2024 ᠣᠨ ᠤ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠬᠦ ᠶᠢ ᠴᠢᠨᠠᠷᠯᠢᠭ ᠬᠥᠭᠵᠢᠭᠦᠯᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
      9 ᠰᠠᠷ᠎ᠠ ᠶᠢᠨ 27-28 ᠤ ᠡᠳᠦᠷ᠂ 2024 ᠣᠨ ᠤ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠬᠦ ᠶᠢ ᠴᠢᠨᠠᠷᠯᠢᠭ ᠬᠥᠭᠵᠢᠭᠦᠯᠬᠦ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠸᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃

1.webp.png

      ᠡᠨᠡ ᠤᠳᠠᠭᠠᠨ ᠤ ᠬᠤᠷᠠᠯ ᠤᠨ ᠵᠣᠷᠢᠯᠲᠠ ᠪᠣᠯ ︽ᠨᠢᠭᠡ ᠪᠦᠰᠡ ᠨᠢᠭᠡ ᠵᠠᠮ︾ ᠤᠨ ᠬᠠᠮᠲᠤ ᠳᠤ ᠪᠠᠨ ᠪᠦᠲᠦᠭᠡᠨ

ᠪᠠᠶᠢᠭᠤᠯᠬᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ

ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠣᠶᠢᠷ᠎ᠠ ᠶᠢᠨ ᠵᠢᠯ ᠠᠴᠠ ᠨᠠᠭᠠᠰᠢᠬᠢ ᠥᠪᠥᠷ

ᠮᠣᠩᠭᠤᠯ ᠤᠨ ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠦᠷ᠎ᠡ ᠪᠦᠲᠦᠭᠡᠯ ᠢ

ᠳᠡᠯᠭᠡᠨ ᠦᠵᠡᠭᠦᠯᠵᠦ᠂ ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠰᠢᠨ᠎ᠡ

ᠲᠠᠪᠴᠠᠩ ᠢ ᠪᠠᠶᠢᠭᠤᠯᠬᠤ ᠶᠢᠨ ᠲᠥᠯᠥᠭᠡ ᠶᠤᠮ᠃ ᠬᠤᠷᠠᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ

ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠶᠠᠷ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠪᠣᠬᠢᠷᠲᠤᠯ

ᠦᠭᠡᠢ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠠᠬᠤᠢ ᠪᠠᠶᠢᠳᠠᠯ ᠳᠠᠬᠢ ᠢᠨᠵᠧᠨᠧᠷᠢᠩ ᠤᠨ ᠰᠤᠷᠭᠠᠨ

ᠬᠥᠮᠦᠵᠢᠯ᠂ ᠰᠢᠷᠣᠢ ᠮᠣᠳᠣᠨ ᠤ ᠢᠨᠵᠧᠨᠧᠷᠢᠩ  ᠤᠨ ᠪᠣᠬᠢᠷᠲᠤᠯ ᠦᠭᠡᠢ ᠬᠥᠭᠵᠢᠯᠲᠡ᠂ ᠬᠥᠮᠦᠰ ᠤᠨ ᠣᠷᠣᠰᠢᠨ

ᠳᠣᠭᠲᠠᠨᠢᠬᠤ ᠣᠷᠴᠢᠨ ᠲᠣᠭᠤᠷᠢᠨ ᠤ ᠦᠷᠭᠦᠯᠵᠢᠯᠡᠬᠦᠶᠢᠴᠡ ᠬᠥᠭᠵᠢᠯᠲᠡ᠂ ᠣᠯᠠᠨ ᠤᠯᠤᠰᠴᠢᠯᠠᠭᠰᠠᠨ ᠴᠢᠳᠠᠪᠤᠷᠢᠲᠠᠨ ᠢ

ᠬᠥᠮᠦᠵᠢᠭᠦᠯᠬᠦ᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠣᠪᠤᠶᠢᠯᠭᠠᠬᠤ︾᠂ ᠠᠵᠢᠯ ᠮᠡᠷᠭᠡᠵᠢᠯ  ᠤᠨ ᠰᠤᠷᠭᠠᠨ

ᠬᠥᠮᠦᠵᠢᠯ ᠤᠨ ᠲᠦᠷᠦᠯ ᠲᠡᠮᠳᠡᠭᠲᠦ ᠶᠢ ᠪᠠᠶᠢᠭᠤᠯᠬᠤ ᠵᠡᠷᠭᠡ ᠬᠦᠷᠢᠶ᠎ᠡ ᠴᠠᠷ᠎ᠠ ᠶᠢᠨ ᠲᠣᠭᠤᠷᠢᠨ ᠳᠤ ᠭᠤᠣᠯ ᠵᠣᠷᠢᠯᠲᠠᠲᠤ

