2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ︵U16-U18︶ ᠤᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2024/9/23
      9 ᠰᠠᠷ᠎ᠠ ᠶᠢᠨ 20 ᠤ ᠡᠳᠦᠷ᠂ 6 ᠡᠳᠦᠷ ᠤᠨ ᠰᠢᠷᠦᠭᠦᠨ ᠮᠥᠷᠦ᠋ᠢᠴᠡᠭᠡᠨ ᠢᠶᠠᠷ ᠳᠠᠮᠵᠢᠨ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠳᠤᠭᠤᠶᠢᠯᠠᠩ ︵U16-U18︶ ᠤᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠤ ᠡᠷᠡᠭᠲᠡᠢ ᠶᠢᠨ ᠳᠤᠭᠤᠶᠢᠯᠠᠩ ᠪᠠ ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠬᠥᠬᠡᠬᠤᠲᠠ ᠪᠠ ᠤᠯᠠᠭᠠᠨᠬᠠᠳᠠ ᠬᠤᠲᠠ ᠳᠤ ᠲᠤᠰ ᠲᠤᠰ ᠲᠡᠭᠦᠰ ᠠᠮᠵᠢᠯᠲᠠ ᠲᠠᠢ ᠥᠨᠳᠦᠷᠯᠡᠪᠡ᠃ 2023 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠤ ᠲᠦᠷᠦᠭᠦᠦ 12 ᠨᠡᠷ᠎ᠡ ᠪᠠ 2023 ᠣᠨ ᠤ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠬᠡᠭᠴᠢᠨ ᠲᠠᠰ ᠤᠨ ᠬᠤᠯᠪᠣᠭᠠᠲᠤ ᠤᠷᠤᠯᠳᠤᠭᠠᠨ ᠤ ᠡᠮᠦᠨ᠎ᠡ 4 ᠨᠡᠷ᠎ᠡ ᠵᠡᠷᠭᠡ ᠡᠷᠡᠭᠲᠡᠢ᠂ ᠡᠮᠡᠭᠲᠡᠢ ᠶᠢᠨ 32 ᠳᠤᠭᠤᠶᠢᠯᠠᠩ ᠤᠷᠤᠯᠳᠤᠭᠠᠨ ᠳᠤ ᠣᠷᠣᠯᠴᠠᠪᠠ᠃   

1.jpg

2.jpg

            ᠡᠷᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠤ ᠠᠬᠤᠢ ᠲᠠᠯᠠᠪᠠᠢ

   

3.jpg

4.jpg

            ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠤ ᠠᠬᠤᠢ ᠲᠠᠯᠠᠪᠠᠢ

   

5.jpg

6.jpg

7.jpg

            ᠡᠷᠡᠭᠲᠡᠢ ᠶᠢᠨ ᠳᠤᠭᠤᠶᠢᠯᠠᠩ ᠤᠨ ᠱᠠᠩᠨᠠᠯ ᠣᠯᠭᠤᠬᠤ ᠠᠬᠤᠢ ᠲᠠᠯᠠᠪᠠᠢ

   

8.jpg

9.jpg

10.jpg

            ᠡᠮᠡᠭᠲᠡᠢ ᠶᠢᠨ ᠳᠤᠭᠤᠶᠢᠯᠠᠩ ᠤᠨ ᠱᠠᠩᠨᠠᠯ ᠣᠯᠭᠤᠬᠤ ᠠᠬᠤᠢ ᠲᠠᠯᠠᠪᠠᠢ

    

      ᠡᠴᠦᠰ ᠲᠤ᠂ ᠡᠷᠡᠭᠲᠡᠢ ᠶᠢᠨ ᠳᠤᠭᠤᠶᠢᠯᠠᠩ ᠤᠨ ᠲᠡᠷᠢᠭᠦᠨ ᠳᠡᠳ᠋ ᠭᠤᠲᠠᠭᠠᠷ ᠢ ᠪᠤᠭᠤᠲᠤ ᠬᠤᠲᠠ ᠶᠢᠨ ᠶᠡᠷᠡᠨ

ᠳᠣᠯᠣᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠣᠷᠳᠣᠰ

ᠬᠤᠲᠠ ᠶᠢᠨ ᠵᠡᠭᠦᠨᠭᠠᠷ ᠬᠤᠰᠢᠭᠤᠨ ᠤ ᠱᠢ ᠵᠢᠢ ᠳᠤᠮᠳᠠᠳᠤ ᠰᠤᠷᠭᠠᠭᠤᠯᠢ ᠲᠤᠰ ᠲᠤᠰ ᠬᠦᠷᠲᠡᠪᠡ︔ ᠣᠷᠳᠣᠰ

ᠬᠤᠲᠠ ᠶᠢᠨ ᠳᠠᠯᠠᠳ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠵᠢᠷᠭᠤᠳᠤᠭᠠᠷ

ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ ᠲᠤᠰ ᠲᠤᠰ

ᠡᠮᠡᠭᠲᠡᠢ ᠶᠢᠨ ᠳᠤᠭᠤᠶᠢᠯᠠᠩ ᠤᠨ ᠲᠦᠷᠦᠭᠦᠦ ᠭᠤᠷᠪᠠᠨ ᠨᠡᠷ᠎ᠡ ᠲᠤ ᠣᠷᠣᠪᠠ᠃

     ︽ᠬᠥᠯ ᠪᠥᠮᠪᠦᠭᠡᠨ︾ ᠤ ᠤᠷ᠎ᠠ ᠮᠡᠷᠭᠡᠵᠢᠯ ᠢ ᠭᠠᠶᠢᠬᠠᠭᠤᠯᠵᠤ᠂ ︽ᠬᠥᠯ ᠪᠥᠮᠪᠦᠭᠡᠨ︾ ᠤ ᠪᠠᠶᠠᠷ ᠪᠠᠭ᠋ᠠᠳᠤᠯ ᠢ

ᠡᠳ᠋ᠯᠡᠨ᠂ ᠤᠷᠤᠯᠳᠤᠭᠠᠨ ᠤ ᠲᠠᠯᠠᠪᠠᠢ ᠳᠤ ᠲᠠᠮᠢᠷᠴᠢᠳ ᠪᠦᠯᠬᠦᠮᠳᠡᠨ ᠬᠠᠮᠵᠢᠯᠴᠠᠵᠤ᠂ ᠨᠤᠭᠤᠷᠠᠰᠢ ᠦᠭᠡᠢ ᠲᠡᠮᠡᠴᠡᠨ᠂

ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠥᠷᠦᠶᠢᠴᠡᠬᠦ ᠪᠠᠷ ᠳᠠᠮᠵᠢᠨ᠂ 2024 ᠣᠨ ᠤ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠳᠤᠭᠤᠶᠢᠯᠠᠩ ︵U16-U18︶ ᠤᠨ ᠬᠥᠬᠡ ᠲᠠᠰ ᠤᠨ ᠬᠤᠯᠪᠣᠭᠠᠲᠤ ᠤᠷᠤᠯᠳᠤᠭᠠᠨ ᠲᠡᠭᠦᠰ

ᠠᠮᠵᠢᠯᠲᠠ ᠲᠠᠢ ᠥᠨᠳᠦᠷᠯᠡᠪᠡ᠃ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠤᠯᠪᠣᠭᠠᠲᠤ

ᠤᠷᠤᠯᠳᠤᠭᠠᠨ ᠳᠤ᠂ ᠬᠡᠰᠡᠭ ᠪᠦᠯᠦᠭ ᠬᠥᠭᠡᠭᠡᠴᠡᠯᠳᠦᠯᠭᠡ ᠲᠠᠢ ᠪᠠᠭᠠᠴᠤᠳ᠂ ᠬᠡᠰᠡᠭ ᠪᠦᠯᠦᠭ ᠬᠥᠯ ᠪᠥᠮᠪᠦᠭᠡᠨ ᠳᠤ

ᠰᠢᠯᠭᠠᠷᠠᠭᠰᠠᠳ ᠲᠠᠰᠤᠷᠠᠯᠲᠠ ᠦᠭᠡᠢ ᠢᠯᠡᠷᠡᠵᠦ᠂ ᠪᠦᠯᠬᠦᠮᠳᠡᠯ ᠪᠠ ᠢᠷᠠᠭᠤ ᠠᠯᠳᠠᠷ ᠢ ᠠᠭᠤᠰᠬᠠᠬᠤ ᠶᠠᠪᠤᠴᠠ ᠳᠤ

ᠠᠶᠠᠨᠳᠠᠭᠠᠨ ᠥᠰᠦᠨ ᠪᠣᠶᠢᠵᠢᠵᠤ᠂ ᠰᠤᠷᠭᠠᠭᠤᠯᠢ  ᠶᠢᠨ ᠬᠦᠷᠢᠶᠡᠨ ᠤ ᠬᠥᠯ ᠪᠥᠮᠪᠦᠭᠡᠨ ᠤ ᠰᠣᠶᠣᠯ ᠤᠨ ᠥᠷᠨᠢᠯᠲᠡ

ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map