ᠤᠯᠤᠰ ᠤᠨ ᠪᠠᠶᠠᠷ ᠢᠶᠠᠨ ᠤᠭᠲᠤᠵᠤ ᠤᠭ ᠰᠠᠨᠠᠭ᠎ᠠ ᠢᠶᠠᠨ ᠰᠠᠨᠠᠭᠠᠯᠵᠠᠨᠠᠮ — ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠦᠨᠳᠦᠰᠦᠲᠡᠨ ᠤ ᠳᠠᠭᠤᠯᠠᠯᠲᠤ ᠵᠦᠴᠦᠭᠡ ︽ᠰᠡᠳᠬᠢᠯ ᠤᠨ ᠬᠤᠯᠪᠤᠭ᠎ᠠ︾ ᠶᠢ ᠰᠣᠨᠢᠷᠬᠠᠵᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠡᠭᠦᠷᠭᠡᠯᠡᠯ ᠢᠶᠠᠨ ᠪᠠᠲᠤᠳᠬᠠᠪᠠ
ᠨᠡᠶᠢᠲᠡᠯᠡᠭᠰᠡᠨ ᠴᠠᠭ᠄
2024/9/29
      ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠲᠡᠦᠬᠡ︾ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠥᠷᠭᠡᠨ ᠣᠯᠠᠨ ᠪᠠᠭᠰᠢ ᠰᠤᠷᠤᠭᠴᠢ ᠶᠢ ᠬᠥᠮᠦᠵᠢᠭᠦᠯᠦᠨ ᠵᠢᠯᠣᠭᠤᠳᠴᠤ ᠡᠬᠡ ᠣᠷᠣᠨᠴᠢ ᠦᠵᠡᠯ ᠰᠡᠳᠬᠢᠯᠭᠡ ᠶᠢ ᠵᠤᠵᠠᠭᠠᠳᠬᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠲᠤᠷᠠᠨ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ ᠲᠢᠶᠠᠨᠵᠢᠨ ᠤ ᠳᠠᠭᠤᠤ ᠬᠥᠭᠵᠢᠮ ᠤᠨ ᠳᠡᠭᠡᠳᠦ ᠰᠤᠷᠭᠠᠭᠤᠯᠢ  ᠶᠢᠨ ᠲᠣᠭᠯᠠᠭᠰᠠᠨ ᠦᠨᠳᠦᠰᠦᠲᠡᠨ ᠤ ᠳᠠᠭᠤᠯᠠᠯᠲᠤ ᠵᠦᠴᠦᠭᠡ ︽ᠰᠡᠳᠬᠢᠯ ᠤᠨ ᠬᠤᠯᠪᠤᠭ᠎ᠠ︾ ᠶᠢ ᠰᠣᠨᠢᠷᠬᠠᠭᠤᠯᠪᠠ᠃   

1.webp.png

2.webp.png

     ︽ᠰᠡᠳᠬᠢᠯ ᠤᠨ ᠬᠤᠯᠪᠤᠭ᠎ᠠ︾ ᠪᠣᠯ ᠨᠢᠭᠡᠨ ᠬᠤᠪᠢᠰᠬᠠᠯᠲᠤ ᠰᠣᠩᠭᠤᠳᠠᠭ ᠳᠠᠭᠤᠯᠠᠯᠲᠤ ᠵᠦᠴᠦᠭᠡ ᠮᠥᠨ᠂

ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠢᠶᠠᠷ ᠰᠡᠳᠦᠪᠯᠡᠵᠦ᠂ ᠳᠠᠶᠢᠴᠢᠨ ᠪᠠᠭᠠᠲᠤᠷ ᠬᠤᠸᠠᠩ

