲᠤ ᠳᠤ ᠪᠠᠨ ᠬᠠᠶᠢᠨ ᠰᠦᠪᠡᠭᠴᠢᠯᠡᠬᠦ ᠪᠠᠷ ᠵᠣᠷᠢᠯᠭ᠎ᠠ ᠪᠠᠨ ᠪᠣᠯᠭᠠᠪᠠ᠃      ᠬᠤᠯᠪᠣᠭ᠎ᠠ ᠪᠠᠶᠢᠭᠤᠯᠬᠤ ᠪᠣᠯ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠯᠪᠣᠭ᠎ᠠ ᠨᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠭᠤᠷᠣᠨᠳᠣᠬᠢ ᠬᠥᠭᠦᠷᠭᠡ ᠬᠤᠯᠪᠣᠭᠠᠰᠤ ᠪᠣᠯᠵᠤ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠨᠠᠷᠢᠯᠢᠭ ᠣᠨᠣᠴᠠᠲᠠᠢ ᠵᠣᠯᠭᠠᠭᠤᠯᠬᠤ ᠶᠢ ᠠᠬᠢᠭᠤᠯᠵᠤ᠂ ᠦᠢᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠢ ᠠᠭᠤᠰᠤᠯᠴᠠᠭ᠎ᠠ ᠶᠢ ᠴᠢᠩᠭᠠᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ ᠬᠤᠯᠪᠣᠭᠠᠨ ᠤ ᠫᠠᠶᠢᠰᠠ ᠰᠡᠬᠦᠬᠦ᠂ ᠬᠡᠷᠡᠭ ᠡᠷᠬᠢᠯᠡᠭᠴᠢᠳ ᠤᠨ ᠳᠠᠷᠤᠭ᠎ᠠ ᠨᠢᠭᠡᠴᠢ ᠳᠤ ᠫᠠᠶᠢᠰᠠ ᠣᠯᠭᠤᠬᠤ᠂ ᠬᠤᠯᠪᠣᠭᠠᠨ ᠤ ᠮᠡᠷᠭᠡᠵᠢᠯ ᠤᠨ ᠵᠠᠭᠤᠴᠢᠯᠠᠭᠴᠢ ᠳᠤ ᠤᠷᠢᠯᠭ᠎ᠠ ᠶᠢᠨ ᠪᠢᠴᠢᠭ ᠣᠯᠭᠤᠬᠤ ᠵᠡᠷᠭᠡ ᠭᠤᠭᠴᠤᠭ᠎ᠠ ᠶᠢ ᠶᠠᠪᠤᠭᠳᠠᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠢᠶᠠᠨ ᠪᠡᠶᠡᠯᠡᠭᠦᠯᠦᠭᠰᠡᠨ 8 ᠬᠥᠮᠦᠨ ᠠᠬᠤᠢ ᠲᠠᠯᠠᠪᠠᠢ ᠳᠤ ᠮᠡᠷᠭᠡᠵᠢᠯ ᠤᠨ ᠦᠷ᠎ᠡ ᠪᠦᠲᠦᠭᠡᠯ ᠢᠶᠠᠨ ᠦᠵᠡᠭᠦᠯᠪᠡ᠃      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠂ ᠪᠤᠭᠤᠲᠤ ᠶᠢᠨ ᠪᠣᠯᠣᠳ ᠲᠡᠮᠦᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠵᠢᠯᠴᠠᠨ ᠡᠷᠬᠢᠯᠡᠪᠡ᠃ ᠣᠷᠣᠨ ᠤ ᠳᠣᠲᠣᠷᠠᠬᠢ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ 55 ᠨᠢᠭᠡᠴᠢ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map