ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ᠂ ᠤᠮᠠᠷᠠᠲᠤ ᠬᠢᠯᠢ ᠪᠠᠨ ᠬᠠᠮᠲᠤ ᠪᠠᠷ ᠰᠠᠬᠢᠨ ᠬᠠᠮᠠᠭᠠᠯᠠᠶ᠎ᠠ︾ ᠭᠡᠬᠦ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠴᠡᠷᠢᠭ ᠤᠨ ᠬᠤᠸᠠᠷᠠᠨ ᠳᠤ ᠣᠷᠣᠬᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/9/27
      9 ᠰᠠᠷ᠎ᠠ ᠶᠢᠨ 21 - 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠡᠬᠢᠯᠡᠭᠦᠯᠵᠦ᠂ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ᠂ ᠤᠮᠠᠷᠠᠲᠤ ᠬᠢᠯᠢ ᠪᠠᠨ ᠬᠠᠮᠲᠤ ᠪᠠᠷ ᠰᠠᠬᠢᠨ ᠬᠠᠮᠠᠭᠠᠯᠠᠶ᠎ᠠ︾ ᠭᠡᠬᠦ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠴᠡᠷᠢᠭ ᠤᠨ ᠬᠤᠸᠠᠷᠠᠨ ᠳᠤ ᠣᠷᠣᠬᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠡᠷᠭᠡ ᠪᠠᠷ ᠵᠣᠬᠢᠶᠠᠨ ᠪᠠᠶᠢᠭᠤᠯᠪᠠ᠃

1.png

      ᠡᠨᠡ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ  ᠠᠴᠠ ᠭᠤᠣᠯᠯᠠᠨ ᠡᠷᠬᠢᠯᠡᠵᠦ᠂

ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂

ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ

ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠢᠷᠡᠭᠰᠡᠨ ᠪᠠᠭᠰᠢ ᠰᠤᠷᠤᠭᠴᠢᠳ ᠤᠯᠤᠰ ᠢᠶᠠᠨ

ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ

ᠵᠣᠷᠢᠭᠤᠯᠬᠤ ᠪᠠᠷ ᠰᠡᠳᠦᠪᠯᠡᠭᠰᠡᠨ ᠤᠷᠠᠯᠢᠭ ᠤᠨ ᠪᠦᠲᠦᠭᠡᠯ ᠢ ᠴᠡᠷᠢᠭ ᠤᠨ ᠬᠤᠸᠠᠷᠠᠨ ᠳᠤ ᠠᠪᠴᠢᠷᠠᠵᠤ᠂ ᠬᠢᠯᠢ

ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ ᠳᠠᠷᠤᠭ᠎ᠠ ᠪᠠᠶᠢᠯᠳᠤᠭᠴᠢᠳ  ᠤᠨ ᠤᠯᠤᠰ ᠣᠷᠣᠨ ᠢᠶᠠᠨ ᠬᠠᠮᠠᠭᠠᠯᠠᠵᠤ᠂

ᠬᠢᠯᠢ ᠶᠢᠨ ᠰᠡᠷᠭᠡᠶᠢᠯᠡᠯᠲᠡ ᠶᠢ ᠪᠠᠬᠢᠵᠢᠭᠦᠯᠵᠦ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠵᠦ ᠪᠠᠶᠢᠭ᠎ᠠ ᠳᠤ

ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠪᠡ᠃

      ᠮᠠᠨ ᠤ ᠣᠷᠣᠨ ᠤ ᠬᠡᠰᠡᠭ ᠶᠡᠭᠡ ᠳᠡᠭᠡᠳᠦ ᠰᠤᠷᠭᠠᠭᠤᠯᠢ ᠶᠢᠨ ᠣᠶᠤᠲᠠᠨ ᠪᠣᠯᠤᠨ ᠳᠥᠷᠪᠡᠳ ᠬᠤᠰᠢᠭᠤᠨ ᠤ

ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠬᠢᠯᠢ ᠶᠢᠨ ᠬᠠᠷᠠᠭᠤᠯ ᠤᠨ ᠭᠠᠵᠠᠷ᠂ ᠴᠡᠷᠢᠭ ᠤᠨ

ᠶᠠᠪᠤᠳᠠᠯ ᠤᠨ ᠲᠠᠯᠠᠪᠤᠷ ᠣᠷᠳᠣᠨ ᠢ ᠲᠣᠭᠤᠷᠢᠨ ᠦᠵᠡᠵᠦ᠂ ᠴᠡᠷᠢᠭ ᠤᠨ ᠬᠤᠸᠠᠷᠠᠨ ᠤ ᠠᠮᠢᠳᠤᠷᠠᠯ ᠳᠤ ᠣᠶᠢᠷᠠᠲᠤᠵᠤ᠂

ᠴᠡᠷᠢᠭ ᠠᠩᠭᠢ ᠶᠢᠨ ᠬᠠᠶᠢᠷ᠎ᠠ ᠰᠡᠳᠬᠢᠯᠭᠡ ᠶᠢ ᠣᠶᠢᠯᠠᠭᠠᠨ᠂ ᠴᠡᠷᠢᠭ ᠤᠨ ᠶᠠᠪᠤᠳᠠᠯ ᠢ ᠪᠡᠶᠡᠴᠢᠯᠡᠨ ᠣᠶᠢᠯᠠᠭᠠᠵᠤ᠂ ᠬᠢᠯᠢ

ᠬᠢᠵᠠᠭᠠᠷ ᠢ ᠬᠠᠮᠠᠭᠠᠯᠠᠵᠤ ᠪᠠᠶᠢᠭ᠎ᠠ ᠳᠠᠷᠤᠭ᠎ᠠ ᠪᠠᠶᠢᠯᠳᠤᠭᠴᠢᠳ ᠲᠠᠢ ᠠᠬᠤᠢ ᠲᠠᠯᠠᠪᠠᠢ ᠳᠤ ᠤᠯᠤᠰ ᠢᠶᠠᠨ ᠬᠠᠮᠠᠭᠠᠯᠠᠵᠤ

ᠬᠢᠯᠢ ᠪᠠᠨ ᠬᠠᠮᠠᠭᠠᠯᠠᠭᠰᠠᠨ ᠦᠯᠢᠭᠡᠷ ᠢ ᠰᠣᠨᠣᠰᠴᠤ ᠬᠤᠪᠢᠶᠠᠯᠴᠠᠪᠠ᠃ ᠨᠡᠶᠢᠭᠡᠮ ᠤᠨ ᠠᠮᠢᠳᠤᠯᠢᠭ ᠦᠢᠯᠡᠳᠦᠯᠭᠡ ᠶᠢ

ᠠᠬᠤᠢ ᠪᠠᠶᠢᠳᠠᠯ ᠳᠤ ᠰᠣᠭᠲᠤᠭᠤᠷᠠᠮ᠎ᠠ ᠬᠡᠯᠪᠡᠷᠢ ᠪᠠᠷ ᠪᠡᠶᠡᠴᠢᠯᠡᠨ ᠣᠶᠢᠯᠠᠭᠠᠬᠤ ᠶᠠᠪᠤᠴᠠ ᠳᠤ᠂ ᠰᠤᠷᠤᠭᠴᠢᠳ

ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂

ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ

ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠪᠡ᠃

ᠡᠭᠦᠨ ᠠᠴᠠ ᠭᠠᠳᠠᠨ᠎ᠠ᠂ ᠪᠠᠭᠰᠢ ᠰᠤᠷᠤᠭᠴᠢᠳ ᠤᠨ ᠲᠥᠯᠥᠭᠡᠯᠡᠭᠴᠢ ᠬᠠᠮᠲᠤ ᠳᠤ ᠪᠠᠨ ︽ᠪᠢ ᠡᠬᠡ ᠤᠯᠤᠰ ᠲᠠᠢ           

 ᠪᠠᠨ︾ ᠭᠡᠬᠦ ᠺᠢᠨᠣ᠋ ᠢ ᠰᠣᠨᠢᠷᠬᠠᠭᠰᠠᠨ ᠤ ᠳᠠᠷᠠᠭ᠎ᠠ᠂ ᠪᠠᠰᠠ ᠳᠥᠷᠪᠡᠳ ᠬᠤᠰᠢᠭᠤᠨ ᠤ ᠬᠤᠪᠢᠯᠭᠠᠨ ᠣᠩᠭᠤᠴᠠ ᠰᠢᠷᠢᠰ

ᠨᠢᠰᠬᠦ  ᠣᠩᠭᠤᠴᠠᠨ ᠤ ᠭᠤᠣᠯ ᠪᠠᠭᠤᠬᠤ ᠲᠠᠯᠠᠪᠠᠢ᠂ ᠬᠤᠪᠢᠯᠭᠠᠨ ᠣᠩᠭᠤᠴᠠ ᠰᠠᠨᠰᠠᠷ ᠤᠨ ᠠᠶᠠᠯᠠᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠣᠷᠳᠣᠨ ᠵᠡᠷᠭᠡ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠢ

ᠲᠣᠭᠤᠷᠢᠨ ᠦᠵᠡᠵᠦ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠢ ᠬᠥᠭᠵᠢᠭᠦᠯᠦᠭᠰᠡᠨ ᠠᠮᠵᠢᠯᠲᠠ ᠶᠢ

ᠪᠡᠶᠡᠴᠢᠯᠡᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠤᠯᠤᠰ ᠤᠨ

ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠪᠠ᠃

      ᠮᠠᠨ ᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ︽ᠪᠦᠬᠦ ᠠᠷᠠᠳ ᠤᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠠᠵᠢᠯᠯᠠᠭ᠎ᠠ ᠳᠤ 2024 ᠣᠨ ᠤ ︽ᠪᠦᠬᠦ ᠠᠷᠠᠳ ᠤᠨ

ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠦᠢᠯᠡᠳᠦᠯᠭᠡ ᠶᠢᠨ

ᠠᠵᠢᠯᠯᠠᠭ᠎ᠠ᠂ ︽ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ︾ ᠪᠦᠬᠦ ᠣᠷᠣᠨ ᠤ ᠤᠶᠤᠲᠠᠳ ᠤᠨ ᠭᠤᠣᠯ

ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠪᠠ ︽ᠵᠠᠯᠠᠭᠤ ᠨᠠᠰᠤᠨ ᠳᠤ ᠪᠠᠨ ᠬᠤᠷᠠᠨ ᠴᠤᠭᠯᠠᠷᠠᠵᠤ  ᠤᠮᠠᠷᠠᠲᠤ

ᠬᠢᠯᠢ ᠪᠠᠨ ᠬᠠᠮᠲᠤ ᠪᠠᠷ ᠰᠠᠬᠢᠨ ᠬᠠᠮᠠᠭᠠᠯᠠᠶ᠎ᠠ︾ ᠭᠡᠬᠦ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ᠂ ᠳᠤᠮᠳᠠᠳᠤ

ᠪᠠᠭ᠎ᠠ ᠰᠤᠷᠭᠠᠭᠤᠯᠢ ᠶᠢᠨ ᠴᠡᠷᠢᠭ ᠤᠨ ᠬᠤᠸᠠᠷᠠᠨ ᠳᠤ ᠣᠷᠣᠬᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠵᠡᠷᠭᠡ

ᠠᠭᠤᠯᠭ᠎ᠠ ᠶᠢ ᠪᠠᠭᠲᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠪᠠᠰᠠ ᠭᠠᠵᠠᠷ ᠣᠷᠣᠨ ᠪᠠ ᠰᠤᠷᠭᠠᠭᠤᠯᠢ ᠶᠢᠨ

ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠷᠢᠰ

ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ

ᠬᠥᠮᠦᠵᠢᠯ ᠢ ᠭᠦᠨᠵᠡᠭᠡᠶᠢᠷᠡᠭᠦᠯᠬᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ

ᠴᠢᠩᠭᠠᠳᠬᠠᠬᠤ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ ᠬᠦᠴᠦᠨ ᠢ ᠨᠢᠭᠲᠠᠷᠠᠭᠤᠯᠬᠤ᠂

ᠰᠤᠷᠤᠭᠴᠢᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠠᠷᠠᠳ ᠤᠨ ᠴᠡᠷᠢᠭ ᠠᠩᠭᠢ ᠶᠢᠨ ᠨᠡᠶᠢᠭᠡᠮ

ᠵᠢᠷᠤᠮ ᠢ ᠬᠠᠶᠢᠷᠠᠯᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠤᠯᠠᠮ ᠨᠢᠭᠡ ᠠᠯᠬᠤᠮ ᠪᠣᠶᠢᠵᠢᠭᠤᠯᠵᠤ᠂ ᠬᠢᠷᠢ

ᠲᠡᠩᠴᠡᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map