ᠶᠠᠷᠢᠶ᠎ᠠ ᠲᠠᠯᠪᠢᠬᠤ᠂ ᠲᠤᠰᠬᠠᠢ ᠮᠡᠷᠭᠡᠵᠢᠯᠲᠡᠳ ᠴᠤᠭᠯᠠᠭᠠᠨ ᠪᠣᠯᠬᠤ᠂ ᠰᠤᠷᠭᠠᠭᠤᠯᠢ ᠶᠢᠨ ᠵᠠᠬᠢᠷᠤᠯ ᠤᠨ ᠳᠤᠭᠤᠷᠠᠭ

ᠰᠢᠷᠡᠭᠡᠨ ᠤ ᠬᠤᠷᠠᠯ ᠬᠢᠬᠦ ᠵᠡᠷᠭᠡ ᠣᠯᠠᠨ ᠭᠤᠭᠴᠤᠭ᠎ᠠ ᠶᠢ ᠲᠤᠬᠢᠷᠠᠭᠤᠯᠪᠠ᠃ ᠬᠤᠷᠠᠯ ᠳᠤ ᠣᠷᠣᠯᠴᠠᠭᠰᠠᠨ ᠬᠦᠨᠳᠦᠲᠦ

ᠵᠣᠴᠢᠳ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠰᠢᠨ᠎ᠡ

ᠬᠠᠨᠳᠤᠰᠢ᠂ ᠰᠢᠨ᠎ᠡ ᠰᠡᠳᠬᠢᠮᠵᠢ ᠪᠣᠯᠤᠨ ᠰᠢᠨ᠎ᠡ ᠠᠷᠭ᠎ᠠ ᠬᠡᠮᠵᠢᠶ᠎ᠡ ᠵᠢᠴᠢ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ

ᠲᠤᠷᠰᠢᠯᠭ᠎ᠠ ᠪᠣᠯᠤᠨ ᠠᠷᠭ᠎ᠠ ᠪᠠᠷᠢᠯ ᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃

   

2.png

3.webp.png

      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ

ᠲᠤᠰ ᠲᠤᠰ ᠪᠧᠯᠤᠷᠦ᠋ᠰᠢᠶ᠎ᠠ ᠶᠢᠨ ᠭᠤᠮᠧᠯ ᠤᠯᠤᠰ ᠤᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ 3 ᠶᠡᠭᠡ ᠳᠡᠭᠡᠳᠦ

ᠰᠤᠷᠭᠠᠭᠤᠯᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤᠬᠢᠷᠠᠯᠴᠠᠪᠠ᠃ ᠥᠪᠥᠷ ᠮᠣᠩᠭᠤᠯ ᠤᠨ ᠮᠠᠰᠢᠨ ᠴᠠᠬᠢᠯᠭᠠᠨ ᠤ

ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠮᠣᠩᠭᠤᠯ ᠤᠯᠤᠰ ᠤᠨ CITI ᠶᠡᠭᠡ ᠰᠤᠷᠭᠠᠭᠤᠯᠢ ᠵᠡᠷᠭᠡ 4 ᠶᠡᠭᠡ

ᠳᠡᠭᠡᠳᠦ ᠰᠤᠷᠭᠠᠭᠤᠯᠢ ᠲᠠᠢ ᠲᠤᠰ ᠲᠤᠰ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠥᠪᠥᠷ ᠮᠣᠩᠭᠤᠯ ᠤᠨ ᠶᠡᠭᠡ

ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠮᠣᠩᠭᠤᠯ ᠤᠯᠤᠰ ᠤᠨ

ᠤᠯᠤᠰ ᠠᠴᠠ ᠪᠠᠶᠢᠭᠤᠯᠤᠭᠰᠠᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ

ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠪᠠ᠃ ᠬᠤᠷᠠᠯ ᠤᠨ ᠬᠤᠭᠤᠴᠠᠭᠠᠨ ᠳᠤ

︽ᠲᠣᠷᠭᠠᠨ ᠵᠠᠮ ᠤᠮᠠᠷᠠᠲᠤ ᠬᠢᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ︾ ᠪᠠᠶᠢᠭᠤᠯᠬᠤ

ᠶᠣᠰᠣᠯᠠᠯ ᠶᠠᠪᠤᠭᠤᠯᠪᠠ᠃

4.webp.png

5.webp.png

6.webp.png

7.webp.png

      ᠣᠶᠢᠷ᠎ᠠ ᠶᠢᠨ ᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ          

ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ

ᠢᠳᠡᠪᠬᠢᠲᠡᠢ ᠠᠭᠤᠰᠴᠤ᠂ ᠡᠯ᠎ᠡ ᠤᠯᠤᠰ ᠯᠤᠭ᠎ᠠ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ

ᠪᠦᠬᠦ ᠲᠠᠯ᠎ᠠ ᠪᠠᠷ ᠴᠢᠩᠭᠠᠳᠬᠠᠨ᠂ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ ᠪᠠᠶᠢᠷᠢᠰᠢᠯᠠᠭᠤᠯᠤᠯᠲᠠ ᠶᠢ ᠲᠠᠰᠤᠷᠠᠯᠲᠠ

ᠦᠭᠡᠢ ᠥᠷᠭᠡᠳᠬᠡᠪᠡ᠃ ᠣᠳᠣ ᠪᠣᠯᠲᠠᠯ᠎ᠠ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ106 ᠤᠯᠤᠰ          

︵ᠭᠠᠵᠠᠷ ᠣᠷᠣᠨ︶ ᠤᠨ 297 ᠶᠡᠭᠡ ᠰᠤᠷᠭᠠᠭᠤᠯᠢ ︵ᠪᠠᠶᠢᠭᠤᠯᠤᠮᠵᠢ︶ ᠲᠠᠢ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂

2000 ᠭᠠᠷᠤᠢ ᠰᠤᠷᠤᠭᠴᠢ ᠮᠠᠨ ᠤ ᠣᠷᠣᠨ ᠳᠤ ᠢᠷᠡᠵᠦ ᠰᠤᠷᠤᠯᠴᠠᠵᠤ ᠪᠣᠢ᠃ ᠳᠠᠷᠠᠭ᠎ᠠ ᠠᠯᠬᠤᠮ ᠳᠤ᠂ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ︽ᠰᠤᠷᠭᠠᠨ ᠬᠥᠮᠦᠵᠢᠯ ᠢᠶᠠᠷ ᠣᠷᠣᠨ ᠢᠶᠠᠨ

ᠬᠦᠴᠦᠷᠬᠡᠭᠵᠢᠭᠦᠯᠬᠦ︾ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ︽ᠣᠷᠣᠭᠤᠯᠤᠨ ᠠᠪᠴᠢᠷᠠᠬᠤ︾ ᠪᠠ

︽ᠭᠠᠳᠠᠭᠰᠢ ᠭᠠᠷᠭᠠᠬᠤ︾ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠤᠷᠭᠠᠨ

ᠬᠥᠮᠦᠵᠢᠯ ᠤᠨ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠢᠳᠡᠪᠬᠢᠲᠡᠢ ᠠᠬᠢᠭᠤᠯᠤᠨ᠂ ᠥᠪᠥᠷ

ᠮᠣᠩᠭᠤᠯ ᠤᠨ ᠰᠤᠷᠭᠠᠨ ᠬᠥᠮᠦᠵᠢᠯ ᠢ ᠭᠠᠳᠠᠭᠰᠢ ᠨᠡᠭᠡᠭᠡᠬᠦ ᠶᠢ ᠴᠢᠨᠠᠷᠯᠢᠭ ᠬᠥᠭᠵᠢᠭᠦᠯᠬᠦ ᠰᠢᠨ᠎ᠡ ᠬᠠᠭᠤᠳᠠᠰᠤ ᠶᠢ

ᠪᠢᠴᠢᠭᠯᠡᠨ᠎ᠡ᠃

   

8.webp.png

9.webp.png

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠵᠢᠯᠣᠭᠤᠳᠴᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠭᠤᠣᠯᠯᠠᠨ ᠡᠷᠬᠢᠯᠡᠵᠦ᠂ ᠠᠩᠭ᠍ᠯᠢ᠂ ᠢᠰᠫᠠᠨᠢ᠂

ᠣᠷᠣᠰ᠂ ᠪᠧᠯᠦᠷᠦ᠋ᠰᠢᠶ᠎ᠠ᠂ ᠮᠣᠩᠭᠤᠯ ᠤᠯᠤᠰ᠂ ᠢᠨᠳᠣᠨᠧᠰᠢᠶ᠎ᠠ᠂ ᠺᠠᠽᠠᠭᠰᠲ᠋ᠠᠨ᠂ ᠲᠠᠵᠢᠺᠰᠲ᠋ᠠᠨ ᠵᠡᠷᠭᠡ ᠤᠯᠤᠰ ᠤᠨ

ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠤᠰᠬᠠᠢ

ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠨᠡᠶᠢᠭᠡᠮᠯᠢᠭ ᠤᠨ ᠲᠥᠯᠥᠭᠡᠯᠡᠭᠴᠢ 200

ᠭᠠᠷᠤᠢ ᠬᠦᠨᠳᠦᠲᠦ ᠵᠣᠴᠢᠨ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map