ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠠᠬᠢᠭᠤᠯᠰᠤᠭᠠᠢ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠨᠳᠤᠰᠢ ᠶᠢ ᠵᠠᠳᠠᠯᠤᠨ ᠰᠤᠳᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/27
      9 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠳᠤ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠨᠳᠤᠰᠢ ᠶᠢ ᠵᠠᠳᠠᠯᠤᠨ ᠰᠤᠳᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃

1.webp.png

      ᠡᠨᠡ ᠤᠳᠠᠭᠠᠨ ᠤ ᠬᠤᠷᠠᠯ ᠤᠨ ᠵᠣᠷᠢᠯᠲᠠ ᠪᠣᠯ ᠰᠤᠷᠭᠠᠨ ᠬᠥᠮᠦᠵᠢᠯ ᠤᠨ ᠶᠠᠮᠤᠨ ᠤ ᠠᠵᠢᠯ ᠤᠨ

ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠣᠯᠭᠤᠯᠲᠠ ᠶᠢᠨ ᠬᠠᠨᠳᠤᠰᠢ ᠶᠢ

ᠭᠦᠨᠵᠡᠭᠡᠢ ᠵᠠᠳᠠᠯᠤᠨ ᠰᠤᠳᠤᠯᠵᠤ ᠮᠠᠭᠠᠳᠯᠠᠨ᠂ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠢ ᠡᠮᠬᠢᠯᠡᠵᠦ᠂

ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷᠴᠢᠯᠡᠭᠰᠡᠨ

ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠶᠢ ᠠᠬᠢᠭᠤᠯᠬᠤ᠂

ᠲᠡᠭᠦᠰᠦᠭᠰᠡᠳ ᠤᠨ ᠬᠠᠨᠳᠤᠰᠢ ᠶᠢ ᠬᠢᠨᠠᠨ ᠰᠢᠯᠭᠠᠬᠤ ᠶᠢ ᠳᠦᠷᠢᠮᠵᠢᠭᠦᠯᠬᠦ᠂ ᠠᠵᠢᠯ ᠣᠯᠭᠤᠯᠲᠠ ᠶᠢ ᠦᠨᠡᠯᠡᠵᠦ

ᠬᠠᠷᠢᠭᠤ ᠲᠤᠰᠬᠠᠬᠤ ᠶᠢ ᠥᠷᠨᠢᠭᠦᠯᠬᠦ ᠵᠡᠷᠭᠡ ᠲᠠᠯ᠎ᠠ ᠪᠠᠷ ᠠᠵᠢᠯ ᠤᠨ ᠰᠢᠪᠲᠤᠯᠤᠯᠲᠠ ᠶᠢᠨ ᠴᠡᠭ ᠢ ᠣᠨᠣᠪᠴᠢᠲᠠᠢ

ᠡᠷᠢᠵᠦ᠂ ᠨᠠᠩ  ᠬᠠᠨᠳᠤᠯᠭᠠᠲᠤ ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠲᠥᠯᠥᠭᠡ

ᠶᠤᠮ᠃ ᠬᠤᠷᠠᠯ ᠤᠨ ᠬᠤᠭᠤᠴᠠᠭᠠᠨ ᠳᠤ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠠᠵᠢᠯ

ᠣᠯᠭᠤᠬᠤ ᠡᠭᠦᠷᠭᠡ ᠴᠢᠳᠠᠮᠵᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠳᠤ ᠪᠠᠨ 2025 ᠣᠨ ᠤ ᠶᠡᠭᠡ

ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠨᠳᠤᠰᠢ ᠶᠢ ᠰᠣᠯᠢᠯᠴᠠᠵᠤ ᠰᠤᠳᠤᠯᠤᠨ

ᠮᠠᠭᠠᠳᠯᠠᠭᠰᠠᠨ ᠪᠥᠭᠡᠳ ᠲᠤᠰ ᠰᠤᠷᠭᠠᠭᠤᠯᠢ ᠶᠢᠨ ᠢᠶᠠᠨ ᠲᠡᠭᠦᠰᠦᠭᠰᠡᠳ ᠤᠨ ᠢᠷᠡᠯᠲᠡ ᠶᠢᠨ ᠪᠦᠲᠦᠴᠡ᠂ ᠲᠤᠰᠬᠠᠢ

ᠮᠡᠷᠭᠡᠵᠢᠯ ᠤᠨ ᠣᠨᠴᠠᠯᠢᠭ᠂ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠵᠡᠷᠭᠡ ᠪᠠᠶᠢᠳᠠᠯ ᠤᠨ

