ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 18 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠢᠯᠡᠰ | ᠪᠣᠰᠬᠠᠬᠤ ᠪᠡᠯᠡ ᠣᠷᠤᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ | ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠬᠢᠭᠡᠳ ᠲᠠᠷᠢᠶᠠᠯᠠᠩ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ | ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠪᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ ᠵᠦᠢᠯᠡᠰ ᠢ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ | ᠲᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯᠳᠤᠭᠠᠨ ᠢᠶᠠᠷ᠂ ᠦᠢᠯᠡᠰ ᠪᠤᠰᠬᠠᠬᠤ ᠪᠡᠯᠡ ᠣᠷᠣᠭᠤᠯᠤᠯᠲᠠ ᠨᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠲᠠᠢ | ᠬᠤᠯᠪᠣᠭᠳᠠᠨ᠎ᠠ᠃ ︽ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ︾ ᠡᠯ᠎ᠡ ᠭᠤᠭᠴᠣᠭᠠᠨ ᠳᠠᠬᠢ | ᠲᠦᠭᠵᠢᠷᠡᠯ ᠢ ᠲᠦᠷᠭᠡᠬᠡᠨ ᠨᠡᠪᠲᠡᠷᠡᠭᠦᠯᠵᠦ᠂ ᠨᠥᠬᠦᠴᠡᠯ ᠳᠤ ᠨᠡᠶᠢᠴᠡᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ | ᠭᠠᠷᠬᠤ ᠶᠢ ᠨᠢ ᠳᠡᠮᠵᠢᠵᠦ᠂ ᠰᠲ᠋ᠣᠺ ᠤᠨ ᠡᠷᠬᠡ ᠰᠢᠯᠵᠢᠭᠦᠯᠬᠦ᠂ ᠨᠡᠶᠢᠯᠡᠭᠦᠯᠦᠨ ᠬᠤᠳᠠᠯᠳᠤᠵᠤ ᠠᠪᠬᠤ ᠵᠠᠬ᠎ᠠ | ᠳᠡᠯᠭᠡᠭᠦᠷ ᠢ ᠶᠡᠭᠡ ᠪᠠᠷ ᠬᠥᠭᠵᠢᠭᠦᠯᠵᠦ᠂ ᠪᠣᠳᠠᠲᠤ ᠶᠠᠭᠤᠮ᠎ᠠ ᠪᠠᠷ ᠬᠤᠪᠢᠶᠠᠷᠢᠯᠠᠬᠤ ᠰᠲ᠋ᠣᠺ ᠤᠨ ᠲᠤᠷᠰᠢᠯᠲᠠ ᠶᠢᠨ | ᠴᠡᠭ ᠤᠳ ᠢ ᠳᠡᠯᠭᠡᠷᠡᠭᠦᠯᠵᠦ᠂ ᠨᠡᠶᠢᠭᠡᠮ ᠤᠨ ᠬᠦᠷᠦᠩᠭᠡ ᠶᠢ ᠵᠣᠷᠢᠭᠵᠢᠭᠤᠯᠵᠤ ᠪᠠᠶᠢᠭᠠᠳ ᠡᠬᠡ ᠰᠠᠭᠤᠷᠢ ᠮᠥᠩᠭᠦ ᠪᠠᠨ | ᠵᠠᠬ᠎ᠠ ᠳᠡᠯᠭᠡᠭᠦᠷᠴᠢᠯᠡᠵᠦ ᠨᠡᠶᠢᠯᠡᠭᠦᠯᠦᠨ ᠬᠤᠳᠠᠯᠳᠤᠵᠤ ᠠᠪᠬᠤ ᠪᠤᠶᠤ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ | ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ ᠶᠢ ᠪᠠᠶᠢᠭᠤᠯᠵᠤ᠂ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠠᠵᠢᠯ ᠲᠦᠷᠦᠯ ᠤᠨ ᠰᠠᠶᠢᠨ ᠣᠷᠴᠢᠯ ᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ | ᠡᠳ᠋ ᠬᠦᠷᠦᠩᠭᠡ ᠪᠠᠷ ᠭᠠᠷᠭᠠᠬᠤ ᠪᠡᠯᠡ ᠮᠥᠩᠭᠦ ᠶᠢ ᠨᠡᠩ ᠬᠠᠷᠢᠭᠤᠴᠠᠯᠭ᠎ᠠ ᠲᠠᠢ ᠤᠷᠳᠤ ᠬᠤᠭᠤᠴᠠᠭᠠᠨ ᠤ ᠬᠦᠷᠦᠩᠭᠡ᠂ | ᠬᠦᠯᠢᠴᠡᠩᠭᠦᠢ ᠬᠥᠷᠥᠩᠭᠡ ᠪᠣᠯᠭᠠᠬᠤ ᠶᠢ ᠨᠢ ᠠᠬᠢᠭᠤᠯᠵᠤ᠂ ᠤᠯᠤᠰ ᠤᠨ ᠥᠮᠴᠢᠯᠡᠯᠲᠦ ᠪᠡᠯᠡ ᠮᠥᠩᠭᠦ ᠪᠠᠷ ᠪᠡᠯᠡ | ᠭᠠᠷᠭᠠᠬᠤ ᠂ ᠰᠢᠯᠭᠠᠨ ᠬᠢᠨᠠᠬᠤ᠂ ᠠᠯᠳᠠᠰᠢ ᠶᠢ ᠨᠢ ᠠᠭᠤᠴᠢᠯᠠᠨ ᠪᠠᠭᠲᠠᠭᠠᠬᠤ ᠂ ᠪᠤᠴᠠᠭᠠᠨ ᠭᠠᠷᠭᠠᠬᠤ ᠯᠤᠭ᠎ᠠ | ᠬᠤᠯᠪᠣᠭᠳᠠᠭᠰᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠦᠢᠯᠡᠰ ᠪᠣᠰᠬᠠᠬᠤ | ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ | ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ᠂ ᠥᠨᠥ ᠵᠢᠯ ᠡᠬᠢᠯᠡᠭᠰᠡᠨ ᠠᠴᠠ ᠨᠠᠭᠠᠰᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠲᠠᠷᠢᠶᠠᠯᠠᠩ ᠤᠨ ᠠᠵᠢᠯ ᠢ ᠤᠷᠳᠤ | ᠬᠤᠭᠤᠴᠠᠭ᠎ᠠ ᠪᠠᠷ ᠰᠠᠶᠢᠲᠤᠷ ᠠᠳᠬᠤᠵᠤ᠂ ᠦᠶᠡᠷ ᠤᠰᠤᠲᠤᠯ ᠤᠨ ᠭᠠᠮᠰᠢᠭ ᠵᠡᠷᠭᠡ ᠠᠰᠢᠭ ᠦᠭᠡᠢ ᠨᠥᠯᠥᠭᠡ ᠶᠢ | ᠪᠦᠲᠦᠮᠵᠢᠲᠡᠢ ᠠᠷᠭᠠᠴᠠᠭᠠᠵᠤ᠂ ᠵᠣᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ | ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠣᠮᠠᠷ ᠪᠠᠶᠢᠵᠤ᠂ ︽ᠬᠤᠯᠢᠰᠢᠨ ᠢᠳᠡᠭᠡᠨ︾ ᠤ | ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠣᠯᠣᠨ᠎ᠠ᠃ ᠨᠠᠮᠤᠷ ᠤᠨ ᠭᠠᠵᠠᠷ ᠲᠡᠭᠰᠢᠯᠡᠬᠦ᠂ ᠳᠠᠯᠠᠩᠨᠠᠬᠤ᠂ ᠪᠣᠷᠳᠣᠭᠤᠷ | ᠣᠷᠣᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ ᠰᠠᠶᠢᠲᠤᠷ ᠠᠳᠬᠤᠨ᠂ ᠭᠠᠮᠰᠢᠭ ᠢ ᠬᠢᠨᠠᠨ ᠰᠢᠨᠵᠢᠵᠦ | ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠭᠠᠬᠤ ᠶᠢ ᠴᠢᠩᠭᠠᠳᠬᠠᠵᠤ᠂ ᠮᠠᠰᠢᠨ ᠢᠶᠠᠷ ᠬᠤᠷᠢᠶᠠᠬᠤ ᠶᠢ ᠵᠣᠬᠢᠶᠠᠨ | ᠪᠠᠶᠢᠭᠤᠯᠵᠤ ᠲᠣᠬᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ | ᠦᠨᠡᠨ ᠬᠦ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ | ᠪᠡᠯᠡᠳᠬᠡᠯ ᠲᠥᠰᠦᠯ ᠢ ᠡᠷᠲᠡᠬᠡᠨ ᠰᠤᠳᠤᠯᠤᠨ ᠲᠣᠭᠲᠠᠭᠠᠵᠤ᠂ ᠰᠢᠨ᠎ᠡ ᠣᠨ ᠤ ᠪᠤᠭᠤᠳᠠᠶ ᠬᠤᠳᠠᠯᠳᠤᠨ ᠠᠪᠬᠤ | ᠬᠠᠮᠤᠭ ᠤᠨ ᠳᠣᠣᠷ᠎ᠠ ᠦᠨ᠎ᠡ ᠶᠢ ᠲᠦᠷᠭᠡᠬᠡᠨ ᠨᠡᠶᠢᠲᠡᠯᠡᠵᠦ᠂ ᠰᠢᠷ᠎ᠠ ᠪᠤᠷᠴᠠᠭ ᠡᠳ᠋ᠰᠢᠭᠦᠯᠬᠦ ᠶᠢᠨ ᠱᠠᠩᠨᠠᠨ | ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ | ᠢᠳᠡᠪᠬᠢᠵᠢᠯ ᠢ ᠰᠠᠶᠢᠲᠤᠷ ᠪᠠᠲᠤᠯᠠᠬᠤ ᠬᠡᠷᠡᠭᠲᠡᠶ᠃ ᠦᠬᠡᠷ ᠬᠤᠨᠢ ᠲᠡᠵᠢᠭᠡᠨ ᠦᠷᠡᠵᠢᠭᠦᠯᠬᠦ ᠵᠡᠷᠭᠡ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠢ ᠨᠢ ᠲᠠᠶᠢᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠶᠢ | ᠰᠢᠮᠳᠠᠭᠤᠯᠤᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠨᠦᠭᠦᠳ ᠤᠨ ᠬᠦᠴᠢᠷ ᠢ ᠲᠤᠭᠤᠯᠬᠤ ᠳᠤ ᠨᠢ | ᠬᠠᠪᠰᠤᠷᠤᠯᠭ᠎ᠠ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ︽ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ ︵ᠵᠠᠰᠠᠪᠤᠷᠢ | ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ ᠦᠷᠡᠭᠳᠡᠭᠰᠡᠨ ᠪᠠᠭᠠᠲᠤᠷᠴᠤᠳ ᠢ ᠮᠠᠭᠲᠠᠨ | ᠰᠠᠶᠢᠰᠢᠶᠠᠬᠤ ᠪᠠᠨ ᠴᠢᠩᠭᠠᠳᠬᠠᠬᠤ ᠨᠢ ᠨᠠᠮ ᠪᠣᠯᠤᠨ ᠤᠯᠤᠰ ᠠᠴᠠ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠᠨ ᠢᠯᠡᠷᠡᠭᠦᠯᠵᠦ | ᠪᠠᠶᠢᠨ᠎ᠠ᠃ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ | ᠬᠢᠵᠦ᠂ ᠠᠮᠢᠳᠤᠷᠠᠯ ᠤᠨ ᠲᠠᠯ᠎ᠠ ᠪᠠᠷ᠂ ᠠᠵᠢᠯ ᠤᠨ ᠲᠠᠯ᠎ᠠ ᠪᠠᠷ ᠨᠡᠩ ᠢᠯᠡᠭᠦᠦ ᠠᠩᠬᠠᠷᠤᠨ ᠬᠠᠯᠠᠮᠵᠢᠯᠠᠵᠤ᠂ ᠪᠣᠳᠠᠲᠠᠢ | ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠪᠡᠯᠡᠳᠬᠡᠮᠵᠢ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠪᠢᠰᠬᠠᠯ ᠤᠨ ᠬᠤᠪᠣᠷ ᠨᠠᠨᠳᠢᠨ ᠡᠬᠢ | ᠪᠠᠶᠠᠯᠢᠭ ᠤᠳ ᠢ ᠰᠠᠶᠢᠲᠤᠷ ᠠᠰᠢᠭᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ | ᠳᠠᠶᠠᠭᠠᠷ ᠲᠤ ᠪᠠᠭᠠᠲᠤᠷᠴᠤᠳ ᠢ ᠬᠦᠨᠳᠦᠳᠬᠡᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠭᠦᠨ ᠵᠤᠵᠠᠭᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ︽ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠤᠶᠠᠷ ᠬᠡᠷᠡᠭᠯᠡᠭᠡᠨ ᠤ | ᠪᠠᠷᠠᠭ᠎ᠠ ᠵᠦᠢᠯᠡᠰ ᠢ ᠭᠠᠲᠠᠭᠠᠲᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ ︵ᠲᠦᠰᠦᠯ︶︾ ᠢ ᠬᠢᠨᠠᠨ | ᠵᠦᠪᠯᠡᠵᠦ ᠪᠠᠲᠤᠯᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |