ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠤᠯᠤᠰ ᠤᠨ 9 ᠳᠠᠬᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠤᠷᠪᠠᠳᠤᠭᠠᠷ ᠤᠳᠠᠭᠠᠨ ᠤ ᠬᠠᠮᠲᠤ ᠳᠤ ᠪᠠᠨ ᠬᠢᠴᠢᠶᠡᠯ ᠪᠡᠯᠡᠳᠬᠡᠬᠦ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/9/24
      9 ᠳ᠋ᠦ᠋ᠭᠡᠷ ᠰᠠᠷ᠎ᠠ ᠶᠢᠨ 22 ᠤᠨ ᠡᠳᠦᠷ᠂ 9 ᠳᠠᠬᠢ ᠪᠦᠬᠦ ᠤᠯᠤᠰ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠤᠷᠪᠠᠳᠤᠭᠠᠷ ᠤᠳᠠᠭᠠᠨ ᠤ ᠬᠢᠴᠢᠶᠡᠯ ᠪᠡᠯᠡᠳᠬᠡᠬᠦ ᠬᠤᠷᠠᠯ ᠢ ᠬᠥᠬᠡᠬᠤᠲᠠ ᠳᠤ ᠶᠠᠪᠤᠭᠳᠠᠭᠤᠯᠪᠠ᠃ ᠤᠯᠤᠰ ᠤᠨ ᠨᠢᠳᠦᠨ ᠬᠠᠷᠠᠭᠠᠨ ᠤ ᠭᠡᠷᠡᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ  ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠠᠷᠤᠭ᠎ᠠ ᠴᠢᠦᠢ ᠵᠢᠶᠠ ᠫᠷᠤᠹᠧᠰᠰᠤᠷ ᠵᠡᠷᠭᠡ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠨᠠᠷ ᠢ ᠤᠷᠢᠨ ᠬᠢᠴᠢᠶᠡᠯ  ᠣᠷᠣᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠡᠮᠴᠢᠯᠡᠭᠡ ᠰᠤᠷᠭᠠᠨ ᠬᠥᠮᠦᠵᠢᠯ ᠢ ᠠᠭᠤᠰᠬᠠᠬᠤ ᠵᠡᠷᠭᠡ ᠲᠠᠯ᠎ᠠ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠡᠷᠢᠭᠦᠨ ᠤ ᠲᠤᠷᠰᠢᠯᠭ᠎ᠠ  ᠪᠠᠨ ᠬᠤᠪᠢᠶᠠᠯᠴᠠᠪᠠ᠃

1.webp.png

2.webp.png

      ᠬᠤᠷᠠᠯ ᠳᠡᠭᠡᠷ᠎ᠡ᠂ ᠣᠶᠢᠷ᠎ᠠ ᠶᠢᠨ ᠵᠢᠯ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ

ᠱᠠᠲᠤᠴᠢ ᠴᠢᠨᠠᠷᠲᠠᠢ ᠦᠷ᠎ᠡ ᠪᠦᠲᠦᠭᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ᠤᠬᠠᠭᠤᠯᠤᠨ

ᠲᠠᠶᠢᠯᠪᠤᠷᠢᠯᠠᠬᠤ ᠪᠦᠯᠬᠦᠮ ᠤᠨ 2024 ᠣᠨ ᠤ ᠤᠬᠠᠭᠤᠯᠤᠨ ᠲᠠᠶᠢᠯᠪᠤᠷᠢᠯᠠᠬᠤ ᠠᠵᠢᠯ ᠳᠤ ᠱᠠᠭᠠᠷᠳᠠᠯᠭ᠎ᠠ 

ᠳᠤᠷᠠᠳᠤᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠢ ᠬᠡᠦᠬᠡᠳ ᠵᠠᠯᠠᠭᠤᠴᠤᠳ ᠪᠠᠭᠠᠴᠤᠳ ᠤᠨ

ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂

ᠤᠬᠠᠭᠤᠯᠤᠨ ᠲᠠᠶᠢᠯᠪᠤᠷᠢᠯᠠᠬᠤ ᠪᠣᠷᠣ ᠮᠠᠲ᠋ᠧᠷᠢᠶᠠᠯ ᠢ ᠨᠠᠷᠢᠨ ᠨᠢᠮᠪᠠᠢ ᠪᠣᠯᠪᠠᠰᠤᠷᠠᠭᠤᠯᠵᠤ᠂ ᠤᠬᠠᠭᠤᠯᠤᠨ

ᠲᠠᠶᠢᠯᠪᠤᠷᠢᠯᠠᠬᠤ ᠪᠦᠯᠬᠦᠮ ᠤᠨ ᠲᠤᠰᠬᠠᠢ ᠮᠡᠷᠭᠡᠵᠢᠯ ᠤᠨ ᠬᠥᠲᠥᠯᠥᠨ ᠳᠠᠭᠠᠭᠤᠯᠬᠤ᠂ ᠲᠥᠷᠥ ᠶᠢᠨ ᠪᠣᠳᠣᠯᠭ᠎ᠠ ᠶᠢ

ᠳᠡᠯᠭᠡᠷᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠦᠢᠯᠡᠳᠦᠯ ᠢ ᠦᠨᠡᠨ ᠬᠦ

ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ

ᠰᠤᠷᠭᠠᠨ ᠬᠥᠮᠦᠵᠢᠯ᠂ ᠡᠮ ᠡᠮᠨᠡᠯᠭᠡ᠂ ᠡᠪᠡᠳᠴᠢᠨ ᠡᠮᠭᠡᠭ  ᠢ ᠰᠡᠷᠭᠡᠶᠢᠯᠡᠨ ᠡᠵᠡᠮᠳᠡᠬᠦ ᠵᠡᠷᠭᠡ ᠠᠳᠠᠯᠢ ᠪᠤᠰᠤ

ᠬᠠᠷᠠᠭᠠᠰᠤ ᠠᠴᠠ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ ᠤᠨ ᠲᠤᠷᠰᠢᠯᠭ᠎ᠠ ᠪᠠᠨ ᠰᠣᠯᠢᠯᠴᠠᠨ

ᠬᠤᠪᠢᠶᠠᠯᠴᠠᠵᠤ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠤᠨ ᠲᠠᠶᠢᠯᠪᠤᠷᠢᠯᠠᠬᠤ ᠰᠢᠨ᠎ᠡ

ᠰᠡᠳᠬᠢᠮᠵᠢ ᠪᠠᠨ ᠠᠭᠤᠵᠢᠷᠠᠲᠠᠯ᠎ᠠ ᠶᠠᠷᠢᠯᠴᠠᠪᠠ᠃

 

3.png

      ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠡᠦᠬᠡᠳ

ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠶᠢ ᠰᠤᠷᠤᠭᠴᠢᠳ ᠤᠨ ᠪᠦᠬᠦ ᠲᠠᠯ᠎ᠠ ᠶᠢᠨ

ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠨ ᠠᠳᠬᠤᠵᠤ᠂ ᠰᠤᠷᠭᠠᠨ ᠬᠥᠮᠦᠵᠢᠯ ᠤᠨ

ᠶᠠᠮᠤᠨ ᠵᠡᠷᠭᠡ ᠨᠠᠢᠮᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠬᠡᠦᠬᠡᠳ ᠵᠠᠯᠠᠭᠤᠴᠤᠳ ᠪᠠᠭᠠᠴᠤᠳ ᠤᠨ

ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ ᠲᠥᠰᠦᠯ ᠤᠨ ᠮᠡᠳᠡᠭᠳᠡᠯ︾ ᠤᠨ

ᠱᠠᠭᠠᠷᠳᠠᠯᠭ᠎ᠠ ᠶᠣᠰᠣᠭᠠᠷ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠠᠨᠳᠤᠯᠭᠠᠲᠤ ᠴᠢᠨᠠᠷᠲᠠᠢ ᠦᠷ᠎ᠡ

ᠪᠦᠲᠦᠮᠵᠢ ᠣᠯᠪᠠ᠃ 2023 ᠣᠨ ᠳᠤ ᠪᠦᠬᠦ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠶᠡᠷᠦᠩᠬᠡᠢ

ᠣᠶᠢᠷ᠎ᠠ ᠬᠠᠷᠠᠭ᠎ᠠ ᠶᠢᠨ ᠨᠣᠷᠮ᠎ᠠ 53.99% ᠬᠦᠷᠴᠦ᠂ 2022 ᠣᠨ ᠤ ᠬᠢ ᠠᠴᠠ ᠵᠠᠭᠤᠨ ᠤ 0.71 ᠪᠠᠷ

ᠪᠠᠭᠤᠷᠠᠪᠠ᠃ ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠲᠤᠰᠬᠠᠢ

ᠮᠡᠷᠭᠡᠵᠢᠯᠲᠡᠨ ᠬᠥᠲᠥᠯᠥᠨ ᠳᠠᠭᠠᠭᠤᠯᠬᠤ᠂ ᠰᠤᠷᠭᠠᠭᠤᠯᠢ ᠰᠤᠷᠭᠠᠨ ᠬᠥᠮᠥᠵᠢᠭᠦᠯᠬᠦ᠂ ᠭᠡᠷ ᠪᠦᠯᠢ ᠠᠩᠬᠠᠷᠤᠯ

ᠬᠠᠨᠳᠤᠭᠤᠯᠬᠤ︾ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠳᠣᠭᠲᠠᠯᠴᠠᠭ᠎ᠠ ᠶᠢ ᠦᠷᠭᠦᠯᠵᠢᠯᠡᠨ ᠠᠬᠢᠭᠤᠯᠵᠤ᠂

ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ᠂

ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠦᠢᠯᠡᠳᠦᠯ ᠢ ᠪᠠᠳᠠᠷᠠᠭᠤᠯᠵᠤ᠂ ᠬᠡᠦᠬᠡᠳ

ᠵᠠᠯᠠᠭᠤᠴᠤᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃

   

4.webp.png

  

5.webp.png

      ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ

ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ

ᠪᠦᠷᠢᠯᠳᠦᠬᠦᠨ ᠵᠢᠴᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠳᠣᠪᠴᠢᠶᠠᠨ ᠤ ᠣᠶᠢᠷ᠎ᠠ ᠬᠠᠷᠠᠭ᠎ᠠ ᠶᠢ

ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠠᠨ ᠠᠬᠤᠢ ᠲᠠᠯᠠᠪᠠᠢ ᠳᠤ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map