ᠲᠣᠭᠤᠷᠢᠨ ᠳᠤ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠵᠤ᠂ ᠬᠠᠨᠳᠤᠯᠭᠠᠲᠤ ᠴᠢᠨᠠᠷᠲᠠᠢ ᠠᠵᠢᠯ ᠤᠨ ᠠᠷᠭ᠎ᠠ

ᠬᠡᠮᠵᠢᠶ᠎ᠡ ᠶᠢ ᠵᠡᠷᠭᠡ ᠪᠠᠷ ᠳᠤᠷᠠᠳᠪᠠ᠃ ᠬᠤᠷᠠᠯ ᠳᠡᠭᠡᠷ᠎ᠡ ᠪᠤᠭᠤᠲᠤ ᠬᠤᠲᠠ ᠳᠤ ᠰᠠᠭᠤᠭ᠎ᠠ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠤᠨ ᠲᠥᠯᠥᠭᠡᠯᠡᠭᠴᠢ ᠶᠢ ᠤᠷᠢᠨ ᠶᠠᠷᠢᠯᠴᠠᠬᠤ ᠬᠤᠷᠠᠯ ᠳᠤ ᠣᠷᠣᠯᠴᠠᠭᠤᠯᠵᠤ᠂

ᠲᠡᠭᠦᠰᠦᠭᠰᠡᠳ ᠤᠨ ᠠᠩᠬᠠᠷᠤᠯ ᠬᠠᠨᠳᠤᠭᠤᠯᠵᠤ ᠪᠠᠶᠢᠭ᠎ᠠ ᠠᠵᠢᠯ ᠣᠯᠭᠤᠯᠲᠠ ᠶᠢᠨ ᠬᠠᠨᠳᠤᠰᠢ᠂ ᠠᠵᠢᠯ

ᠣᠯᠭᠤᠯᠲᠠ ᠶᠢᠨ ᠰᠡᠳᠬᠢᠮᠵᠢ ᠶᠢᠨ ᠪᠠᠶᠢᠳᠠᠯ᠂ ᠦᠨᠳᠦᠰᠦᠨ ᠱᠠᠲᠤᠨ ᠤ ᠠᠵᠢᠯ ᠣᠯᠭᠤᠯᠲᠠ᠂ ᠰᠢᠨ᠎ᠡ ᠶᠢ ᠡᠭᠦᠳᠦᠨ

ᠦᠢᠯᠡᠰ ᠪᠤᠰᠬᠠᠬᠤ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃

      ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ

ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ

ᠴᠢᠩᠭᠠᠷᠠᠭᠤᠯᠤᠨ᠂ ᠰᠤᠷᠤᠭᠴᠢᠳ ᠤᠨ ᠠᠵᠢᠯ ᠣᠯᠭᠤᠯᠲᠠ ᠶᠢᠨ ᠦᠵᠡᠯ ᠰᠠᠨᠠᠭ᠎ᠠ ᠶᠢ ᠬᠥᠲᠥᠯᠥᠨ ᠳᠠᠭᠠᠭᠤᠯᠬᠤ᠂

ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠢᠯ ᠣᠯᠭᠤᠵᠤ ᠠᠵᠢᠯᠲᠠᠨ ᠤᠷᠢᠬᠤ᠂

ᠦᠢᠯᠡᠴᠢᠯᠡᠭᠡ ᠶᠢ ᠵᠢᠯᠣᠭᠤᠳᠬᠤ ᠵᠡᠷᠭᠡ ᠠᠵᠢᠯ ᠣᠯᠭᠤᠯᠲᠠ ᠶᠢ ᠠᠬᠢᠭᠤᠯᠬᠤ ᠡᠯ᠎ᠡ ᠵᠦᠢᠯ ᠤᠨ ᠠᠵᠢᠯ ᠢ ᠭᠦᠨᠵᠡᠭᠡᠢ

ᠥᠷᠨᠢᠭᠦᠯᠵᠦ᠂ ᠠᠵᠢᠯ ᠤᠨ ᠡᠷᠴᠢᠮ ᠢᠶᠠᠨ ᠦᠨᠡᠨ ᠬᠦ ᠲᠦᠷᠭᠡᠳᠬᠡᠨ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ

ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ

ᠱᠠᠭᠠᠷᠳᠠᠪᠠ᠃

       