ᠵᠢᠢ ᠭᠤᠸᠠᠩ ᠲᠡᠭᠦᠨ ᠤ ᠳᠠᠶᠢᠴᠢᠨ ᠨᠠᠶᠢᠵᠠ ᠨᠠᠷ ᠲᠠᠢ ᠪᠠᠨ ᠰᠣᠯᠣᠩᠭᠤᠰ ᠤᠨ ᠠᠷᠠᠳ ᠲᠦᠮᠡᠨ ᠲᠠᠢ ᠬᠠᠮᠲᠤ

ᠲᠦᠷᠢᠮᠡᠬᠡᠶᠢᠯᠡᠯ ᠢ ᠡᠰᠡᠷᠭᠦᠴᠡᠬᠦ ᠲᠡᠮᠡᠴᠡᠯ ᠤᠨ ᠶᠠᠪᠤᠴᠠ ᠳᠠᠬᠢ ᠠᠷᠢᠭᠤᠨ ᠴᠢᠰᠤᠨ ᠤ ᠪᠠᠷᠢᠯᠳᠤᠯᠭ᠎ᠠ ᠶᠢ ᠲᠡᠦᠬᠡᠨ ᠳᠤ

ᠲᠡᠮᠳᠡᠭᠯᠡᠭᠰᠡᠨ ᠲᠡᠶᠢᠴᠢᠠ ᠨᠥᠬᠦᠷᠯᠡᠯ ᠤᠨ ᠲᠤᠬᠠᠢ ᠶᠠᠷᠢᠵᠤ᠂ ᠬᠤᠪᠢᠰᠬᠠᠯ ᠤᠨ ᠪᠠᠭᠠᠲᠤᠷᠯᠢᠭ ᠦᠵᠡᠯ ᠪᠠ

ᠢᠨᠲ᠋ᠧᠷᠨᠠᠼᠢᠣᠨᠠᠯ  ᠤᠨ ᠦᠵᠡᠯ ᠰᠠᠨᠠᠭ᠎ᠠ ᠶᠢ ᠮᠠᠭᠲᠠᠨ ᠳᠠᠭᠤᠯᠠᠪᠠ᠃

   

