ᠪᠦᠬᠦ ᠣᠷᠣᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠠᠭᠤᠷᠢᠶᠠᠯ ᠦᠵᠡᠭᠦᠯᠬᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2024/9/27
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 23 - 26 ᠤ ᠡᠳᠦᠷ᠂ ᠪᠦᠬᠦ ᠣᠷᠣᠨ  ᠤ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠠᠭᠤᠷᠢᠶᠠᠯ ᠦᠵᠡᠭᠦᠯᠬᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠡᠨᠡ ᠤᠳᠠᠭᠠᠨ ᠤ ᠪᠣᠯᠪᠠᠰᠤᠷᠠᠯ ᠤᠨ ᠠᠩᠭᠢ ᠪᠣᠯ ᠰᠤᠷᠭᠠᠨ ᠬᠥᠮᠦᠵᠢᠯ ᠤᠨ ᠰᠢᠰᠲ᠋ᠧᠮ ᠤᠨ ᠰᠢᠷᠢᠰ ᠺᠠᠳ᠋ᠷ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠩᠭᠢ ᠶᠢᠨ ᠨᠢᠭᠡ ᠪᠣᠯᠤᠨ᠎ᠠ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠯᠤᠰ ᠲᠥᠷᠥ ᠶᠢᠨ ᠴᠢᠳᠠᠪᠤᠷᠢ ᠪᠠ ᠨᠠᠮ ᠤᠨ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠣᠭᠤᠷᠢᠨ ᠳᠤ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠤᠰᠬᠠᠢ ᠰᠡᠳᠦᠪᠲᠦ ᠮᠡᠳᠡᠭᠦᠯᠦᠯᠲᠡ᠂ ᠦᠢᠯᠡᠳᠦᠯᠭᠡ ᠶᠢᠨ ᠵᠢᠭᠠᠨ ᠰᠤᠷᠭᠠᠯᠲᠠ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠵᠢᠭᠠᠨ ᠰᠤᠷᠭᠠᠯᠲᠠ ᠶᠢᠨ ᠭᠤᠭᠴᠤᠭ᠎ᠠ ᠶᠢ          ᠨᠠᠷᠢᠨ ᠨᠢᠮᠪᠠᠢ ᠲᠥᠯᠥᠪᠯᠡᠵᠦ᠂ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃ ᠣᠷᠣᠨ ᠤ ᠳᠣᠲᠤᠨ᠎ᠠ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠵᠠᠮ ᠢ ᠬᠠᠶᠢᠨ ᠰᠦᠪᠡᠭᠴᠢᠯᠡᠬᠦ᠂ ᠰᠤᠷᠭᠠᠭᠤᠯᠢ ᠶᠢᠨ ᠬᠦᠷᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠬᠠᠮᠢᠶᠠᠷᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠃      ᠪᠣᠯᠪᠠᠰᠤᠷᠠᠯ ᠤᠨ ᠠᠩᠭᠢ ᠶᠢ ᠥᠪᠥᠷ ᠮᠣᠩᠭᠤᠯ ᠤᠨ ᠬᠤᠩ ᠳ᠋ᠧ ᠨᠡᠶᠢᠭᠡᠮ ᠤᠨ ᠰᠢᠨᠵᠢᠯᠡᠬᠦ ᠤᠬᠠᠭᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠵᠦ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠠᠷᠠᠳ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠠᠷᠠᠳ ᠠᠴᠠ ᠡᠷᠬᠢᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 60 ᠬᠥᠮᠦᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map