2.webp.png

      ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ

ᠦᠷᠭᠦᠯᠵᠢᠯᠡᠨ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠪᠠᠰᠠ ᠬᠡᠰᠡᠭ ᠳᠡᠭᠡᠳᠦ ᠰᠤᠷᠭᠠᠭᠤᠯᠢ ᠶᠢᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠳᠤᠮᠳᠠᠳᠤ

ᠤᠯᠤᠰ ᠤᠨ ᠬᠤᠶᠠᠳᠤᠭᠠᠷ ᠲᠡᠮᠦᠷᠯᠢᠭ ᠬᠠᠶᠢᠯᠤᠭᠤᠯᠬᠤ ᠪᠥᠯᠦᠭᠯᠡᠯ᠂ ᠮᠧᠩ ᠱᠠᠩ ᠪᠠᠩᠬᠢ ᠶᠢᠨ ᠬᠤᠪᠢ

ᠣᠷᠣᠭᠤᠯᠤᠭᠰᠠᠨ ᠬᠢᠵᠠᠭᠠᠷᠲᠤ ᠺᠣᠮᠫᠠᠨᠢ᠂ ᠶᠢᠨ ᠯᠢ ᠶᠥᠩ ᠼᠢ ︵ᠪᠤᠭᠤᠲᠤ︶ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠥᠪᠯᠡᠷᠡᠭᠦᠯᠦᠨ ᠰᠤᠷᠪᠤᠯᠵᠢᠯᠠᠵᠤ᠂ ᠲᠤᠬᠠᠢ ᠶᠢᠨ ᠭᠠᠵᠠᠷ ᠢ  ᠲᠣᠭᠤᠷᠢᠨ

ᠦᠵᠡᠬᠦ᠂ ᠶᠠᠷᠢᠯᠴᠠᠵᠤ ᠰᠣᠯᠢᠯᠴᠠᠬᠤ ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ

ᠨᠢᠭᠡ ᠠᠯᠬᠤᠮ ᠢᠯᠡᠷᠡᠭᠦᠯᠵᠦ᠂ ᠬᠥᠮᠦᠨ ᠬᠡᠷᠡᠭᠯᠡᠬᠦ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠳᠤ ᠲᠠᠯᠪᠢᠭᠰᠠᠨ ᠰᠠᠨᠠᠯ ᠪᠠ ᠰᠠᠨᠠᠭᠤᠯᠭ᠎ᠠ ᠶᠢ

ᠴᠤᠭᠯᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠢ

ᠵᠣᠯᠭᠠᠭᠤᠯᠬᠤ ᠶᠢ ᠪᠦᠲᠦᠮᠵᠢᠲᠡᠢ ᠠᠬᠢᠭᠤᠯᠪᠠ᠃

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠨᠡᠩ ᠲᠣᠪᠤᠶᠢᠮ᠎ᠠ

ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂

ᠠᠵᠢᠯ ᠤᠨ ᠪᠠᠶᠢᠷᠢ ᠶᠢᠨ ᠡᠬᠢ ᠪᠠᠶᠠᠯᠢᠭ ᠢ ᠥᠷᠭᠡᠳᠬᠡᠨ᠂ ᠲᠣᠭᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ  ᠶᠢ

ᠴᠢᠩᠭᠠᠷᠠᠭᠤᠯᠵᠤ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ  ᠶᠢ ᠤᠯᠠᠮ ᠨᠢᠭᠡ ᠠᠯᠬᠤᠮ

ᠪᠠᠳᠠᠷᠠᠭᠤᠯᠤᠨ᠂ ᠤᠶᠤᠲᠠᠳ ᠢ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠶᠤᠲᠠᠳ ᠤᠨ

ᠠᠵᠢᠯ ᠣᠯᠭᠤᠯᠲᠠ ᠶᠢ ᠵᠢᠯᠣᠭᠤᠳᠬᠤ ᠬᠢᠴᠢᠶᠡᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂

ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠡᠭᠦᠰᠦᠭᠰᠡᠳ ᠢ ᠪᠦᠬᠦ ᠬᠦᠴᠦᠨ ᠢᠶᠠᠷ ᠢᠶᠠᠨ ᠬᠠᠪᠰᠤᠷᠤᠨ

ᠴᠢᠨᠠᠷᠯᠢᠭ ᠭᠦᠢᠴᠡᠳ ᠠᠵᠢᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠬᠥᠭᠵᠢᠯᠲᠡ ᠳᠤ ᠨᠡᠩ ᠣᠯᠠᠨ

ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map