ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠲᠠᠳ ᠤᠨ ᠲᠣᠭᠤᠷᠢᠨ ᠠᠶᠢᠯᠴᠢᠯᠠᠬᠤ ᠪᠦᠯᠭᠦᠮ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/27
      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ           ᠮᠥᠩᠭᠦ︾ ᠶᠢᠨ ᠰᠤᠷᠤᠯᠭᠠᠲᠠᠳ ᠤᠨ ᠲᠣᠭᠤᠷᠢᠨ ᠠᠶᠢᠯᠴᠢᠯᠠᠬᠤ ᠪᠦᠯᠭᠦᠮ ᠤᠨ ᠬᠢᠨ ᠲᠠᠢ ᠠᠭᠤᠯᠵᠠᠪᠠ᠃ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠭᠤᠯᠢ ᠶᠢᠨ ᠳᠡᠳ᠋ ᠵᠠᠬᠢᠷᠤᠯ ᠹᠠᠩ ᠹᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠣᠷᠣᠯᠴᠠᠪᠠ᠃

6386276957059438361441360.jpg

      ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠷᠠᠳ ᠤᠨ ᠵᠠᠰᠠᠭ ᠤᠨ

ᠣᠷᠳᠣᠨ ᠤ ᠡᠮᠦᠨ᠎ᠡ ᠠᠴᠠ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠲᠠᠳ ᠢ

ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ

ᠪᠠᠶᠢᠭᠤᠯᠤᠭᠳᠠᠭᠰᠠᠨ 77 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ

ᠳᠣᠣᠷ᠎ᠠ ᠲᠡᠭᠷᠢ ᠭᠠᠵᠠᠷ  ᠢ ᠳᠣᠩᠰᠣᠯᠭᠠᠮ᠎ᠠ ᠬᠤᠪᠢᠷᠠᠯᠲᠠ ᠭᠠᠷᠴᠤ᠂ ᠠᠵᠤ ᠠᠬᠤᠢ ᠬᠥᠭᠵᠢᠭᠰᠡᠨ᠂

ᠦᠨᠳᠦᠰᠦᠲᠡᠨ ᠨᠦᠭᠦᠳ ᠪᠦᠯᠬᠦᠮᠳᠡᠭᠰᠡᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠤᠷᠳᠤ

ᠬᠤᠭᠤᠴᠠᠭ᠎ᠠ ᠪᠠᠷ ᠪᠠᠲᠤᠯᠠᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ

ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠵᠤ᠂ ᠪᠢᠳᠡᠨ ᠢ

︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠰᠠᠶᠢᠲᠤᠷ ᠪᠦᠲᠦᠭᠡᠨ

ᠪᠠᠶᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠬᠤ

ᠬᠡᠷᠡᠭᠲᠡᠢ ᠭᠡᠵᠦ ᠱᠠᠭᠠᠷᠳᠠᠪᠠ᠃ ᠰᠤᠷᠤᠯᠭᠠᠲᠠᠳ ᠤᠨ ᠣᠯᠵᠤ ᠬᠠᠷᠠᠭᠰᠠᠨ ᠥᠪᠥᠷ ᠮᠣᠩᠭᠤᠯ ᠤᠨ ᠬᠥᠭᠵᠢᠯᠲᠡ ᠶᠢᠨ

ᠠᠮᠵᠢᠯᠲᠠ ᠪᠦᠲᠦᠮᠵᠢ ᠶᠢ ᠪᠣᠯ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠶᠡᠷᠦᠩᠬᠡᠢ

ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠳᠣᠣᠷ᠎ᠠ ᠣᠯᠣᠭᠰᠠᠨ ᠶᠤᠮ ᠭᠡᠪᠡ᠃ ᠲᠡᠷᠡ᠂ ᠥᠪᠥᠷ ᠮᠣᠩᠭᠤᠯ ᠳᠤ

ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠲᠠᠢ᠂ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ᠂ ᠭᠠᠵᠠᠷ

ᠰᠢᠷᠣᠢ ᠪᠠ ᠰᠠᠯᠬᠢᠨ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠲᠠᠢ ᠪᠠᠶᠢᠵᠤ᠂ ᠨᠡᠭᠦᠷᠡᠰᠦᠨ ᠤ ᠦᠢᠯᠡᠳᠪᠦᠷᠢᠯᠡᠯ᠂

ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ ᠪᠠ ᠦᠨᠢᠶᠡᠨ ᠰᠦ᠂ ᠦᠬᠡᠷ ᠬᠤᠨᠢᠨ ᠮᠢᠬ᠎ᠠ᠂ ᠢᠮᠠᠭᠠᠨ