3.webp.png

     ᠤᠯᠤᠰ ᠤᠨ ᠤᠷᠠᠯᠢᠭ ᠤᠨ ᠰᠠᠭᠤᠷᠢ ᠮᠥᠩᠭᠦᠨ ᠤ 2024 ᠣᠨ ᠤ ᠤᠯᠠᠮᠵᠢᠯᠠᠨ ᠰᠣᠯᠢᠯᠴᠠᠵᠤ

ᠳᠡᠯᠭᠡᠷᠡᠭᠦᠯᠬᠦ ᠲᠥᠷᠥᠯ ᠵᠦᠢᠯ᠂ ᠰᠤᠷᠭᠠᠨ ᠬᠥᠮᠦᠵᠢᠯ ᠤᠨ ᠶᠠᠮᠤᠨ ᠤ ︽ᠴᠠᠭ ᠦᠶ᠎ᠡ ᠶᠢᠨ ᠰᠢᠨ᠎ᠡ ᠬᠥᠮᠦᠨ ᠤ

ᠰᠦᠭ ᠢ ᠱᠤᠭᠤᠬᠤ ᠢᠨᠵᠧᠨᠧᠷᠢᠩ︾ ᠤᠨ 2024 ᠣᠨ ᠤ ᠶᠡᠭᠡ ᠳᠡᠭᠡᠳᠦ ᠰᠤᠷᠭᠠᠭᠤᠯᠢ ᠶᠢᠨ ᠠᠩᠬᠠᠨ ᠤ

ᠡᠭᠦᠳᠦᠯᠲᠡ ᠶᠢᠨ ᠰᠣᠶᠣᠯ ᠤᠨ ᠰᠢᠯᠢᠳᠡᠭ ᠲᠥᠷᠥᠯ ᠵᠦᠢᠯ ᠪᠣᠯᠤᠭᠰᠠᠨ ᠤ ᠬᠤᠪᠢ ᠳᠤ᠂ ᠲᠤᠰ ᠵᠦᠴᠦᠭᠡ ᠥᠷᠭᠡᠨ

ᠣᠯᠠᠨ ᠪᠠᠭᠰᠢ ᠰᠤᠷᠤᠭᠴᠢ ᠳᠤ ᠡᠬᠡ ᠣᠷᠣᠨᠴᠢ ᠦᠵᠡᠯ ᠰᠠᠨᠠᠭ᠎ᠠ ᠪᠥᠬᠦᠢ ᠤᠯᠤᠰ ᠲᠥᠷᠥ ᠶᠢᠨ ᠠᠮᠢᠳᠤᠯᠢᠭ

ᠬᠢᠴᠢᠶᠡᠯ ᠢ ᠣᠷᠣᠪᠠ᠂ ᠠᠬᠤᠢ ᠲᠠᠯᠠᠪᠠᠢ ᠳᠤ ᠪᠠᠶᠢᠭᠰᠠᠨ ᠰᠤᠷᠤᠭᠴᠢᠳ ᠡᠨᠡ ᠤᠳᠠᠭᠠᠨ ᠤ ᠠᠵᠢᠯᠯᠠᠭ᠎ᠠ ᠪᠠᠷ ᠠᠵᠠ

ᠲᠣᠬᠢᠶᠠᠯ ᠪᠣᠯᠭᠠᠵᠤ᠂ ᠦᠨᠳᠦᠰᠦᠲᠡᠨ ᠤ ᠰᠣᠶᠣᠯ ᠤᠨ ᠮᠡᠳᠡᠯᠭᠡ ᠶᠢ ᠤᠯᠠᠮ ᠨᠢᠭᠡ ᠠᠯᠬᠤᠮ ᠰᠤᠷᠤᠯᠴᠠᠨ ᠣᠶᠢᠯᠠᠭᠠᠵᠤ᠂

ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠢᠳᠡᠪᠬᠢᠲᠡᠢ ᠤᠯᠠᠮᠵᠢᠯᠠᠨ ᠪᠠᠳᠠᠷᠠᠭᠤᠯᠵᠤ᠂

ᠦᠨᠳᠦᠰᠦᠲᠡᠨ ᠤ ᠦᠯᠢᠭᠡᠷ ᠢ ᠰᠠᠶᠢᠲᠤᠷ ᠶᠠᠷᠢᠵᠤ᠂ ᠣᠶᠤᠨ ᠰᠠᠨᠠᠭᠠᠨ ᠤ ᠭᠡᠷ ᠣᠷᠣᠨ ᠢᠶᠠᠨ ᠬᠠᠮᠲᠤ ᠳᠤ ᠪᠠᠨ

ᠴᠣᠭᠴᠠᠯᠠᠨ᠂ ᠪᠣᠳᠠᠲᠤ ᠠᠵᠢᠯᠯᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠨ᠎ᠠ ᠭᠡᠵᠡᠭᠡᠪᠡ᠃

     ︽ᠳᠠᠭᠤᠯᠠᠯᠲᠤ ᠵᠦᠴᠦᠭᠡ ᠳᠠᠬᠢ ᠳᠦᠷᠢ ᠪᠣᠯᠭᠠᠨ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠲᠡᠳᠡᠨ ᠤ

ᠲᠡᠮᠡᠴᠡᠯ ᠪᠠ ᠪᠠᠷᠢᠮᠲᠠᠯᠠᠯ ᠨᠠᠮ᠎ᠠ ᠶᠢ ᠶᠡᠬᠡᠳᠡ ᠵᠣᠷᠢᠭᠵᠢᠭᠤᠯᠪᠠ︾᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ

ᠶᠡᠭᠡ ᠰᠤᠷᠭᠠᠭᠤᠯᠢ ᠶᠢᠨ ᠵᠠᠯᠠᠭᠤ ᠮᠣᠷᠢᠨ ᠬᠤᠭᠤᠷᠴᠢᠨ ᠤ ᠠᠩᠭᠢ ᠶᠢᠨ ᠴᠠᠩ ᠰᠢᠨ ᠢᠦᠢ ︽ᠡᠷᠳᠡᠮ ᠰᠢᠨᠵᠢᠯᠡᠭᠡᠨ ᠤ

ᠰᠤᠳᠤᠯᠭᠠᠨ ᠤ ᠶᠠᠪᠤᠴᠠ ᠳᠤ ᠬᠦᠴᠢᠷ ᠠᠰᠠᠭᠤᠳᠠᠯ ᠲᠤᠯᠭᠠᠷᠠᠭᠰᠠᠨ ᠴᠤ ᠲᠡᠷᠡ᠂ ᠠᠮᠢᠳᠤᠷᠠᠯ ᠤᠨ ᠳᠤᠮᠳᠠ

ᠥᠷᠢᠰᠥᠯᠳᠦᠭᠡᠨ ᠳᠤ ᠤᠴᠠᠷᠠᠭᠰᠠᠨ ᠴᠤ ᠲᠡᠷᠡ᠂ ᠪᠢᠳᠡ ᠵᠦᠴᠦᠭᠡ ᠶᠢᠨ ᠳᠣᠲᠣᠷᠠᠬᠢ ᠬᠥᠮᠦᠰ ᠰᠢᠭ ᠪᠦᠯᠬᠦᠮᠳᠡᠨ

ᠨᠢᠭᠡᠳᠴᠦ᠂ ᠴᠥᠬᠦᠷᠡᠰᠢ ᠦᠭᠡᠢ ᠭᠠᠷᠮᠠᠭᠠᠶᠢᠯᠠᠬᠤ ᠵᠣᠷᠢᠭ ᠢ ᠪᠠᠷᠢᠮᠲᠠᠯᠠᠳᠠᠭ ᠯᠠ ᠶᠤᠮ ᠪᠣᠯ ᠠᠯᠢᠪᠠ ᠬᠦᠴᠢᠷ

ᠪᠡᠷᠬᠡᠰᠢᠶᠡᠯ ᠢ ᠢᠯᠠᠨ ᠳᠠᠪᠠᠵᠤ᠂ ᠥᠪᠡᠷ ᠤᠨ ᠬᠦᠰᠡᠯ ᠢᠶᠠᠨ ᠪᠡᠶᠡᠯᠡᠭᠦᠯᠵᠦ ᠴᠢᠳᠠᠨ᠎ᠠ᠃ ᠡᠭᠦᠨ ᠤ ᠬᠠᠮᠲᠤ᠂ ᠡᠨᠡ

ᠤᠳᠠᠭᠠᠨ ᠤ ᠲᠣᠭᠯᠠᠯᠲᠠ ᠨᠢ ᠮᠢᠨᠦ ︽ᠵᠠᠯᠠᠭᠤᠴᠤᠳ ᠪᠣᠯ ᠡᠬᠡ ᠤᠯᠤᠰ ᠤᠨ ᠢᠷᠡᠭᠡᠳᠦᠢ ᠮᠥᠨ︾ ᠭᠡᠬᠦ ᠦᠵᠡᠯ ᠢ

ᠴᠢᠩᠭᠠᠷᠠᠭᠤᠯᠵᠤ᠂ ᠡᠩᠬᠡ ᠲᠠᠶᠢᠪᠤᠩ ᠢ ᠪᠢᠳᠡᠨ ᠳᠤ ᠠᠪᠴᠢᠷᠠᠵᠤ ᠥᠭᠭᠦᠭᠰᠡᠨ ᠦᠷᠡᠭᠳᠡᠭᠰᠡᠨ ᠪᠠᠭᠠᠲᠤᠷᠴᠤᠳ ᠲᠤ ᠪᠠᠨ

ᠲᠠᠯᠠᠷᠬᠠᠵᠤ ᠰᠢᠨ᠎ᠡ ᠴᠠᠭ ᠦᠶ᠎ᠡ  ᠶᠢᠨ ᠵᠠᠯᠠᠭᠤᠴᠤᠳ ᠤᠨ ᠡᠭᠦᠷᠭᠡᠯᠡᠯ ᠢ ᠡᠭᠦᠷᠭᠡᠯᠡᠨ᠎ᠡ︾ ᠭᠡᠪᠡ᠃

     ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ

ᠰᠤᠷᠭᠠᠭᠤᠯᠢ ᠶᠢᠨ ᠮᠠᠨᠳᠤᠯ᠎ᠠ᠄ ︽ᠡᠬᠡ ᠤᠯᠤᠰ ᠤᠨ ᠢᠶᠠᠨ ᠲᠥᠯᠥᠭᠡ᠂ ᠰᠠᠶᠢᠨ ᠳᠤᠷ᠎ᠠ ᠶᠢᠨ ᠴᠡᠷᠢᠭ ᠬᠤᠶᠢᠰᠢ

ᠤᠬᠤᠷᠢᠭᠰᠠᠨ ᠦᠭᠡᠢ᠂ ᠡᠨᠡ ᠬᠦ ᠵᠣᠷᠢᠭ ᠰᠠᠨᠠᠭ᠎ᠠ ᠨᠢ ᠬᠥᠮᠦᠰ ᠢ ᠪᠢᠰᠢᠷᠡᠭᠦᠯᠵᠦ᠂ ᠪᠠᠭᠠᠲᠤᠷᠴᠤᠳ ᠪᠠ

ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠲᠤ ᠪᠠᠨ ᠬᠦᠨᠳᠦᠳᠬᠡᠯ ᠳᠡᠪᠰᠢᠭᠦᠯᠦᠨᠡᠮ᠃ ᠪᠠᠭᠠᠴᠤᠳ ᠪᠢᠯᠢᠭ

ᠤᠬᠠᠭᠠᠨ ᠲᠠᠢ ᠪᠣᠯ ᠤᠯᠤᠰ ᠭᠦᠷᠦᠨ ᠮᠡᠷᠭᠡᠨ ᠪᠣᠳᠤᠯᠭ᠎ᠠ ᠲᠠᠢ᠂ ᠪᠠᠭᠠᠴᠤᠳ ᠪᠠᠶᠠᠨ ᠪᠣᠯ ᠤᠯᠤᠰ ᠪᠠᠶᠠᠨ᠂

ᠪᠠᠭᠠᠴᠤᠳ ᠬᠦᠴᠦᠷᠬᠡᠭ ᠪᠣᠯ ᠤᠯᠤᠰ ᠬᠦᠴᠦᠷᠬᠡᠭ᠃ ᠪᠢ ᠡᠬᠡ ᠤᠯᠤᠰ ᠤᠨ ᠵᠠᠯᠠᠭᠤᠴᠤᠳ ᠲᠤ  ᠨᠠᠶᠢᠳᠠᠭᠰᠠᠨ

ᠡᠭᠦᠷᠭᠡ ᠶᠢ ᠡᠭᠦᠷᠭᠡᠯᠡᠵᠦ᠂ ᠤᠯᠤᠰ ᠢᠶᠠᠨ ᠰᠢᠯᠢᠳᠡᠭᠵᠢᠭᠦᠯᠵᠦ᠂ ᠤᠯᠤᠰ ᠢᠶᠠᠨ ᠪᠠᠶᠠᠵᠢᠭᠤᠯᠵᠤ᠂ ᠤᠯᠤᠰ ᠢᠶᠠᠨ

ᠬᠦᠴᠦᠷᠬᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ

ᠬᠦᠰᠡᠯ ᠢ ᠲᠡᠷᠭᠡᠯᠰᠢᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map