ᠨᠣᠣᠯᠣᠭᠤᠷ ᠤᠨ ᠭᠠᠷᠤᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ᠂ ᠭᠠᠳᠠᠭᠠᠳᠤ ᠨᠡᠭᠡᠭᠡᠯᠲᠡ ᠶᠠᠭ

ᠪᠦᠭᠦ ᠲᠠᠯ᠎ᠠ ᠪᠠᠷ᠂ ᠥᠨᠳᠥᠷ ᠲᠦᠪᠰᠢᠨ ᠢᠶᠠᠷ ᠠᠬᠢᠵᠤ ᠪᠤᠢ᠃ ᠡᠯ᠎ᠡ ᠰᠤᠷᠤᠯᠭᠠᠲᠠᠳ ᠤᠨ ᠥᠪᠥᠷ ᠮᠣᠩᠭᠤᠯ ᠳᠤ

ᠪᠠᠶᠢᠩᠭᠤ ᠢᠷᠡᠵᠦ᠂ ᠥᠪᠥᠷ ᠮᠣᠩᠭᠤᠯ ᠢ ᠣᠶᠢᠯᠠᠭᠠᠨ᠂ ᠥᠪᠥᠷ ᠮᠣᠩᠭᠤᠯ ᠳᠤ ᠲᠠᠪᠠᠲᠠᠶᠢᠬᠠᠨ ᠵᠢᠭᠤᠯᠴᠢᠯᠠᠵᠤ᠂ ᠥᠪᠥᠷ

ᠮᠣᠩᠭᠤᠯ ᠪᠣᠯᠣᠨ ᠡᠯ᠎ᠡ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠰᠣᠯᠢᠯᠴᠠᠭ᠎ᠠ ᠶᠠᠪᠤᠯᠴᠠᠭ᠎ᠠ ᠶᠢ

ᠢᠳᠡᠪᠬᠢᠲᠡᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠤᠪᠢ ᠵᠠᠶᠠᠭᠠᠨ  ᠤ

ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ ᠸᠠᠩ ᠯᠢ

ᠰᠢᠶᠠ ᠪᠡᠭᠡᠵᠢᠩ ᠶᠡᠭᠡ ᠰᠤᠷᠭᠠᠭᠤᠯᠢ ᠶᠢᠨ ᠬᠢᠨ ᠤ ᠨᠡᠩ ᠤᠯᠠᠨ ᠰᠤᠷᠤᠯᠭᠠᠲᠠᠳ ᠤᠨ ᠠᠵᠢᠯᠯᠠᠭ᠎ᠠ ᠪᠠᠨ ᠥᠪᠥᠷ

ᠮᠣᠩᠭᠤᠯ ᠳᠤ ᠥᠷᠨᠢᠭᠦᠯᠬᠦ ᠶᠢᠨ ᠬᠠᠮᠲᠤ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ

ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠪᠡ᠃

      ᠹᠠᠩ ᠹᠠᠩ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠭᠦᠨ ᠵᠤᠵᠠᠭᠠᠨ ᠡᠬᠢ

ᠰᠤᠷᠪᠤᠯᠵᠢ ᠲᠠᠢ ᠪᠠᠶᠢᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠨᠧᠷᠭᠢ᠂ ᠡᠮᠴᠢᠯᠡᠭᠡ᠂

ᠴᠢᠳᠠᠪᠤᠷᠢᠲᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭ᠎ᠠ ᠨᠢᠭᠲᠠ ᠪᠠᠶᠢᠳᠠᠭ᠃ ᠣᠶᠢᠷ᠎ᠠ ᠶᠢᠨ ᠵᠢᠯ ᠤᠳ ᠲᠤ᠂

ᠥᠪᠥᠷ ᠮᠣᠩᠭᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢ

ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂

ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠯ᠎ᠠ ᠪᠠᠷ ᠶᠡᠷᠦ ᠪᠤᠰᠤ ᠶᠢᠨ ᠠᠮᠵᠢᠯᠲᠠ ᠣᠯᠵᠤ᠂ ᠡᠬᠡ

ᠤᠯᠤᠰ ᠤᠨ ᠤᠮᠠᠷᠠᠲᠤ ᠬᠢᠯᠢ ᠳᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠯ ᠪᠠᠳᠠᠷᠠᠯ ᠢᠶᠠᠷ

ᠪᠢᠯᠬᠠᠮ᠎ᠠ ᠪᠠᠶᠢᠨ᠎ᠠ᠃ ᠡᠯ᠎ᠡ ᠰᠤᠷᠤᠯᠭᠠᠲᠠᠳ ᠡᠨᠡ ᠤᠳᠠᠭ᠎ᠠ ᠶᠢᠨ ᠲᠣᠭᠤᠷᠢᠨ ᠠᠶᠢᠯᠴᠢᠯᠠᠯᠲᠠ ᠪᠠᠷ ᠲᠠᠮᠵᠢᠨ ᠳᠤᠮᠳᠠᠳᠤ

ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠭᠦᠨᠵᠡᠭᠡᠢ ᠣᠶᠢᠯᠠᠭᠠᠵᠤ᠂ ᠥᠪᠥᠷ ᠮᠣᠩᠭᠤᠯ ᠤᠨ

ᠲᠤᠷᠰᠢᠯᠭ᠎ᠠ ᠶᠢ ᠰᠤᠷᠤᠯᠴᠠᠨ ᠬᠤᠪᠢᠶᠠᠯᠴᠠᠵᠤ᠂ ᠲᠤᠰ ᠤᠯᠤᠰ ᠪᠣᠯᠣᠨ ᠳᠤᠮᠳᠠᠳᠤ ᠤᠯᠤᠰ ᠤᠨ ᠨᠡᠩ ᠥᠨᠳᠥᠷ ᠲᠡᠰ

ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ᠂ ᠨᠠᠶᠢᠷᠠᠮᠳᠠᠯ

ᠨᠥᠬᠦᠷᠯᠡᠯ ᠤᠨ ᠰᠠᠶᠢᠨ ᠡᠯᠴᠢ ᠪᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

      ᠰᠤᠷᠤᠯᠭᠠᠲᠠᠳ ᠤᠨ ᠲᠥᠯᠥᠭᠡᠯᠡᠭᠴᠢ ᠭᠦᠯᠠᠶᠢᠳᠧ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠷᠢᠳᠤ ᠡᠮᠦᠨ᠎ᠡ ᠪᠠᠶᠢᠭ᠎ᠠ

ᠦᠭᠡᠢ ᠠᠮᠵᠢᠯᠲᠠ ᠣᠯᠵᠠᠢ᠃ ᠪᠢᠳᠡ ᠡᠨᠡ ᠤᠳᠠᠭ᠎ᠠ ᠥᠪᠥᠷ ᠮᠣᠩᠭᠤᠯ ᠳᠤ ᠲᠣᠭᠤᠷᠢᠨ ᠠᠶᠢᠯᠴᠢᠯᠠᠵᠤ᠂ ᠠᠷᠠᠳ

ᠲᠦᠮᠡᠨ ᠤ ᠡᠶ᠎ᠡ ᠵᠣᠬᠢᠴᠠᠩᠭᠤᠢ ᠠᠮᠤᠷ ᠠᠮᠤᠭᠤᠯᠠᠩ ᠢ ᠣᠯᠵᠤ ᠬᠠᠷᠠᠨ᠂ ᠬᠥᠮᠥᠨ ᠲᠥᠷᠥᠯᠬᠢᠲᠡᠨ ᠪᠣᠯᠣᠨ

ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ ᠪᠠᠶᠢᠬᠤ ᠶᠢ ᠣᠯᠵᠤ ᠬᠠᠷᠠᠨ᠂ ᠠᠵᠤ ᠠᠬᠤᠢ

ᠨᠡᠶᠢᠭᠡᠮ ᠤᠨ ᠬᠥᠭᠵᠢᠯ ᠴᠡᠴᠡᠭᠯᠡᠯ ᠢ ᠣᠯᠵᠤ ᠬᠠᠷᠠᠵᠤ᠂ ᠶᠡᠬᠡᠳᠡ ᠭᠠᠶᠢᠬᠠᠰᠢ ᠠᠯᠳᠠᠪᠠ᠃ ᠳᠤᠮᠳᠠᠳᠤ ᠤᠯᠤᠰ

︽ᠬᠥᠭᠵᠢᠯᠲᠡ︾ ᠶᠢᠨ ᠤᠬᠠᠭᠳᠠᠬᠤᠨ ᠢ ᠳᠠᠭᠢᠨ ᠲᠣᠮᠢᠶᠠᠯᠠᠪᠠ᠂ ᠪᠢᠳᠡ ᠳᠤᠮᠳᠠᠳᠤ ᠤᠯᠤᠰ ᠤᠨ ᠲᠤᠷᠰᠢᠯᠭ᠎ᠠ ᠪᠠᠷ

ᠲᠣᠯᠢ ᠪᠤᠯᠭᠠᠵᠤ᠂ ᠳᠤᠮᠳᠠᠳᠤ ᠤᠯᠤᠰ ᠤᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠮᠠᠨ ᠤ ᠪᠣᠳᠠᠲᠤ

ᠪᠠᠶᠢᠳᠠᠯ ᠳᠠᠭᠠᠨ ᠨᠡᠶᠢᠴᠡᠭᠰᠡᠨ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠦ

ᠢᠯᠡᠳᠬᠡᠪᠡ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map